ᠲᠣᠭᠲᠠᠬᠤ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ 2024 ᠣᠨ ᠤ 9 ᠳ᠋ᠤᠭᠡᠷ ᠰᠠᠷ᠎ᠠ ᠳᠤ ᠥᠪᠥᠷ ᠮᠣᠩᠭᠤᠯ ᠤᠨ ᠡᠳ᠋ ᠤᠨ ᠵᠠᠰᠠᠭ ᠤᠨ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠮᠡᠳᠡᠭᠡ ᠵᠠᠩᠭᠢ ᠶᠢᠨ ᠲᠠᠪᠴᠠᠩ ᠤᠨ ︽ᠪᠦᠬᠦᠨ ᠳᠤ ᠲᠣᠬᠢᠷᠠᠬᠤ ᠺᠠᠷᠲ︾ ᠢᠶᠠᠷ ᠳᠠᠮᠵᠢᠭᠤᠯᠤᠨ ᠡᠳ᠋ ᠤᠨ ᠵᠠᠰᠠᠭ ᠤᠨ ᠠᠷᠠᠳ ᠲᠤ ᠠᠰᠢᠭ ᠬᠦᠷᠲᠡᠭᠡᠵᠦ ᠲᠠᠷᠢᠶᠠᠴᠢᠳ ᠲᠤ ᠠᠰᠢᠭ ᠬᠦᠷᠲᠡᠭᠡᠵᠦ ᠲᠥᠯᠥᠪᠯᠡᠭᠡᠲᠦ ᠦᠷᠡᠵᠢᠯ ᠤᠨ ᠲᠥᠷᠥᠯ ᠤᠨ ᠪᠡᠯᠡ ᠮᠥᠩᠭᠦ ᠶᠢ 139.83 ᠲᠦᠮᠡᠨ ᠲᠥᠭᠦᠷᠢᠭ ᠲᠠᠷᠬᠠᠭᠠᠪᠠ
ᠨᠡᠶᠢᠲᠡᠯᠡᠭᠰᠡᠨ ᠴᠠᠭ᠄
2024/11/4
ᠢᠷᠡᠯᠲᠡ᠄ ᠲᠤᠭᠳᠠᠬᠤ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ      9 ᠳ᠋ᠤᠭᠡᠷ ᠰᠠᠷ᠎ᠠ ᠳᠤ᠂ ᠲᠣᠭᠲᠠᠬᠤ ᠡᠳ᠋ ᠤᠨ ᠵᠠᠰᠠᠭ ᠤᠨ ᠲᠣᠪᠴᠢᠶ᠎ᠠ ︽ᠪᠦᠬᠦᠨ ᠳᠤ ᠲᠣᠬᠢᠷᠠᠬᠤ ᠺᠠᠷᠲ︾ ᠢᠶᠠᠷ ᠳᠠᠮᠵᠢᠭᠤᠯᠤᠨ ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ ᠮᠥᠩᠭᠦ ᠶᠢ ᠨᠡᠶᠢᠲᠡ 139.83 ᠲᠦᠮᠡᠨ ᠲᠥᠭᠦᠷᠢᠭ᠂ 1251 ᠬᠥᠮᠥᠨ ᠤᠳᠠᠭ᠎ᠠ ᠲᠠᠷᠬᠠᠭᠠᠭᠰᠠᠨ ᠪᠠᠶᠢᠨ᠎ᠠ᠃ ᠡᠭᠦᠨ ᠳᠤ ᠲᠥᠯᠥᠪᠯᠡᠭᠡᠲᠦ ᠦᠷᠡᠵᠢᠯ ᠤᠨ ᠨᠥᠬᠦᠪᠦᠷᠢ 139.88 ᠲᠦᠮᠡᠨ ᠲᠥᠭᠦᠷᠢᠭ ᠪᠠᠶᠢᠵᠤ᠂ 1251 ᠬᠥᠮᠥᠨ ᠤᠳᠠᠭ᠎ᠠ ᠳᠤ ᠠᠰᠢᠭ ᠬᠦᠷᠲᠡᠭᠡᠪᠡ︔ ᠭᠠᠭᠴᠠ ᠬᠡᠦᠬᠡᠳ ᠤᠨ ᠡᠴᠢᠭᠡ ᠡᠬᠡ ᠶᠢ ᠱᠠᠩᠨᠠᠬᠤ ᠵᠠᠷᠤᠳᠠᠯ 7.13 ᠲᠦᠮᠡᠨ ᠲᠥᠭᠦᠷᠢᠭ ᠬᠦᠷᠴᠦ᠂ 297 ᠬᠥᠮᠥᠨ ᠤᠳᠠᠭ᠎ᠠ ᠳᠤ ᠠᠰᠢᠭ ᠬᠦᠷᠲᠡᠭᠡᠪᠡ︔ 86.50 ᠲᠦᠮᠡᠨ ᠲᠥᠭᠦᠷᠢᠭ ᠤᠨ ᠱᠠᠩᠨᠠᠨ ᠲᠡᠳᠬᠦᠬᠦ ᠵᠠᠷᠤᠳᠠᠯ ᠢ ᠱᠠᠩᠨᠠᠵᠤ᠂ 901 ᠬᠥᠮᠥᠨ ᠤᠳᠠᠭ᠎ᠠ ᠳᠤ ᠠᠰᠢᠭ ᠬᠦᠷᠲᠡᠭᠡᠪᠡ︔ ᠲᠥᠯᠥᠪᠯᠡᠭᠡᠲᠦ ᠦᠷᠡᠵᠢᠯ ᠤᠨ ᠭᠡᠷ ᠪᠦᠯᠢ ᠶᠢᠨ ᠣᠨᠴᠠ ᠱᠠᠩᠨᠠᠨ ᠲᠡᠳᠬᠦᠬᠦ ᠨᠥᠬᠦᠪᠦᠷᠢ 46.21 ᠲᠦᠮᠡᠨ ᠲᠥᠭᠦᠷᠢᠭ ᠬᠦᠷᠴᠦ᠂ 53 ᠬᠥᠮᠥᠨ ᠤᠳᠠᠭ᠎ᠠ ᠳᠤ ᠠᠰᠢᠭ ᠬᠦᠷᠲᠡᠭᠡᠪᠡ᠃      ᠳᠠᠷᠠᠭ᠎ᠠ ᠰᠠᠷ᠎ᠠ ᠳᠤ᠂ ᠲᠣᠭᠲᠠᠬᠤ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠠᠴᠠ ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ ᠮᠥᠩᠭᠦ ᠶᠢ ᠠᠮᠤᠷ ᠲᠦᠪᠰᠢᠨ᠂ ᠴᠠᠭ ᠲᠤᠬᠠᠢ ᠳᠤᠨᠢ᠂ ᠭᠦᠢᠴᠡᠳ ᠲᠤᠭ᠎ᠠ ᠪᠠᠷ ᠬᠤᠳᠠ ᠬᠥᠳᠡᠭᠡ ᠶᠢᠨ ᠰᠠᠭᠤᠭᠠᠯᠢ ᠠᠷᠠᠳ ᠪᠣᠯᠣᠨ ᠮᠠᠯᠴᠢᠨ ᠲᠠᠷᠢᠶᠠᠴᠢᠨ ᠳᠤ ᠣᠯᠭᠤᠬᠤ ᠶᠢ ᠪᠠᠲᠤᠯᠠᠵᠤ᠂ ᠠᠷᠠᠳ ᠤᠯᠠᠨ ᠤ ᠵᠣᠯ ᠵᠢᠷᠭᠠᠯᠳᠤ ᠲᠥᠷᠥᠭᠳᠡᠯ᠂ ᠬᠠᠨᠦᠮᠵᠢᠳᠦ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠦᠨ᠎ᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1