ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡᠨ | ᠤ ᠠᠯᠪᠠᠨ ᠭᠡᠷ ᠤᠨ 11 ᠰᠠᠷ᠎ᠠ ᠶᠢᠨ 1 ᠤ ᠡᠳᠦᠷ ᠡᠷᠭᠢᠯᠡᠨ ᠬᠤᠷᠠᠯᠳᠤᠭᠤᠯᠤᠭᠰᠠᠨ ᠰᠣᠨᠢᠨ ᠮᠡᠳᠡᠭᠡ ᠨᠡᠶᠢᠲᠡᠯᠡᠬᠦ | ᠬᠤᠷᠠᠯ ᠠᠴᠠ ᠣᠶᠢᠯᠠᠭᠠᠭᠰᠠᠨ ᠢᠶᠠᠷ᠂ ᠮᠠᠨ ᠤ ᠣᠷᠣᠨ ᠤ 2024 ᠣᠨ ᠤ ᠡᠪᠦᠯ ᠤᠨ ᠤᠯᠠᠷᠢᠯ ᠤᠨ ᠵᠢᠭᠤᠯᠴᠢᠯᠠᠯ | ᠡᠩ ᠤᠨ ᠵᠢᠯ ᠤᠨ ᠬᠢ ᠠᠴᠠ 40 ᠡᠳᠦᠷ ᠤᠷᠢᠳᠴᠢᠯᠠᠨ ᠡᠬᠢᠯᠡᠵᠦ᠂ ︽ᠠᠶᠠᠯᠭᠤᠲᠤ ᠵᠢᠭᠤᠯᠴᠢᠯᠠᠯ ᠥᠪᠥᠷ ᠮᠣᠩᠭᠤᠯ | · ᠪᠠᠶᠠᠷ ᠪᠠᠶᠠᠰᠬᠤᠯᠠᠩᠲᠤ ᠮᠥᠰᠥ ᠴᠠᠰᠤᠨ ᠤ ᠵᠢᠭᠤᠯᠴᠢᠯᠠᠯ︾ ᠤᠨ ᠰᠢᠷᠢᠰ ᠠᠵᠢᠯᠯᠠᠭ᠎ᠠ ᠡᠨᠡ ᠵᠢᠯ ᠤᠨ 11 | ᠰᠠᠷ᠎ᠠ ᠠᠴᠠ ᠢᠷᠡᠬᠦ ᠵᠢᠯ ᠤᠨ 3 ᠰᠠᠷ᠎ᠠ ᠪᠤᠯᠲᠠᠯ᠎ᠠ ᠪᠦᠲᠦᠨ 5 ᠰᠠᠷ᠎ᠠ ᠶᠢᠨ ᠬᠤᠭᠤᠴᠠᠭ᠎ᠠ ᠲᠠᠢ ᠶᠠᠪᠤᠭᠳᠠᠬᠤ ᠪᠣᠯᠣᠨ᠎ᠠ᠃ | | ᠣᠶᠢᠯᠠᠭᠠᠭᠰᠠᠨ ᠢᠶᠠᠷ᠂ ︽ᠠᠶᠠᠯᠭᠤᠲᠤ ᠵᠢᠭᠤᠯᠴᠢᠯᠠᠯ ᠥᠪᠥᠷ ᠮᠣᠩᠭᠤᠯ · ᠪᠠᠶᠠᠷ ᠪᠠᠶᠠᠰᠬᠤᠯᠠᠩᠲᠤ ᠮᠥᠰᠥ | ᠴᠠᠰᠤᠨ ᠤ ᠵᠢᠭᠤᠯᠴᠢᠯᠠᠯ︾ ᠤᠨ ᠰᠢᠷᠢᠰ ᠠᠵᠢᠯᠯᠠᠭ᠎ᠠ ᠨᠢ 3 ᠪᠦᠯᠦᠭ ᠢᠶᠠᠷ ᠪᠦᠷᠢᠯᠳᠦᠪᠡ᠃ ᠨᠢᠭᠡᠳᠦᠭᠡᠷ ᠪᠦᠯᠦᠭ ᠨᠢ | ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠤᠯᠠᠭᠠᠨᠴᠠᠪ ᠬᠤᠲᠠ ᠪᠠᠷ ᠭᠤᠣᠯᠳᠠᠯᠭ᠎ᠠ ᠪᠣᠯᠭᠠᠨ 11 ᠰᠠᠷ᠎ᠠ ᠶᠢᠨ | 7 ᠠᠴᠠ ᠪᠦᠭᠦ ᠣᠷᠣᠨ ᠤ ᠡᠪᠦᠯ ᠤᠨ ᠤᠯᠠᠷᠢᠯ ᠤᠨ ᠵᠢᠭᠤᠯᠴᠢᠯᠠᠯ ᠤᠨ ᠠᠵᠢᠯᠯᠠᠭ᠎ᠠ ᠶᠢ ᠲᠦᠷᠦᠭᠦᠯᠡᠨ ᠡᠬᠢᠯᠡᠭᠦᠯᠦᠨ᠎ᠡ᠃ | ᠡᠭᠦᠨ ᠳᠤ ᠶᠠᠭᠰᠢ ᠬᠤᠳᠠ ᠳᠤ ︽ᠠᠶᠠᠯᠭᠤᠲᠤ ᠵᠢᠭᠤᠯᠴᠢᠯᠠᠯ ᠥᠪᠥᠷ ᠮᠣᠩᠭᠤᠯ · ᠪᠠᠶᠠᠷ ᠪᠠᠶᠠᠰᠬᠤᠯᠠᠩᠲᠤ ᠮᠥᠰᠥ | ᠴᠠᠰᠤᠨ ᠤ ᠵᠢᠭᠤᠯᠴᠢᠯᠠᠯ︾ ᠤᠨ ᠡᠭᠢᠯᠡᠯᠲᠡ ᠶᠢᠨ ᠶᠣᠰᠣᠯᠠᠯ ᠶᠠᠪᠤᠭᠤᠯᠵᠤ᠂ ᠭᠡᠭᠡᠨ ᠭᠤᠣᠯ ᠬᠤᠳᠠ ᠳᠤ ᠠᠷᠪᠠᠨ | ᠨᠢᠭᠡᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠬᠦᠢᠲᠡᠨ ᠤ ᠲᠦᠢᠯ ᠤᠨ ᠨᠠᠶᠢᠷ ᠬᠢᠵᠦ᠂ ᠷᠠᠰᠢᠶᠠᠨ ᠬᠤᠳᠠ ᠳᠤ | ︽ᠲᠤᠮᠤᠭ ᠤᠨ ᠨᠢᠭᠤᠴᠠ ᠣᠷᠣᠨ ᠷᠠᠰᠢᠶᠠᠨ · ᠡᠳᠦᠷ ᠪᠣᠯᠭᠠᠨ ᠮᠥᠰᠥ ᠴᠠᠰᠤᠨ ᠤ ᠨᠠᠶᠢᠷ︾ ᠤᠨ ᠡᠭᠢᠯᠡᠯᠳᠡ ᠶᠢᠨ | ᠶᠣᠰᠣᠯᠠᠯ ᠶᠠᠪᠤᠭᠤᠯᠤᠨ᠎ᠠ᠃ ᠬᠤᠶᠠᠳᠤᠭᠠᠷ ᠪᠦᠯᠦᠭ ᠨᠢ ᠭᠦᠭᠡᠬᠤᠲᠠ᠂ ᠤᠯᠠᠭᠠᠨᠬᠠᠳᠠ ᠬᠤᠲᠠ᠂ ᠪᠤᠭᠤᠲᠤ ᠬᠤᠲᠠ᠂ | ᠣᠷᠳᠣᠰ ᠬᠤᠲᠠ ᠪᠠᠷ ᠭᠤᠣᠯᠳᠠᠯᠭ᠎ᠠ ᠪᠣᠯᠭᠠᠨ 11 ᠰᠠᠷ᠎ᠠ ᠶᠢᠨ 20 ᠠᠴᠠ ᠮᠥᠰᠥ ᠴᠠᠰᠤᠨ ᠤ ᠵᠢᠭᠤᠯᠴᠢᠯᠠᠯ ᠤᠨ | ᠠᠯᠢ ᠣᠯᠠᠨ ᠦᠢᠯᠡᠳᠬᠦᠨ ᠭᠠᠷᠭᠠᠨ᠎ᠠ᠃ ᠡᠭᠦᠨ ᠳᠤ ᠭᠦᠭᠡᠬᠤᠲᠠ ︽ᠠᠶᠠᠯᠭᠤᠲᠤ ᠵᠢᠭᠤᠯᠴᠢᠯᠠᠯ ᠥᠪᠥᠷ ᠮᠣᠩᠭᠤᠯ · | ᠪᠠᠶᠠᠷ ᠪᠠᠶᠠᠰᠬᠤᠯᠠᠩᠲᠤ ᠮᠥᠰᠥ ᠴᠠᠰᠤᠨ ᠤ ᠵᠢᠭᠤᠯᠴᠢᠯᠠᠯ︾ ᠮᠥᠰᠥ ᠴᠠᠰᠤᠨ ᠤ ᠨᠠᠶᠢᠷ᠂ ᠪᠤᠭᠤᠲᠤ ᠬᠤᠲᠠ ︽ | ᠬᠠᠲᠤᠨ ᠭᠤᠣᠯ ᠢ ᠰᠣᠨᠢᠷᠬᠠᠵᠤ ᠪᠤᠭᠤᠲᠤ ᠶᠢᠨ ᠰᠥᠩ ᠬᠠᠯᠢᠶ᠎ᠠ ᠶᠢ ᠰᠣᠨᠢᠷᠬᠠᠶ᠎ᠠ︾ ᠰᠣᠶᠣᠯ ᠵᠢᠭᠤᠯᠴᠢᠯᠠᠯ ᠤᠨ | ᠠᠵᠢᠯᠯᠠᠭ᠎ᠠ ᠥᠷᠨᠢᠭᠦᠯᠵᠦ᠂ ᠣᠷᠳᠣᠰ ᠬᠤᠲᠠ ᠳᠤᠯᠠᠭᠠᠨ ᠬᠤᠲᠠ ᠶᠢᠨ ᠮᠥᠰᠥ ᠴᠠᠰᠤᠨ ᠤ ᠨᠠᠭᠠᠳᠤᠮ᠂ ᠮᠥᠰᠥ | ᠴᠠᠰᠤᠨ ᠤ ᠲᠠᠮᠢᠷ ᠤᠨ ᠬᠥᠳᠡᠯᠭᠡᠭᠡᠨ᠂ ᠪᠢᠴᠢᠯ ᠵᠦᠴᠦᠭᠡ ᠶᠢ ᠲᠠᠭᠠᠨ ᠴᠠᠨᠠᠯᠠᠵᠦ ᠵᠢᠭᠤᠯᠴᠢᠯᠠᠬᠤ ᠵᠡᠷᠭᠡ ᠲᠥᠷᠥᠯ | ᠵᠦᠢᠯ ᠢ ᠭᠤᠣᠯᠳᠠᠯᠭ᠎ᠠ ᠲᠠᠢ ᠡᠷᠭᠢᠯᠡᠨ᠎ᠠ᠃ ᠭᠤᠷᠪᠠᠳᠤᠭᠠᠷ ᠪᠦᠯᠦᠭ ᠲᠤ ᠲᠦᠩᠯᠢᠶᠣᠣ ᠬᠤᠲᠠ᠂ ᠰᠢᠯᠢ ᠶᠢᠨ ᠭᠤᠣᠯ | ᠠᠶᠢᠮᠠᠭ᠂ ᠪᠠᠶᠠᠨᠨᠠᠭᠤᠷ ᠬᠤᠲᠠ᠂ ᠦᠬᠠᠢ ᠬᠤᠲᠠ᠂ ᠠᠯᠠᠱᠠ ᠠᠶᠢᠮᠠᠭ ᠵᠡᠷᠭᠡ 5 ᠠᠶᠢᠮᠠᠭ ᠬᠤᠲᠠ 12 ᠰᠠᠷ᠎ᠠ ᠶᠢᠨ | 1 ᠤ ᠡᠳᠦᠷ ᠠᠴᠠ ᠡᠬᠢᠯᠡᠨ ᠮᠥᠰᠥ ᠴᠠᠰᠤᠨ ᠤ ᠵᠢᠭᠤᠯᠴᠢᠯᠠᠯ ᠤᠨ ᠰᠢᠷᠢᠰ ᠠᠵᠢᠯᠯᠠᠭ᠎ᠠ ᠥᠷᠨᠢᠭᠦᠯᠦᠨ᠎ᠡ᠃ ᠡᠭᠦᠨ ᠳᠤ | ᠲᠦᠩᠯᠢᠶᠣᠣ ᠬᠤᠲᠠ ᠮᠥᠰᠥ ᠴᠠᠰᠤᠨ ᠤ ᠴᠤᠭᠯᠠᠭᠠᠨ ᠡᠷᠭᠢᠯᠡᠵᠦ᠂ ᠰᠢᠯᠢ ᠶᠢᠨ ᠭᠤᠣᠯ ᠠᠶᠢᠮᠠᠭ ᠡᠪᠦᠯ ᠤᠨ | ᠤᠯᠠᠷᠢᠯ ᠤᠨ ᠮᠥᠰᠥᠨ ᠳᠡᠭᠡᠷᠡᠬᠢ ᠯᠤᠤᠲᠤ ᠣᠩᠭᠤᠴᠠ ᠪᠠ ᠬᠤᠯᠠᠨ ᠰᠢᠷᠭ᠎ᠠ ᠲᠠᠭ᠎ᠠ ᠶᠢᠨ ᠡᠯᠡᠰᠦᠨ ᠴᠥᠯ ᠢ | ᠳᠤᠭᠤᠯᠬᠤ ᠠᠵᠢᠯᠯᠠᠭ᠎ᠠ ᠡᠷᠭᠢᠯᠡᠨ᠎ᠠ᠃ ᠪᠠᠶᠠᠨᠨᠠᠭᠤᠷ ᠬᠤᠲᠠ ︽ᠮᠥᠰᠥᠲᠦ ᠳᠡᠯᠡᠬᠡᠢ ᠪᠣᠷᠣᠳᠣᠬᠤᠢ ᠴᠠᠰᠤᠲᠤ ᠠᠭᠤᠯᠠ | ᠮᠤᠨᠢ︾ ᠮᠥᠰᠥ ᠴᠠᠰᠤᠨ ᠤ ᠵᠢᠭᠤᠯᠴᠢᠯᠠᠯ ᠤᠨ ᠪᠠᠶᠠᠯᠢᠭ ᠰᠠᠶᠢᠬᠠᠨ ᠠᠵᠢᠯᠯᠠᠭ᠎ᠠ ᠥᠷᠨᠢᠭᠦᠯᠬᠦ ᠪᠣᠯᠣᠨ᠎ᠠ᠃ |