ᠪᠠᠭᠠᠷᠢᠨ ᠪᠠᠷᠠᠭᠤᠨ ᠬᠤᠰᠢᠭᠤ ᠨᠡᠷᠡᠳᠣ ᠪᠠᠭᠰᠢ ᠣᠷᠢᠵᠣ ᠣᠷᠡᠨ ᠪᠢᠴᠢᠯᠭᠡ ᠶᠢᠨ ᠪᠣᠯᠪᠠᠰᠣᠷᠡᠯ ᠡᠷᠬᠢᠯᠡᠪᠡ
ᠨᠡᠶᠢᠲᠡᠯᠡᠭᠰᠡᠨ ᠴᠠᠭ᠄
2024/11/27
      ᠡᠯᠪᠡᠭ ᠬᠤᠷᠢᠶᠠᠯᠲᠠ ᠲᠠᠢ ᠬᠥᠬᠡ ᠯᠤᠤ ᠵᠢᠯ ᠤᠨ ᠪᠠᠶᠠᠨ ᠨᠠᠮᠤᠷ ᠠᠶᠠᠷᠯᠠᠨ ᠤᠳᠤᠵᠤ᠂ ᠡᠷᠴᠢ ᠶᠢ ᠨᠥᠬᠦᠵᠦ ᠡᠨᠧᠷᠭᠢ ᠶᠢ ᠰᠡᠯᠪᠢᠬᠦ ᠠᠮᠤᠭᠤᠯᠠᠩ ᠡᠪᠦᠯ ᠠᠶᠠᠷᠬᠠᠨ ᠰᠠᠭᠠᠲᠠᠯᠤᠭ᠎ᠠ᠃ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠠᠷ ᠦᠨᠳᠦᠰᠦᠨ ᠵᠢᠷᠤᠮᠯᠠᠯ ᠪᠠ ᠵᠢᠯᠣᠭᠤᠳᠤᠯᠭ᠎ᠠ ᠪᠣᠯᠭᠠᠵᠤ᠂ ᠰᠢᠨ᠎ᠡ ᠴᠠᠭ ᠦᠶ᠎ᠡ ᠶᠢᠨ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠪᠠᠲᠤ ᠡᠵᠡᠮᠳᠡᠵᠦ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢᠨ ᠠᠮᠢᠵᠢᠷᠠᠯ ᠤᠨ ᠬᠦᠴᠦᠨ ᠢ ᠪᠥᠬᠦ ᠲᠠᠯ᠎ᠠ ᠪᠠᠷ ᠳᠠᠶᠢᠴᠢᠯᠠᠨ ᠬᠥᠭᠵᠢᠭᠡᠵᠦ᠂ ᠰᠣᠶᠣᠯ ᠤᠨ ᠪᠠᠶᠢᠭᠤᠯᠤᠯᠲᠠ ᠶᠢᠨ ᠶᠡᠭᠡ ᠳᠡᠭᠡᠭᠰᠢᠯᠡᠯᠲᠡ ᠪᠠᠷ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ ᠦᠢᠯᠡᠴᠢᠯᠡᠬᠦ ᠶᠢ ᠠᠬᠢᠭᠤᠯᠵᠤ᠂ ᠥᠨᠢᠷ ᠰᠣᠶᠣᠯ ᠤᠨ ᠥᠪ ᠪᠣᠯᠣᠭᠰᠠᠨ ᠮᠣᠩᠭᠤᠯ ᠤᠷᠠᠨ ᠪᠢᠴᠢᠯᠭᠡ ᠶᠢᠨ ᠤᠷᠠᠯᠢᠭ ᠢ ᠰᠠᠶᠢᠲᠤᠷ ᠤᠯᠠᠮᠵᠢᠯᠠᠨ ᠪᠠᠳᠠᠷᠠᠭᠤᠯᠤᠨ᠂ ᠤᠷᠠᠨ ᠪᠦᠲᠦᠭᠡᠯᠭᠡ ᠶᠢᠨ ᠬᠢᠷᠢ ᠲᠦᠪᠰᠢᠨ ᠢᠶᠠᠨ ᠤᠯᠠᠮ ᠴᠢᠨᠠᠭᠰᠢᠳᠠ ᠳᠡᠭᠡᠭᠰᠢᠯᠡᠭᠦᠯᠬᠦ ᠶᠢ ᠵᠣᠷᠢᠵᠤ᠂ 11 ᠰᠡᠷ᠎ᠡ ᠶᠢᠨ 9 ᠤ ᠡᠳᠦᠷ ᠠᠴᠠ11 ᠤ ᠡᠳᠦᠷ ᠪᠣᠯᠲᠠᠯ᠎ᠠ᠂ ᠪᠠᠭᠠᠷᠢᠨ ᠪᠠᠷᠠᠭᠤᠨ ᠬᠤᠰᠢᠭᠤ ᠨᠢ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠳᠤᠳᠬᠠᠨ᠂ ᠤᠮᠠᠷᠠᠲᠦ ᠬᠢᠯᠢ ᠶᠢᠨ ᠰᠤᠶᠤᠯ ᠤᠨ ᠨᠡᠷᠡᠲᠦ ᠳᠡᠮᠳᠡᠭ ᠢ ᠴᠤᠭᠴᠠᠯᠠᠬᠤ︾ ᠭᠤᠣᠯ ᠰᠡᠳᠦᠪᠲᠦ ᠮᠤᠩᠭᠤᠯ ᠤᠷᠠᠨ ᠪᠢᠴᠢᠯᠭᠡ ᠶᠢᠨ ᠪᠤᠯᠪᠠᠰᠤᠷᠠᠯ ᠤᠨ ᠠᠩᠬᠢ  ᠶᠢ ᠳ᠋ᠠᠪᠠᠨ ᠳᠤ ᠠᠮᠵᠢᠯᠲᠠ ᠲᠠᠢ ᠡᠷᠬᠢᠯᠡᠪᠡ᠃ ᠪᠥᠬᠦ ᠬᠤᠰᠢᠭᠤᠨ ᠤ ᠤᠷᠠᠨ ᠪᠢᠴᠢᠯᠭᠡ ᠶᠢᠨ ᠳᠤᠷ᠎ᠠ ᠪᠠᠭ᠋ᠠᠲᠠᠳ ᠲᠠᠪᠢ ᠭᠠᠷᠤᠢ ᠬᠥᠮᠥᠨ ᠪᠣᠯᠪᠠᠰᠤᠷᠠᠯ ᠬᠦᠷᠲᠡᠵᠦ ᠤᠷᠠᠨ ᠪᠦᠲᠦᠭᠡᠯ ᠲᠤᠭᠤᠷᠪᠢᠬᠤ  ᠳᠤ ᠣᠷᠣᠯᠴᠠᠵᠠᠢ᠃       ᠲᠣᠰ ᠤᠳᠠᠭᠠᠨ ᠤ ᠪᠣᠯᠪᠠᠰᠤᠷᠠᠯ ᠤᠨ ᠠᠩᠬᠢ ᠪᠠᠨ ᠰᠠᠶᠢᠲᠤᠷ ᠡᠷᠬᠢᠯᠡᠬᠦ ᠶᠢᠨ ᠲᠥᠯᠥᠭᠡ᠂ ᠪᠠᠭᠠᠷᠢᠨ ᠪᠠᠷᠠᠭᠤᠨ ᠬᠤᠰᠢᠭᠤᠨ ᠤ ᠮᠤᠩᠭᠤᠯ ᠤᠷᠠᠨ ᠪᠢᠴᠢᠯᠭᠡ ᠶᠢᠨ ᠵᠤᠬᠢᠶᠠᠨ ᠪᠦᠳᠦᠭᠡᠬᠦ ᠰᠠᠭᠤᠷᠢᠨ ᠪᠠ ᠬᠤᠰᠢᠭᠤᠨ ᠤ ᠮᠤᠩᠭᠤᠯ ᠤᠷᠠᠨ ᠪᠢᠴᠢᠯᠭᠡᠲᠡᠳ ᠤᠨ ᠨᠡᠶᠢᠭᠡᠮᠯᠢᠭ ᠨᠢ ᠡᠷᠲᠡ ᠠᠴᠠ ᠲᠥᠰᠥᠪᠯᠡᠨ‌ᠨᠢᠮᠪᠠᠢ ᠬᠠᠮᠵᠢᠯᠴᠠᠵᠤ᠂ ᠲᠣᠰ ᠤᠳᠠᠭᠠᠨ ᠤ ᠪᠣᠯᠪᠠᠰᠤᠷᠠᠯ ᠤᠨ ᠠᠯᠬᠤᠮ ᠳᠠᠷᠠᠭ᠎ᠠ᠂ ᠠᠷᠭ᠎ᠠ ᠬᠡᠯᠪᠡᠷᠢ᠂ ᠬᠢᠴᠢᠶᠡᠯᠯᠡᠭᠡ ᠶᠢᠨ ᠠᠭᠤᠯᠭ᠎ᠠ᠂ ᠵᠣᠬᠢᠶᠠᠨ ᠪᠦᠲᠦᠭᠡᠬᠦ ᠭᠤᠣᠯ ᠰᠡᠳᠦᠪ ᠢᠶᠠᠨ ᠵᠥᠪᠳᠡᠨ ᠳᠣᠭᠲᠠᠭᠠᠭᠠᠳ᠂ ᠳᠤᠮᠳᠠᠳᠤ ᠰᠤᠷᠭᠠᠭᠤᠯᠢ ᠶᠢᠨ ᠥᠨᠳᠥᠷ ᠲᠠᠰ ᠤᠨ ᠪᠠᠭᠰᠢ᠂ ᠤᠯᠠᠭᠠᠨᠬᠤᠲᠠ ᠬᠤᠲᠠ ᠶᠢᠨ ᠤᠷᠠᠨ ᠪᠢᠴᠢᠯᠭᠡ ᠶᠢᠨ ᠬᠢᠴᠢᠶᠡᠯ ᠲᠥᠷᠥᠯ ᠤᠨ ᠵᠢᠭᠠᠨ ᠰᠤᠳᠤᠯᠤᠭᠠᠴᠢ᠂ ᠥᠪᠥᠷ ᠮᠣᠩᠭᠤᠯ ᠤᠨ ᠤᠷᠠᠨ ᠪᠢᠴᠢᠯᠭᠡᠳᠡᠳ ᠤᠨ ᠨᠡᠶᠢᠭᠡᠮᠯᠢᠭ ᠤᠨ ᠮᠣᠩᠭᠤᠯ ᠤᠷᠠᠨ ᠪᠢᠴᠢᠯᠭᠡ ᠶᠢᠨ ᠵᠥᠪᠯᠡᠯ ᠤᠨ ᠡᠷᠬᠢᠯᠡᠭᠴᠢ᠂ ᠣᠷᠣᠨ ᠤ ᠲᠠᠰ ᠤᠨ ᠪᠣᠳᠠᠰ ᠤᠨ ᠪᠣᠰᠤ ᠰᠣᠶᠣᠯ ᠤᠨ ᠥᠪ ᠤᠨ ᠮᠣᠩᠭᠤᠯ ᠤᠷᠠᠨ ᠪᠢᠴᠢᠯᠭᠡ ᠶᠢᠨ ᠲᠥᠯᠦᠭᠡᠯᠡᠭᠴᠢ ᠤᠯᠠᠮᠵᠢᠯᠠᠭᠴᠢ᠂ ᠥᠪᠡᠷᠲᠡᠭᠡᠨ ᠵᠠᠰᠠᠬᠤ ᠣᠷᠣᠨ ᠤ ᠤᠷᠠᠨ ᠪᠢᠴᠢᠯᠭᠡ ᠶᠢᠨ ᠵᠣᠬᠢᠶᠠᠨ ᠪᠥᠲᠦᠭᠡᠯᠭᠡ ᠶᠢᠨ ︽ᠰᠠᠷᠠᠨ᠎ᠠ︾ ᠱᠠᠩᠨᠠᠯ ᠬᠦᠷᠲᠡᠭᠴᠢ᠂ ︽ᠬᠢᠩᠭᠠᠨ ᠠᠶᠢᠮᠠᠭ ᠤᠨ ᠰᠣᠳᠣᠨ ᠴᠢᠳᠠᠪᠤᠷᠢᠲᠠᠨ︾᠂ ᠬᠢᠩᠭᠠᠨ ᠠᠶᠢᠮᠠᠭ ᠤᠨ ᠤᠷᠠᠨ ᠪᠢᠴᠢᠯᠭᠡᠲᠡᠨ ᠤ ᠨᠡᠶᠢᠭᠡᠮᠯᠢᠭ ᠤᠨ ᠲᠡᠳ᠋ ᠲᠡᠷᠢᠭᠦᠯᠡᠭᠴᠢ᠂ ᠥᠪᠥᠷ ᠮᠣᠩᠭᠤᠯ ᠤᠨ ᠴᠢᠩᠭᠢᠰ ᠬᠠᠭᠠᠨ ᠤᠷᠠᠨ ᠪᠢᠴᠢᠯᠭᠡ ᠤᠷᠠᠨ ᠵᠢᠷᠤᠭ ᠤᠨ ᠬᠦᠷᠢᠶᠡᠯᠡᠩ ᠤᠨ ᠲᠡᠳ᠋ ᠵᠠᠬᠢᠷᠤᠯ ᠴᠢ ᠶᠢᠨ ᠪᠠᠭᠰᠢ ᠶᠢ ᠣᠷᠢᠵᠣ ᠲᠣᠰᠬᠠᠢ ᠬᠢᠴᠢᠶᠡᠯ ᠲᠠᠶᠢᠯᠣᠮᠵᠢ᠂ ᠦᠵᠡᠬᠦᠯᠦᠯᠭᠡ ᠶᠢᠨ ᠬᠢᠴᠢᠶᠡᠯ ᠬᠢᠭᠰᠡᠨ ᠪᠠᠶᠢᠨ᠎ᠠ᠃ ᠬᠢᠴᠢᠶᠡᠯ ᠪᠣᠯᠪᠠᠰᠤᠷᠠᠯ ᠤᠨ ᠳᠤᠮᠳᠠ᠂ ᠤᠷᠠᠨ ᠪᠢᠴᠢᠯᠭᠡ ᠶᠢᠨ ᠡᠷᠳᠡᠮᠲᠡᠨ ᠪᠠᠭᠰᠢ ᠠᠴᠠ ᠠᠳᠠᠯᠢ ᠪᠤᠰᠤ ᠨᠠᠰᠤᠨ ᠤ ᠠᠳᠠᠯᠢ ᠪᠤᠰᠤ ᠬᠢᠷᠢ ᠲᠦᠪᠰᠢᠨ ᠳᠤ ᠪᠠᠶᠢᠭ᠎ᠠ ᠤᠷᠠᠨ ᠪᠢᠴᠢᠯᠭᠡ ᠶᠢᠨ ᠰᠤᠷᠤᠯᠭᠠᠲᠠᠨ ᠨᠠᠷ ᠲᠤ ᠬᠠᠨᠳᠤᠭᠤᠯᠤᠨ ᠮᠣᠩᠭᠤᠯ ᠣᠷᠡᠨ ᠪᠢᠴᠢᠯᠭᠡ ᠶᠢᠨ ᠲᠡᠣᠬᠡᠨ ᠬᠦᠭᠵᠢᠯ᠂ ᠦᠰᠦᠭ ᠪᠢᠴᠢᠬᠦ ᠪᠠ ᠣᠷᠡᠨ ᠪᠢᠴᠢᠯᠭᠡ ᠶᠢᠨ ᠢᠯᠭᠠᠭ᠎ᠠ᠂ ᠣᠷᠡᠨ ᠪᠢᠴᠢᠯᠭᠡ ᠶᠢᠨ ᠰᠠᠭᠤᠷᠢ᠂ ᠣᠷᠡᠨ ᠪᠢᠴᠢᠯᠭᠡ ᠶᠢ ᠰᠤᠷᠴᠤ ᠵᠣᠬᠢᠶᠠᠨ ᠪᠦᠲᠦᠭᠡᠯᠭᠡ ᠬᠢᠬᠦ ᠵᠡᠷᠭᠡ ᠣᠯᠠᠨ ᠰᠡᠳᠦᠪ ᠢᠶᠠᠷ ᠵᠢᠱᠢᠶ᠎ᠠ ᠦᠵᠡᠬᠦᠯᠦᠯᠭᠡ ᠲᠠᠢ ᠲᠠᠶᠢᠯᠪᠦᠷᠢᠯᠡᠵᠣ᠂ ᠬᠢᠴᠢᠶᠡᠯ ᠰᠣᠨᠣᠰᠣᠭᠴᠢᠳ ᠲᠤ ᠰᠢᠨ᠎ᠡ ᠰᠡᠪᠡᠬᠦᠨ ᠦᠢᠯᠠᠭᠠᠯᠳᠡ ᠲᠠᠨᠢᠯᠳᠡ ᠲᠠᠢ ᠪᠣᠯᠭᠠᠵᠠᠢ᠃ ᠢᠯᠠᠩᠭᠤᠶ᠎ᠠ ᠣᠯᠠᠮᠵᠢᠯᠠᠯ ᠢ ᠬᠦᠨᠳᠦᠳᠭᠡᠨ ᠲᠠᠭᠤᠷᠢᠶᠠᠨ ᠪᠢᠴᠢᠬᠦ ᠵᠠᠮ ᠢᠶᠠᠷ ᠵᠠᠮᠨᠠᠬᠤ᠂ ᠡᠷᠳᠡᠨ ᠤ ᠬᠢ ᠶᠢ ᠣᠳᠣᠬᠢ ᠳᠤ ᠦᠢᠯᠡᠴᠢᠯᠡᠭᠦᠯᠬᠦ ᠪᠠ ᠵᠠᠯᠭᠠᠮᠵᠢᠯᠠᠨ ᠬᠥᠭᠵᠢᠭᠦᠯᠬᠦ  ᠶᠢ ᠪᠠᠷᠢᠮᠳᠠᠯᠠᠬᠤ᠂ ᠦᠨᠳᠦᠰᠦᠨ ᠴᠢᠳᠠᠪᠤᠷᠢ᠂ ᠦᠨᠳᠦᠰᠦᠨ ᠠᠷᠭ᠎ᠠ ᠮᠡᠷᠭᠡᠵᠢᠯ ᠢ ᠬᠡᠷᠬᠢᠨ ᠡᠵᠡᠮᠰᠢᠬᠦ ᠲᠤᠬᠠᠢ ᠶᠠᠷᠢᠵᠤ ᠲᠠᠶᠢᠯᠪᠦᠷᠢᠯᠡᠨ᠂ ᠡᠷᠳᠡᠮ ᠮᠡᠳᠡᠯᠭᠡ ᠪᠠᠨ ᠬᠠᠷᠠᠮᠨᠠᠯ ᠦᠭᠡᠢ ᠪᠠᠷ ᠴᠢᠩ ᠦᠨᠡᠨᠴᠢ᠂ ᠦᠨ᠎ᠡ ᠴᠡᠨ᠎ᠡ ᠲᠠᠢ ᠰᠠᠨᠠᠯ ᠰᠠᠨᠠᠭᠤᠯᠭ᠎ᠠ ᠥᠭᠭᠦᠭᠰᠡᠨ ᠨᠢ ᠪᠥᠬᠦ ᠪᠣᠯᠪᠠᠰᠤᠷᠠᠯ ᠳᠤ ᠣᠷᠣᠯᠴᠠᠭᠰᠠᠨ ᠣᠷᠡᠨ ᠪᠢᠴᠢᠯᠭᠡ ᠶᠢᠨ ᠲᠣᠷ᠎ᠡ ᠪᠠᠭ᠋ᠠᠳᠠᠳ ᠤᠨ ᠮᠠᠰᠢ ᠶᠡᠭᠡ ᠰᠣᠨᠢᠷᠬᠠᠯ ᠪᠠ ᠬᠠᠯᠠᠭᠤᠨ ᠬᠦᠷᠢᠶᠡᠯᠡᠯ ᠢ ᠣᠯᠣᠭᠰᠠᠨ ᠪᠠᠶᠢᠨ᠎ᠠ᠃ ᠬᠢᠴᠢᠶᠡᠯᠡᠭᠴᠢ ᠪᠠᠭᠰᠢ ᠠᠴᠠ ᠪᠠᠰᠨ ᠪᠣᠯᠪᠠᠰᠣᠷᠡᠯ ᠳᠤ ᠣᠷᠣᠯᠴᠠᠭᠰᠠᠨ ᠣᠷᠡᠨ ᠪᠢᠴᠢᠯᠭᠡᠳᠡᠳ ᠤᠨ ᠪᠦᠲᠦᠭᠡᠯᠭᠡ  ᠶᠢ ᠠᠬᠤᠢ ᠲᠠᠯᠠᠪᠠᠢ ᠳᠤ ᠨᠢᠭᠡᠳ ᠨᠢᠭᠡ ᠪᠠᠷ ᠨᠢᠭᠤᠷᠳᠠᠨ ᠦᠨᠡᠯᠡᠯᠭᠡ ᠦᠭᠴᠣ᠂ ᠣᠯᠣᠭᠰᠠᠨ ᠠᠯᠳᠠᠭᠰᠠᠨ ᠢ ᠨᠢ ᠵᠢᠭᠠᠨ ᠵᠠᠰᠠᠵᠤ᠂ ᠦᠰᠦᠭ ᠤᠨ ᠵᠢᠷᠣᠯᠭ᠎ᠠ ᠠᠴᠠ ᠪᠦᠳᠦᠬᠡᠯᠭᠡ ᠬᠢᠵᠣ ᠵᠣᠬᠢᠶᠠᠮᠵᠢ ᠶᠢ ᠲᠡᠩᠴᠡᠭᠦᠯᠬᠦ ᠬᠦᠷᠲᠡᠯ᠎ᠡ᠂ ᠰᠠᠨᠠᠭᠰᠠᠨ ᠢᠶᠠᠷ ᠢᠶᠠᠨ ᠰᠡᠪᠡᠵᠦ ᠰᠠᠨᠠᠭᠠᠨ ᠳᠤᠷ᠎ᠠ ᠪᠠᠷ ᠢᠶᠠᠨ ᠪᠢᠴᠢᠬᠦ ᠶᠢ ᠲᠡᠪᠴᠢᠨ᠂ ᠰᠣᠩᠭᠤᠳᠠᠭ ᠪᠢᠴᠢᠯᠭᠡ ᠶᠢ ᠲᠠᠭᠠᠨ ᠳᠠᠭᠤᠷᠢᠶᠠᠵᠤ ᠥᠪᠡᠷ ᠤᠨ ᠥᠪᠡᠷᠮᠢᠴᠡ ᠬᠡᠪ ᠨᠠᠮᠪᠠ ᠶᠢ ᠪᠦᠷᠢᠯᠳᠦᠭᠦᠯᠬᠦ ᠳᠣᠬᠠᠢ ᠦᠪᠡᠷ ᠤᠨ ᠣᠯᠠᠨ ᠵᠢᠯ ᠤᠨ ᠲᠤᠷᠰᠢᠬᠢ ᠰᠤᠷᠴᠤ ᠰᠤᠳᠤᠯᠤᠭᠰᠠᠨ᠂ ᠨᠠᠢᠮᠠᠨ ᠮᠤᠵᠢ ᠣᠷᠣᠨ ᠪᠠ ᠪᠥᠬᠦ ᠣᠷᠣᠨ ᠤ ᠡᠯ᠎ᠡ ᠠᠶᠢᠮᠠᠭ ᠬᠤᠲᠠ ᠪᠠᠷ  ᠬᠢᠴᠢᠶᠡᠯ ᠲᠠᠶᠢᠯᠣᠮᠵᠢ ᠬᠢᠵᠦ᠂ ᠤᠷᠤᠯᠳᠤᠭᠠᠨ ᠮᠥᠷᠥᠶᠢᠴᠡᠭᠡᠨ᠂ ᠴᠣᠯᠠ ᠨᠡᠷ᠎ᠡ ᠶᠢᠨ ᠬᠢᠨᠠᠨ ᠰᠢᠭᠦᠭᠴᠢ ᠪᠣᠯᠵᠤ ᠶᠠᠪᠤᠭᠰᠠᠨ ᠲᠤᠷᠰᠢᠯᠭ᠎ᠠ ᠪᠠᠨ ᠶᠠᠷᠢᠵᠤ ᠮᠡᠷᠭᠡᠵᠢᠯ ᠢᠶᠠᠨ ᠤᠯᠠᠮᠵᠢᠯᠠᠵᠤ᠂ ᠤᠷᠠᠨ ᠪᠢᠴᠢᠯᠭᠡ ᠶᠢᠨ ᠳᠤᠷ᠎ᠠ ᠪᠠᠭ᠋ᠠᠲᠠᠳ ᠤᠨ ᠤᠷᠮ᠎ᠠ ᠵᠣᠷᠢᠭ ᠢ ᠬᠥᠭᠵᠢᠭᠡᠵᠦ ᠴᠢᠳᠠᠵᠠᠢ᠃      ᠥᠪᠥᠷ ᠮᠣᠩᠭᠤᠯ ᠤᠨ ᠤᠷᠠᠨ ᠪᠢᠴᠢᠯᠭᠡᠳᠡᠳ ᠤᠨ ᠨᠡᠶᠢᠭᠡᠮᠯᠢᠭ ᠤᠨ ᠮᠣᠩᠭᠤᠯ ᠤᠷᠠᠨ ᠪᠢᠴᠢᠯᠭᠡ ᠲᠠᠮᠠᠭ᠎ᠠ ᠰᠡᠶᠢᠯᠦᠮᠡᠯ ᠤᠨ ᠵᠥᠪᠯᠡᠯ ᠤᠨ ᠭᠡᠰᠢᠭᠦᠨ᠂ ᠥᠪᠥᠷ ᠮᠣᠩᠭᠤᠯ ᠤᠨ ᠤᠷᠠᠨ ᠪᠢᠴᠢᠯᠭᠡᠳᠡᠳ ᠤᠨ ᠨᠡᠶᠢᠭᠡᠮᠯᠢᠭ ᠤᠨ ᠳᠡᠳ᠋ ᠨᠠᠷᠢᠨ ᠪᠢᠴᠢᠭᠡᠴᠢ ᠶᠢᠨ ᠳᠠᠷᠤᠭ᠎ᠠ᠂ ᠳ᠋ᠠᠪᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠤᠷᠠᠨ ᠪᠢᠴᠢᠯᠭᠡ ᠶᠢᠨ ᠪᠠᠭᠰᠢ᠂ ᠨᠠᠷᠠᠲᠤ ᠤᠷᠠᠨ ᠪᠢᠴᠢᠯᠭᠡᠲᠡᠨ ᠪᠢᠯᠢᠭᠲᠦ ᠪᠣᠯᠣᠨ ᠥᠪᠥᠷ ᠮᠣᠩᠭᠤᠯ ᠤᠨ ᠤᠷᠠᠨ ᠪᠢᠴᠢᠯᠭᠡᠳᠡᠳ ᠤᠨ ᠨᠡᠶᠢᠭᠡᠮᠯᠢᠭ ᠤᠨ ᠬᠡᠷᠡᠭ ᠡᠷᠬᠢᠯᠡᠭᠴᠢ᠂ ᠤᠯᠠᠭᠠᠨᠬᠠᠳᠠ ᠬᠤᠲᠠ ᠶᠢᠨ ᠮᠣᠩᠭᠤᠯ ᠤᠷᠠᠨ ᠪᠢᠴᠢᠯᠭᠡᠳᠡᠳ ᠤᠨ ᠨᠡᠶᠢᠭᠡᠮᠯᠢᠭ  ᠤᠨ ᠭᠡᠰᠢᠭᠦᠨ᠂ ᠪᠠᠭᠠᠷᠢᠨ ᠪᠠᠷᠠᠭᠤᠨ ᠬᠤᠰᠢᠭᠤᠨ ᠤ ᠮᠣᠩᠭᠤᠯ ᠤᠷᠠᠨ ᠪᠢᠴᠢᠯᠭᠡᠳᠡᠳ ᠤᠨ ᠨᠡᠶᠢᠭᠡᠮᠯᠢᠭ ᠤᠨ ᠲᠡᠷᠢᠭᠦᠯᠡᠭᠴᠢ᠂ ᠨᠠᠷᠠᠲᠤ ᠦᠵᠦᠭ ᠪᠢᠴᠢᠯᠭᠡᠲᠡᠨ ᠮᠠᠩᠯᠠᠶᠢᠪᠠᠶᠠᠷ ᠲᠤᠰᠬᠠᠢ ᠤᠷᠢᠭᠳᠠᠭᠰᠠᠨ ᠡᠷᠳᠡᠮᠲᠡᠨ ᠪᠠᠭᠰᠢ ᠲᠠᠢ ᠨᠢᠭᠲᠠ ᠬᠠᠮᠵᠢᠯᠴᠠᠨ᠂ ᠥᠪ ᠰᠣᠶᠣᠯ ᠤᠨ ᠲᠠᠯᠠᠰ ᠪᠣᠯᠣᠭᠰᠠᠨ ᠮᠣᠩᠭᠤᠯ ᠤᠷᠠᠨ ᠪᠢᠴᠢᠯᠭᠡ ᠪᠠᠷ ᠲᠡᠮᠳᠡᠭᠯᠡᠭᠰᠡᠨ ᠲᠡᠣᠬᠡᠨ ᠰᠤᠳᠤᠷ ᠪᠢᠴᠢᠭ ᠢ ᠳᠡᠯᠭᠡᠨ ᠲᠠᠨᠢᠯᠴᠠᠭᠤᠯᠵᠤ᠂ ᠬᠤᠯᠤᠰᠤᠨ ᠦᠵᠦᠭ ᠪᠢᠴᠢᠯᠭᠡ ᠶᠢ ᠰᠤᠷᠴᠤ ᠪᠣᠯᠪᠠᠰᠤᠷᠠᠬᠤ ᠦᠨᠳᠦᠰᠦᠨ ᠮᠡᠳᠡᠯᠭᠡ ᠠᠷᠭ᠎ᠠ ᠤᠬᠠᠭᠠᠨ ᠢ ᠲᠠᠶᠢᠯᠪᠦᠷᠢᠯᠡᠨ ᠬᠢᠴᠢᠶᠡᠯᠯᠡᠵᠦ᠂ ᠮᠣᠩᠭᠤᠯ ᠬᠢᠲᠠᠳ ᠬᠤᠶᠠᠷ ᠳᠦᠷᠦᠯ ᠤᠨ ᠦᠰᠦᠭ ᠪᠢᠴᠢᠭ ᠢᠶᠠᠷ ᠵᠡᠷᠭᠡᠪᠡᠷ ᠤᠷᠠᠨ ᠪᠢᠴᠢᠯᠭᠡ ᠰᠤᠷᠴᠤ ᠪᠣᠯᠪᠠᠰᠤᠷᠠᠨ ᠪᠦᠲᠦᠭᠡᠯ ᠲᠤᠭᠤᠷᠪᠢᠬᠤ ᠶᠢ ᠰᠠᠨᠠᠭᠠᠴᠢᠯᠠᠭᠰᠠᠨ ᠨᠢ ᠣᠯᠠᠨ ᠪᠦᠭᠦᠳᠡ ᠶᠢᠨ ᠤᠷᠠᠨ ᠪᠢᠴᠢᠯᠭᠡ᠂ ᠰᠣᠶᠣᠯ ᠤᠨ ᠬᠠᠮᠲᠤ ᠶᠢᠨ ᠴᠣᠭᠴᠠ ᠶᠢᠨ ᠤᠬᠠᠮᠰᠠᠷ ᠤᠨ ᠲᠤᠬᠠᠢ ᠲᠠᠨᠢᠯᠳᠡ ᠶᠢ ᠤᠷᠢᠳᠤ ᠡᠮᠦᠨ᠎ᠡ ᠦᠭᠡᠢ ᠨᠢᠭᠡᠨ ᠭᠡᠮᠵᠢᠶᠡᠨ ᠤ ᠨᠢᠭᠡᠳᠦᠭᠰᠡᠨ ᠳᠡᠭᠡᠭᠰᠢᠯᠡᠯᠲᠡ  ᠲᠠᠢ ᠪᠣᠯᠭᠠᠵᠠᠢ᠃      ᠭᠤᠷᠪᠠᠨ ᠡᠳᠦᠷ ᠤᠨ ᠪᠣᠯᠪᠠᠰᠣᠷᠡᠯ ᠤᠨ ᠪᠦᠬᠦ ᠶᠠᠪᠣᠴᠨ ᠳᠤ᠂ ᠪᠠᠭᠠᠷᠢᠨ ᠪᠠᠷᠠᠭᠤᠨ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ᠰᠠᠷᠠᠭᠤᠯ ᠪᠤᠯᠪᠠᠰᠤᠷᠠᠯ ᠢ ᠪᠠᠶᠠᠳᠠᠨ ᠵᠢᠭᠠᠨ ᠵᠢᠯᠣᠭᠤᠳᠴᠣ᠂ ᠤᠷᠠᠨ ᠪᠢᠴᠢᠯᠭᠡᠳᠡᠳ ᠲᠠᠢ ᠬᠠᠮᠳᠣ ᠬᠢᠴᠢᠶᠠᠯ ᠲᠠᠶᠢᠯᠣᠮᠵᠢ ᠰᠣᠨᠣᠰᠣᠨ᠂ ᠪᠠᠭᠠᠷᠢᠨ ᠪᠠᠷᠠᠭᠤᠨ ᠬᠤᠰᠢᠭᠤᠨ ᠤ ᠤᠯᠤᠰ ᠲᠦᠷᠦ  ᠶᠢᠨ ᠵᠦᠪᠯᠡᠯᠭᠡᠨ ᠠᠴᠠ ᠭᠤᠣᠯᠯᠠᠨ ᠬᠠᠮᠢᠶᠠᠷᠴᠤ ᠪᠦᠬᠦᠢ ᠪᠠᠭᠠᠷᠢᠨ ᠪᠠᠷᠠᠭᠤᠨ ᠬᠤᠰᠢᠭᠤᠨ ᠤ ᠮᠤᠩᠭᠤᠯ ᠤᠷᠠᠨ ᠪᠢᠴᠢᠯᠭᠡ ᠶᠢᠨ ᠵᠤᠬᠢᠶᠠᠨ ᠪᠦᠲᠦᠭᠡᠬᠦ ᠰᠠᠭᠤᠷᠢᠨ ᠤ ᠬᠠᠷᠢᠭᠤᠴᠠᠯᠭᠠᠳᠠᠳ᠂ ᠮᠣᠩᠭᠤᠯ ᠣᠷᠡᠨ ᠪᠢᠴᠢᠯᠭᠡᠳᠡᠳ ᠤᠨ ᠨᠡᠶᠢᠭᠡᠮᠯᠢᠭ ᠨᠢ ᠪᠣᠯᠪᠠᠰᠣᠷᠡᠯ ᠢ ᠨᠠᠷᠢᠨ ᠪᠠᠶᠢᠷᠢᠯᠠᠭᠤᠯᠵᠣ᠂ ᠨᠢᠮᠪᠠᠢ ᠦᠢᠯᠡᠴᠢᠯᠡᠭᠰᠡᠨ ᠪᠥᠭᠡᠳ ᠪᠠᠭᠠᠷᠢᠨ ᠪᠠᠷᠠᠭᠤᠨ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠼᠠᠢ ᠶᠦᠩ ᠬᠤᠢ ᠪᠣᠯᠪᠠᠰᠤᠷᠠᠯ ᠤᠨ ᠠᠬᠤᠢ ᠲᠠᠯᠠᠪᠠᠢ ᠳᠤ ᠭᠦᠨᠵᠡᠭᠡᠶᠢᠷᠡᠵᠦ᠂ ᠤᠷᠠᠨ ᠪᠦᠲᠦᠭᠡᠯᠭᠡ ᠬᠢᠵᠦ ᠪᠠᠶᠢᠭ᠎ᠠ ᠪᠥᠬᠦ ᠪᠠᠭᠰᠢ ᠰᠤᠷᠤᠯᠭᠠᠲᠠᠨ ᠨᠡᠷ ᠢ ᠬᠠᠯᠠᠮᠵᠢᠯᠠᠨ ᠵᠣᠷᠢᠭᠵᠢᠭᠤᠯᠤᠭᠰᠠᠨ ᠢᠶᠠᠷ ᠲᠣᠰ ᠣᠳᠠᠭᠠᠨ ᠤ ᠪᠣᠯᠪᠠᠰᠣᠷᠡᠯ ᠨᠢ ᠮᠠᠰᠢ ᠳᠦᠭᠦᠷᠡᠩ ᠲᠡᠭᠦᠰ ᠠᠮᠵᠢᠯᠳᠡ  ᠲᠠᠢ᠂ ᠲᠡᠭᠦᠯᠳᠡᠷ ᠬᠦᠰᠡᠯ ᠢᠲᠡᠭᠡᠯ ᠲᠠᠢ ᠬᠠᠪᠤᠷ ᠨᠠᠨᠳᠢᠨ ᠠᠵᠢᠯᠯᠠᠭᠠᠨ ᠪᠣᠯᠣᠯ᠎ᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1