ᠰᠤᠷᠬᠤ ᠨᠢ ᠰᠤᠳᠤᠯᠬᠤ ᠶᠢᠨ ᠲᠦᠯᠦᠭᠡ ᠰᠤᠳᠤᠯᠬᠤ ᠨᠢ ᠬᠡᠷᠡᠭᠵᠢᠬᠦᠯᠬᠦ ᠶᠢᠨ ᠲᠦᠯᠦᠭᠡ
ᠨᠡᠶᠢᠲᠡᠯᠡᠭᠰᠡᠨ ᠴᠠᠭ᠄
2024/11/27
      ᠵᠠᠭᠤ ᠤᠳᠠᠭ᠎ᠠ ᠰᠤᠨᠤᠰᠬᠤ ᠠᠴᠠ ᠭᠠᠭᠴᠠ ᠤᠳᠠᠭ᠎ᠠ ᠦᠵᠡᠭᠡᠷᠡᠢ ᠭᠡᠳᠡᠭᠴᠢᠯᠡᠨ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠲᠤᠨ ᠤ ︽ᠬᠤᠶᠠᠷ ᠢ ᠬᠦᠩᠭᠡᠷᠡᠭᠦᠯᠬᠦ︾ ᠲᠥᠷᠥ ᠶᠢᠨ ᠪᠣᠳᠣᠯᠭ᠎ᠠ ᠶᠢᠨ ᠳᠠᠭᠠᠤ᠂ ᠬᠢᠴᠢᠶᠡᠯ ᠰᠤᠷᠤᠯᠭ᠎ᠠ ᠶᠢᠨ ᠳᠠᠷᠤᠭᠠᠰᠤ ᠶᠢ ᠬᠦᠩᠭᠡᠷᠡᠭᠦᠯᠦᠨ᠂ ᠬᠡᠤᠬᠡᠳ ᠤᠨ ᠤᠬᠠᠭᠠᠯᠢᠭ ᠬᠦᠭᠵᠢᠯᠲᠡ ᠶᠢ ᠬᠦᠭᠵᠢᠭᠡᠵᠦ᠂ ᠠᠪᠢᠶᠠᠰ ᠪᠢᠯᠢᠭ ᠢ ᠨᠢ ᠪᠠᠳᠠᠷᠠᠭᠤᠯᠬᠤ ᠶᠢᠨ ᠲᠦᠯᠦᠭᠡ᠂ ᠦᠪᠦᠷ ᠮᠤᠩᠭᠤᠯ ᠤᠨ ᠤᠷᠳᠤᠰ ᠬᠤᠲᠠ  ᠶᠢᠨ ᠬᠠᠩᠭᠢᠨ ᠬᠤᠰᠢᠭᠤᠨ ᠤ ᠮᠤᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠤᠶᠢᠷ᠎ᠠ ᠶᠢᠨ ᠡᠳᠦᠷ᠂ ᠨᠢᠭᠡ ᠬᠤᠶᠠᠳᠤᠭᠠᠷ ᠤᠨ ᠤ ᠬᠤᠭᠤᠴᠠᠭᠠᠨ ᠡᠴᠦᠰ ᠤᠨ ᠠᠪᠢᠶᠠᠰᠯᠢᠭ ᠰᠢᠯᠭᠠᠯᠲᠠ ᠶᠢ ᠠᠮᠵᠢᠯᠲᠠ ᠲᠠᠢ ᠶᠠᠪᠤᠭᠳᠠᠭᠤᠯᠪᠠ᠃      ᠰᠢᠯᠭᠠᠯᠲᠠ ᠨᠢ ᠬᠡᠯᠡ ᠪᠢᠴᠢᠭ᠂ ᠲᠣᠭᠠᠨ ᠤ ᠤᠬᠠᠭᠠᠨ᠂ ᠴᠥᠭᠡᠨ ᠲᠣᠭᠠᠲᠤ ᠦᠨᠳᠦᠰᠦᠲᠡᠨ ᠤ ᠬᠢᠴᠢᠶᠡᠯ᠂ ᠤᠷᠠᠨ ᠵᠢᠷᠤᠭ᠂ ᠳᠠᠭᠤᠤ ᠬᠥᠭᠵᠢᠮ᠂ ᠲᠠᠮᠢᠷ ᠵᠡᠷᠭᠡ ᠬᠢᠴᠢᠶᠡᠯ ᠲᠦᠷᠦᠯ ᠤᠨ ᠮᠡᠳᠡᠯᠭᠡ ᠶᠢᠨ ᠠᠷᠪᠠᠨ ᠬᠤᠶᠠᠷ ᠳᠠᠪᠠᠭ᠎ᠠ ᠪᠠᠷ ᠤᠯᠤᠭᠰᠠᠨ ᠬᠤᠪᠢ ᠶᠢ ᠨᠢ ᠤᠨᠴᠠᠯᠠᠨ ᠠᠪᠢᠶᠠᠰ ᠪᠢᠯᠢᠭ ᠢ ᠨᠢ ᠰᠢᠯᠭᠠᠵᠦ᠂ ᠠ ᠡ ᠬᠤᠶᠠᠷ ᠳᠡᠰ ᠢᠶᠠᠷ ᠱᠠᠩᠨᠠᠵᠦ ᠤᠷᠮᠠᠰᠢᠭᠤᠯᠵᠠᠢ᠃      ᠰᠤᠨᠢᠭᠤᠴᠢ ᠪᠠᠶᠢᠬᠤ ᠨᠢ ᠬᠡᠤᠬᠡᠳ ᠤᠨ ᠠᠷᠠᠨᠰᠢᠨ᠂ ᠠᠪᠢᠶᠠᠰ ᠪᠠᠳᠠᠷᠠᠬᠤ ᠨᠢ ᠬᠡᠤᠬᠡᠳ ᠤᠨ ᠪᠢᠯᠢᠭ ᠪᠢᠯᠡ᠃ ᠬᠠᠩᠭᠢᠨ ᠬᠤᠰᠢᠭᠤᠨ ᠤ ᠮᠤᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠬᠦᠮᠦᠨ ᠢᠶᠠᠷ ᠲᠦᠪᠯᠡᠬᠦᠯᠦᠭᠰᠡᠨ ᠵᠢᠭᠠᠨ ᠰᠤᠷᠭᠠᠯᠲᠠ ᠶᠢᠨ ᠪᠢᠴᠢᠭ ᠵᠢᠭᠠᠵᠦ ᠬᠦᠮᠦᠨ ᠬᠦᠮᠦᠵᠢᠬᠦᠯᠬᠦ ᠦᠷ᠎ᠡ ᠪᠦᠲᠦᠭᠡᠯ ᠨᠢ ᠲᠦᠪ  ᠤᠨ ᠪᠠ ᠦᠪᠡᠷᠲᠡᠭᠡᠨ ᠵᠰᠠᠬᠤ ᠤᠷᠤᠨ ᠤ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠲᠤᠨ ᠤ ︽ᠬᠤᠶᠠᠷ ᠢ ᠬᠦᠩᠭᠡᠷᠡᠭᠦᠯᠬᠦ︾ ᠲᠥᠷᠥ ᠶᠢᠨ ᠪᠣᠳᠣᠯᠭ᠎ᠠ ᠶᠢ ᠨᠠᠷᠢᠯᠢᠭ ᠤᠨᠤᠪᠴᠢᠲᠠᠢ ᠨᠠᠶᠢᠳᠠᠪᠤᠷᠢᠵᠢᠭᠤᠯᠵᠦ᠂ ᠶᠤᠰᠤ ᠮᠤᠷᠠᠯ᠂ ᠤᠶᠤᠨ ᠮᠡᠳᠡᠯᠭᠡ᠂ ᠤᠷ᠎ᠠ ᠴᠢᠳᠠᠪᠤᠷᠢ᠂ ᠤᠷᠠᠯᠢᠭ ᠰᠤᠶᠤᠯ᠂ ᠦᠪᠡᠷᠮᠢᠴᠡ ᠬᠦᠭᠵᠢᠯ᠂ ᠪᠡᠶ᠎ᠡ ᠲᠠᠮᠢᠷ᠂ ᠬᠦᠳᠡᠯᠮᠦᠷᠢ ᠬᠦᠮᠦᠵᠢᠯ ᠪᠦᠬᠦ ᠲᠠᠯ᠎ᠠ ᠪᠠᠷ ᠬᠦᠭᠵᠢᠭᠰᠡᠨ ᠰᠢᠨ᠎ᠡ ᠴᠠᠭ ᠡᠷᠢᠨ ᠤ ᠰᠢᠯᠢᠳᠡᠭ ᠪᠠᠭᠠᠴᠤᠳ ᠢ ᠬᠦᠮᠦᠵᠢᠬᠦᠯᠵᠦ ᠪᠤᠢ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1