︵ᠰᠤᠷᠪᠤᠯᠵᠢᠯᠠᠭᠴᠢ ᠳ᠋ᠢᠩ ᠴᠧᠨ︶ 11 ᠳ᠋ᠦ᠋ᠭᠡᠷ ᠰᠠᠷ᠎ᠠ ᠶᠢᠨ 22 ᠤ ᠡᠳᠦᠷ ᠰᠤᠷᠪᠤᠯᠵᠢᠯᠠᠭᠴᠢ | ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ | ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠳᠣᠣᠷ᠎ᠠ ᠴᠠᠯᠢᠩ ᠤᠨ | ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ ᠲᠤᠬᠠᠢ ᠮᠡᠳᠡᠭᠳᠡᠯ︾ ᠶᠣᠰᠣᠭᠠᠷ᠂ ᠬᠥᠬᠡᠬᠤᠲᠠ ᠲᠣᠬᠢᠷᠠᠭᠤᠯᠤᠯᠲᠠ | ᠬᠢᠭᠰᠡᠨ ᠤ ᠳᠠᠷᠠᠭᠠᠬᠢ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠶᠢ 2024 ᠣᠨ ᠤ 12 ᠳ᠋ᠤᠭᠠᠷ ᠰᠠᠷ᠎ᠠ ᠶᠢᠨ | 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠬᠠᠮᠤᠭ ᠳᠣᠣᠷ᠎ᠠ ᠴᠠᠯᠢᠩ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠨᠢᠭᠡᠳᠦᠭᠡᠷ ᠲᠥᠷᠥᠯ᠂ | ᠬᠤᠶᠠᠳᠤᠭᠠᠷ ᠲᠥᠷᠥᠯ᠂ ᠭᠤᠷᠪᠠᠳᠤᠭᠠᠷ ᠲᠥᠷᠥᠯ ᠤᠨ ᠭᠠᠵᠠᠷ ᠣᠷᠣᠨ ᠲᠣᠰ ᠲᠣᠰ 1980 ᠲᠥᠭᠦᠷᠢᠭ᠂ | 1910 ᠲᠥᠭᠦᠷᠢᠭ᠂ 1850 ᠲᠥᠭᠦᠷᠢᠭ ᠠᠴᠠ 2270 ᠲᠥᠭᠦᠷᠢᠭ᠂ 2200 ᠲᠥᠭᠦᠷᠢᠭ᠂ 2140 | ᠲᠥᠭᠦᠷᠢᠭ ᠪᠣᠯᠤᠨ ᠳᠡᠭᠡᠭᠰᠢᠯᠡᠵᠦ᠂ ᠲᠣᠰ ᠲᠣᠰ 290 ᠲᠥᠭᠦᠷᠢᠭ ᠨᠡᠮᠡᠭᠳᠡᠪᠡ᠃ ᠪᠦᠬᠦᠯᠢ ᠡᠳᠦᠷ ᠤᠨ ᠪᠤᠰᠤ | ᠠᠵᠢᠯ ᠤᠨ ᠴᠠᠭ ᠪᠦᠷᠢ ᠶᠢᠨ ᠬᠠᠮᠤᠭ ᠤᠨ ᠳᠣᠤᠷ᠎ᠠ ᠴᠠᠯᠢᠩ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠭᠰᠡᠨ ᠤ | ᠳᠠᠷᠠᠭ᠎ᠠ᠂ ᠨᠢᠭᠡᠳᠦᠭᠡᠷ ᠲᠥᠷᠥᠯ᠂ ᠬᠤᠶᠠᠳᠤᠭᠠᠷ ᠲᠥᠷᠥᠯ᠂ ᠭᠤᠷᠪᠠᠳᠤᠭᠠᠷ ᠲᠥᠷᠥᠯ ᠤᠨ ᠭᠠᠵᠠᠷ ᠣᠷᠣᠨ ᠲᠣᠰ | ᠲᠣᠰ 20.8 ᠲᠥᠭᠦᠷᠢᠭ᠂ 20.1 ᠲᠥᠭᠦᠷᠢᠭ᠂ 19.5 ᠲᠥᠭᠦᠷᠢᠭ ᠠᠴᠠ 22.4 ᠲᠥᠭᠦᠷᠢᠭ᠂ 21.7 | ᠲᠥᠭᠦᠷᠢᠭ᠂ 21.1 ᠲᠥᠭᠦᠷᠢᠭ ᠪᠣᠯᠵᠤ᠂ ᠲᠣᠰ ᠲᠣᠰ 1.6 ᠲᠥᠭᠦᠷᠢᠭ ᠨᠡᠮᠡᠭᠳᠡᠪᠡ᠃ ᠬᠥᠬᠡᠬᠤᠲᠠ ᠶᠢᠨ | ᠨᠢᠭᠡᠳᠦᠭᠡᠷ ᠲᠥᠷᠥᠯ ᠤᠨ ᠭᠠᠵᠠᠷ ᠣᠷᠣᠨ ᠳᠤ ᠬᠤᠷᠢᠨᠭᠡᠷ ᠰᠢᠶᠠᠨ᠂ ᠰᠢᠨ᠎ᠡ ᠬᠤᠲᠠ ᠲᠣᠭᠤᠷᠢᠭ᠂ ᠬᠤᠲᠣᠩ | ᠠᠷᠠᠳ ᠤᠨ ᠲᠣᠭᠤᠷᠢᠭ᠂ ᠢᠦᠢ ᠴᠢᠦᠸᠠᠨ ᠲᠣᠭᠤᠷᠢᠭ᠂ ᠰᠠᠶᠢᠬᠠᠨ ᠲᠣᠭᠤᠷᠢᠭ ᠵᠡᠷᠭᠡ 5 ᠰᠢᠶᠠᠨ ᠲᠣᠭᠤᠷᠢᠭ ᠢ | ᠪᠠᠭᠲᠠᠭᠠᠵᠤ᠂ ᠬᠤᠶᠠᠳᠤᠭᠠᠷ ᠲᠥᠷᠥᠯ ᠤᠨ ᠭᠠᠵᠠᠷ ᠣᠷᠣᠨ ᠳᠤ ᠲᠦᠮᠡᠳ ᠵᠡᠭᠦᠨ ᠬᠤᠰᠢᠭᠤ᠂ ᠲᠣᠭᠲᠠᠬᠤ ᠰᠢᠶᠠᠨ᠂ | ᠴᠢᠩ ᠱᠦᠢ ᠾᠧ ᠰᠢᠶᠠᠨ᠂ ᠦᠴᠦᠸᠠᠨ ᠰᠢᠶᠠᠨ ᠵᠡᠷᠭᠡ 4 ᠬᠤᠰᠢᠭᠤ ᠰᠢᠶᠠᠨ ᠢ ᠪᠠᠭᠲᠠᠭᠠᠨ᠎ᠠ᠂ ᠭᠤᠷᠪᠠᠳᠤᠭᠠᠷ | ᠲᠥᠷᠥᠯ ᠤᠨ ᠭᠠᠵᠠᠷ ᠣᠷᠣᠨ ᠪᠠᠶᠢᠬᠤ ᠦᠭᠡᠢ᠃ | ᠰᠠᠷ᠎ᠠ ᠶᠢᠨ ᠬᠠᠮᠤᠭ ᠤᠨ ᠳᠣᠤᠷ᠎ᠠ ᠴᠠᠯᠢᠩ ᠤᠨ ᠪᠠᠷᠢᠮᠵᠢᠶ᠎ᠠ ᠶᠢ ᠪᠦᠬᠦᠯᠢ ᠡᠳᠦᠷ ᠤᠨ ᠳᠦᠷᠢᠮᠲᠦ ᠠᠵᠢᠯ ᠤᠨ | ᠬᠥᠳᠡᠯᠮᠦᠷᠢᠯᠡᠭᠴᠢᠳ ᠲᠤ ᠬᠡᠷᠡᠭᠯᠡᠵᠦ᠂ ᠬᠥᠳᠡᠯᠮᠦᠷᠢᠯᠡᠭᠴᠢᠳ ᠬᠠᠤᠯᠢ ᠪᠠᠷ ᠲᠣᠭᠲᠠᠭᠠᠭᠰᠠᠨ ᠠᠵᠢᠯᠯᠠᠬᠤ ᠴᠠᠭ ᠪᠤᠶᠤ | ᠬᠥᠳᠡᠯᠮᠦᠷᠢ ᠶᠢᠨ ᠭᠡᠷ᠎ᠡ ᠳᠤ ᠲᠣᠭᠲᠠᠭᠰᠠᠨ ᠠᠵᠢᠯᠯᠠᠬᠤ ᠴᠠᠭ ᠤᠨ ᠳᠣᠲᠣᠷ᠎ᠠ ᠬᠥᠳᠡᠯᠮᠦᠷᠢ ᠬᠠᠩᠭᠠᠭᠰᠠᠨ ᠪᠣᠯ᠂ | ᠬᠥᠮᠦᠨ ᠬᠡᠷᠡᠭᠯᠡᠬᠦ ᠨᠢᠭᠡᠴᠢ ᠶᠢᠨ ᠣᠯᠭᠤᠬᠤ ᠰᠠᠷ᠎ᠠ ᠶᠢᠨ ᠴᠠᠯᠢᠩ ᠢ ᠬᠠᠮᠤᠭ ᠳᠣᠣᠷ᠎ᠠ ᠴᠠᠯᠢᠩ ᠤᠨ ᠪᠠᠷᠢᠮᠵᠢᠶ᠎ᠠ ᠠᠴᠠ | ᠳᠣᠤᠷ᠎ᠠ ᠪᠠᠶᠢᠯᠭᠠᠵᠤ ᠪᠣᠯᠬᠤ ᠦᠭᠡᠶ᠃ ᠴᠠᠭ ᠪᠦᠷᠢ ᠶᠢᠨ ᠬᠠᠮᠤᠭ ᠳᠣᠣᠷ᠎ᠠ ᠴᠠᠯᠢᠩ ᠤᠨ ᠪᠠᠷᠢᠮᠵᠢᠶ᠎ᠠ ᠨᠢ ᠪᠦᠬᠦᠯᠢ | ᠡᠳᠦᠷ ᠤᠨ ᠪᠤᠰᠤ ᠠᠵᠢᠯ ᠤᠨ ᠬᠥᠳᠡᠯᠮᠦᠷᠢᠯᠡᠭᠴᠢᠳ ᠲᠤ ᠲᠣᠬᠢᠷᠠᠨ᠎ᠠ᠂ ᠲᠤᠬᠠᠶᠢᠯᠠᠪᠠᠯ ᠬᠥᠳᠡᠯᠮᠦᠷᠢᠯᠡᠭᠴᠢᠳ ᠠᠳᠠᠯᠢ | ᠨᠢᠭᠡᠨ ᠬᠥᠮᠦᠨ ᠬᠡᠷᠡᠭᠯᠡᠬᠦ ᠨᠢᠭᠡᠴᠢ ᠳᠤ ᠳᠤᠮᠳᠠᠴᠢ ᠠᠵᠢᠯᠯᠠᠬᠤ ᠴᠠᠭ ᠨᠢ 4 ᠴᠠᠭ ᠠᠴᠠ ᠬᠡᠲᠦᠷᠡᠬᠦ ᠦᠭᠡᠢ᠂ ᠭᠠᠷᠠᠭ | ᠪᠦᠷᠢ ᠶᠢᠨ ᠠᠵᠢᠯᠯᠠᠬᠤ ᠴᠠᠭ ᠨᠡᠶᠢᠲᠡ 24 ᠴᠠᠭ ᠠᠴᠠ ᠬᠡᠲᠦᠷᠡᠬᠦ ᠦᠭᠡᠢ ᠪᠠᠶᠢᠳᠠᠯ ᠳᠣᠣᠷ᠎ᠠ᠂ ᠬᠥᠮᠦᠨ ᠬᠡᠷᠡᠭᠯᠡᠬᠦ | ᠨᠢᠭᠡᠴᠢ ᠶᠢᠨ ᠣᠯᠭᠤᠬᠤ ᠴᠠᠯᠢᠩ ᠨᠢ ᠴᠠᠭ ᠪᠦᠷᠢ ᠶᠢᠨ ᠬᠠᠮᠤᠭ ᠳᠣᠣᠷ᠎ᠠ ᠴᠠᠯᠢᠩ ᠤᠨ ᠪᠠᠷᠢᠮᠵᠢᠶ᠎ᠠ ᠠᠴᠠ ᠳᠣᠤᠷ᠎ᠠ | ᠪᠠᠶᠢᠯᠭᠠᠵᠤ ᠪᠣᠯᠬᠤ ᠦᠭᠡᠶ᠃ | ᠬᠠᠮᠤᠭ ᠤᠨ ᠳᠣᠤᠷ᠎ᠠ ᠴᠠᠯᠢᠩ ᠤᠨ ᠪᠠᠷᠢᠮᠵᠢᠶ᠎ᠠ ᠳᠤ ᠦᠨᠳᠦᠰᠦᠨ ᠨᠠᠰᠤᠵᠢᠯ ᠤᠨ ᠳᠠᠭᠠᠳᠬᠠᠯ᠂ ᠡᠮᠨᠡᠯᠭᠡ ᠶᠢᠨ | ᠳᠠᠭᠠᠳᠬᠠᠯ᠂ ᠠᠵᠢᠯ ᠠᠯᠳᠠᠯᠲᠠ ᠶᠢᠨ ᠳᠠᠭᠠᠳᠬᠠᠯ ᠪᠣᠯᠤᠨ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠦᠨ ᠤ ᠲᠤᠰᠢᠶᠠᠬᠤ ᠬᠡᠰᠡᠭ ᠵᠡᠷᠭᠡ ᠪᠠᠭᠲᠠᠨ᠎ᠠ᠃ ᠠᠵᠢᠯᠯᠠᠬᠤ ᠴᠠᠭ ᠢ | ᠤᠷᠲᠤᠳᠬᠠᠬᠤ ᠴᠠᠯᠢᠩ᠂ ᠦᠳᠡ ᠶᠢᠨ ᠡᠭᠡᠯᠵᠢ᠂ ᠰᠥᠨᠢ ᠶᠢᠨ ᠡᠭᠡᠯᠵᠢ᠂ ᠥᠨᠳᠥᠷ ᠳᠤᠯᠠᠭᠠᠨ᠂ ᠲᠡᠰᠬᠢᠮ᠎ᠡ ᠬᠦᠢᠲᠡᠨ | ᠂ ᠬᠤᠳᠳᠤᠭ ᠳᠣᠲᠣᠷ᠎ᠠ᠂ ᠬᠤᠤᠷ ᠪᠤᠶᠤ ᠬᠥᠨᠥᠭᠡᠯ ᠲᠠᠢ ᠵᠡᠷᠭᠡ ᠣᠨᠴᠠᠭᠠᠢ ᠨᠥᠬᠦᠴᠡᠯ ᠤᠨ ᠨᠥᠬᠦᠪᠦᠷᠢ᠂ ᠬᠠᠤᠯᠢ | ᠴᠠᠭᠠᠵᠠ ᠬᠠᠤᠯᠢ ᠲᠣᠭᠲᠠᠭᠠᠯ ᠪᠣᠯᠤᠨ ᠤᠯᠤᠰ ᠠᠴᠠ ᠲᠣᠭᠲᠠᠭᠠᠭᠰᠠᠨ ᠬᠥᠳᠡᠯᠮᠦᠷᠢᠯᠡᠭᠴᠢᠳ ᠤᠨ ᠠᠰᠠᠷᠠᠮᠵᠢ | ᠣᠯᠭᠤᠮᠵᠢ ᠵᠡᠷᠭᠡ ᠶᠢ ᠪᠠᠭᠲᠠᠭᠠᠬᠤ ᠦᠭᠡᠶ᠃ ᠬᠥᠮᠦᠨ ᠬᠡᠷᠡᠭᠯᠡᠬᠦ ᠨᠢᠭᠡᠴᠢ ᠬᠠᠮᠤᠭ ᠳᠣᠣᠷ᠎ᠠ ᠴᠠᠯᠢᠩ ᠤᠨ ᠪᠠᠷᠢᠮᠵᠢᠶ᠎ᠠ | ᠣᠯᠭᠤᠬᠤ ᠲᠣᠭᠲᠠᠭᠠᠯ ᠠᠴᠠ ᠵᠥᠷᠢᠴᠡᠭᠰᠡᠨ ᠪᠠᠶᠢᠪᠠᠯ ᠬᠥᠳᠡᠯᠮᠦᠷᠢᠯᠡᠭᠴᠢᠳ ᠬᠥᠮᠦᠨ ᠤ ᠬᠦᠴᠦᠨ ᠤ ᠡᠬᠢ ᠪᠠᠶᠠᠯᠢᠭ | ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠢᠯᠡᠴᠢᠯᠡᠨ ᠵᠠᠭᠠᠯᠳᠤᠬᠤ ᠪᠤᠶᠤ ᠬᠠᠤᠯᠢ ᠶᠣᠰᠣᠭᠠᠷ | ᠬᠥᠨᠳᠡᠯᠡᠨ ᠠᠴᠠ ᠲᠠᠰᠤᠯᠤᠭᠤᠯᠬᠤ ᠪᠠᠷ ᠭᠤᠶᠤᠴᠢᠯᠠᠨ᠂ ᠵᠠᠷᠭᠤ ᠬᠢᠵᠦ ᠪᠣᠯᠤᠨ᠎ᠠ᠃ |