ᠶᠡᠷᠦᠩᠬᠡᠢ ᠬᠡᠮᠵᠢᠶ᠎ᠡ ᠶᠢ ᠨᠡᠮᠡᠭᠳᠡᠭᠦᠯᠵᠦ᠂ ᠪᠦᠲᠦᠴᠡ ᠶᠢ ᠰᠢᠯᠢᠳᠡᠭᠵᠢᠭᠦᠯᠵᠦ ᠂ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠪᠠ — ᠥᠪᠥᠷ ᠮᠣᠩᠭᠤᠯ ᠠᠯᠢ ᠣᠯᠠᠨ ᠨᠡᠮᠡᠭᠳᠡᠯ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ ᠪᠣᠶ
ᠨᠡᠶᠢᠲᠡᠯᠡᠭᠰᠡᠨ ᠴᠠᠭ᠄
2024/11/6
      ᠬᠠᠳᠠᠭᠠᠯᠠᠯᠳᠠ ᠶᠢᠨ ᠪᠡᠯᠡᠳᠬᠡᠯ ᠮᠥᠩᠭᠦᠨ ᠤ ᠨᠣᠷᠮ᠎ᠠ ᠪᠣᠯᠣᠨ ᠲᠥᠷᠥ ᠶᠢᠨ ᠪᠣᠳᠣᠯᠭ᠎ᠠ ᠶᠢᠨ ᠬᠦᠦ ᠮᠥᠩᠭᠦ  ᠶᠢᠨ ᠨᠣᠷᠮ᠎ᠠ ᠶᠢ ᠪᠠᠭᠤᠷᠠᠭᠤᠯᠵᠦ᠂ ᠦᠯᠡᠳᠡᠭᠡᠯ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ  ᠶᠢ ᠪᠠᠭᠤᠷᠠᠭᠤᠯᠬᠤ ᠶᠢᠨ ᠬᠠᠮᠲᠤ ᠣᠷᠣᠨ ᠰᠠᠭᠤᠴᠠ ᠶᠢᠨ ᠵᠢᠭᠡᠯᠡᠯᠭᠡ ᠶᠢᠨ ᠠᠩᠬ᠎ᠠ ᠲᠤᠰᠢᠶᠠᠬᠤ ᠬᠠᠷᠢᠴᠠᠯ ᠢ ᠨᠢᠭᠡᠳᠬᠡᠵᠦ᠂ ᠰᠲ᠋ᠣᠺ ᠤᠨ ᠵᠠᠬ᠎ᠠ ᠳᠡᠯᠭᠡᠭᠦᠷ ᠲᠤ ᠵᠣᠷᠢᠭᠤᠯᠤᠭᠰᠠᠨ ᠪᠦᠲᠦᠴᠡ ᠶᠢᠨ ᠴᠢᠨᠠᠷᠲᠠᠢ ᠵᠣᠭᠤᠰᠤᠨ ᠤ ᠲᠥᠷᠥ  ᠶᠢᠨ ᠪᠣᠳᠣᠯᠭ᠎ᠠ ᠶᠢᠨ ᠪᠠᠭᠠᠵᠢ ᠶᠢ ᠠᠩᠬ᠎ᠠ ᠤᠳᠠᠭ᠎ᠠ ᠪᠤᠶ ᠪᠣᠯᠭᠠᠪᠠ ᠁ 9 ᠳ᠋ᠤᠭᠡᠷ ᠰᠠᠷ᠎ᠠ ᠳᠤ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠲᠡᠷᠡ ᠳᠠᠷᠤᠢ ᠳᠤᠨᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠲᠦᠷᠦ ᠶᠢᠨ ᠪᠣᠳᠣᠯᠭ᠎ᠠ ᠶᠢ ᠤᠯᠠᠮᠵᠢᠯᠠᠨ ᠲᠠᠶᠢᠯᠪᠤᠷᠢᠯᠠᠵᠤ᠂ ᠦᠯᠡᠳᠡᠭᠡᠯ ᠲᠦᠷᠦ ᠶᠢᠨ ᠪᠣᠳᠣᠯᠭ᠎ᠠ ᠪᠠ ᠨᠡᠮᠡᠭᠳᠡᠯ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠡᠯ᠎ᠡ ᠵᠦᠢᠯ ᠤᠨ ᠮᠥᠩᠭᠦᠨ ᠭᠦᠢᠯᠭᠡᠭᠡᠨ ᠤ ᠲᠦᠷᠦ ᠶᠢᠨ ᠪᠣᠳᠣᠯᠭ᠎ᠠ ᠶᠢ ᠰᠠᠶᠢᠲᠤᠷ ᠭᠦᠢᠴᠡᠳ ᠬᠡᠷᠡᠭᠯᠡᠬᠦ ᠶᠢ ᠠᠬᠢᠭᠤᠯᠵᠤ᠂ ᠪᠣᠳᠠᠲᠤ ᠴᠣᠭᠴᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠪᠡ᠃      ᠢᠳᠡᠭᠡᠮᠵᠢᠳᠦ ᠵᠢᠭᠡᠯᠡᠯᠭᠡ ᠶᠢᠨ ᠶᠡᠷᠦᠩᠬᠡᠢ ᠬᠡᠮᠵᠢᠶ᠎ᠡ ᠶᠢ ᠲᠣᠭᠲᠠᠭᠤᠨ ᠢᠶᠠᠷ ᠨᠡᠮᠡᠭᠳᠡᠭᠦᠯᠪᠡ᠃ ᠨᠢᠭᠡ ᠳᠤ᠂ ᠬᠦᠦ ᠮᠥᠩᠭᠦ ᠶᠢ ᠪᠠᠭᠤᠷᠠᠭᠤᠯᠬᠤ ᠲᠦᠷᠦ ᠶᠢᠨ ᠪᠣᠳᠣᠯᠭ᠎ᠠ ᠶᠢ ᠬᠢᠨᠠᠮᠠᠭᠠᠢ ᠨᠠᠶᠢᠳᠠᠪᠦᠷᠢᠵᠢᠭᠤᠯᠪᠠ᠃ ᠡᠨᠡ ᠵᠢᠯ ᠤᠨ 2 ᠳ᠋ᠤᠭᠠᠷ ᠰᠠᠷ᠎ᠠ ᠳᠤ᠂ ᠳᠤᠮᠳᠠᠳᠤ ᠤᠯᠤᠰ ᠤᠨ ᠠᠷᠠᠳ ᠤᠨ ᠪᠠᠩᠬᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠯᠳᠠ ᠶᠢᠨ ᠪᠡᠯᠡᠳᠬᠡᠯ ᠮᠥᠩᠭᠦᠨ ᠤ ᠨᠣᠷᠮ᠎ᠠ ᠶᠢ 0.5% ᠪᠠᠭᠤᠷᠠᠭᠤᠯᠵᠤ᠂ ᠪᠥᠬᠦ ᠣᠷᠣᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠡᠷᠡᠭᠯᠡᠵᠦ ᠪᠣᠯᠬᠤ ᠪᠡᠯᠡ ᠮᠥᠩᠭᠦ ᠶᠢ 126 ᠳ᠋ᠦᠩᠰᠢᠭᠤᠷ ᠲᠥᠭᠦᠷᠢᠭ ᠰᠤᠯᠠᠯᠠᠵᠠᠢ᠃ 3 ᠳ᠋ᠤᠭᠠᠷ ᠰᠠᠷ᠎ᠠ ᠳᠤ᠂ ᠬᠢᠨᠠᠨ ᠰᠢᠯᠭᠠᠭᠠᠳ ᠪᠠᠷᠢᠮᠵᠢᠶ᠎ᠠ ᠳᠤ ᠬᠦᠷᠦᠭᠰᠡᠨ ᠲᠠᠷᠢᠶᠠᠯᠠᠩ ᠤᠨ ᠪᠠᠩᠬᠢ ᠶᠢᠨ ᠰᠢᠶᠠᠨ ᠤ ᠱᠠᠲᠤᠨ ᠤ ᠲᠠᠷᠢᠶᠠᠯᠠᠩ ᠮᠠᠯ ᠠᠵᠤ ᠠᠬᠤᠢ ᠬᠥᠳᠡᠭᠡ ᠲᠣᠰᠬᠤᠨ ᠲᠠᠷᠢᠶᠠᠴᠢᠨ ᠤ ᠮᠥᠩᠭᠦᠨ ᠭᠦᠢᠯᠭᠡᠭᠡᠨ ᠤ ᠠᠵᠢᠯ ᠦᠢᠯᠡᠰ ᠤᠨ ᠬᠡᠯᠲᠡᠰ ᠲᠤ ᠬᠠᠷᠠᠭᠠᠯᠵᠠᠯᠲᠤ ᠬᠠᠳᠠᠭᠠᠯᠠᠯᠳᠠ ᠶᠢᠨ ᠪᠡᠯᠡᠳᠬᠡᠯ ᠮᠥᠩᠭᠦᠨ ᠤ ᠨᠣᠷᠮ᠎ᠠ ᠳᠤ ᠬᠠᠷᠠᠭᠠᠯᠵᠠᠯ ᠦᠵᠡᠭᠦᠯᠵᠦ᠂ ᠪᠥᠬᠦ ᠣᠷᠣᠨ ᠤ ︽ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠳ︾ ᠤᠨ 46.8 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠰᠤᠯᠠᠯᠠᠭᠰᠠᠨ ᠪᠠᠶᠢᠨ᠎ᠠ᠃ 9 ᠳ᠋ᠤᠭᠡᠷ ᠰᠠᠷ᠎ᠠ ᠳᠤ᠂ ᠳᠤᠮᠳᠠᠳᠤ ᠤᠯᠤᠰ ᠤᠨ ᠠᠷᠠᠳ ᠤᠨ ᠪᠠᠩᠬᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠶᠢᠨ ᠪᠡᠯᠡᠳᠬᠡᠯ ᠮᠥᠩᠭᠦᠨ ᠤ ᠨᠣᠷᠮ᠎ᠠ ᠶᠢ 0.5% ᠪᠠᠭᠤᠷᠠᠭᠤᠯᠵᠤ᠂ ᠪᠥᠬᠦ ᠣᠷᠣᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠡᠷᠡᠭᠯᠡᠵᠦ ᠪᠣᠯᠬᠤ ᠪᠡᠯᠡ ᠮᠥᠩᠭᠦ ᠶᠢ 127.5 ᠳ᠋ᠦᠩᠰᠢᠭᠤᠷ ᠲᠥᠭᠦᠷᠢᠭ ᠰᠤᠯᠠᠯᠠᠭᠰᠠᠨ ᠪᠠᠶᠢᠨ᠎ᠠ᠃ ᠬᠤᠶᠠᠷ ᠲᠤ᠂ ᠪᠦᠲᠦᠴᠡ ᠶᠢᠨ ᠴᠢᠨᠠᠷᠲᠠᠢ ᠵᠣᠭᠤᠰᠤᠨ ᠤ ᠲᠥᠷᠥ ᠶᠢᠨ ᠪᠣᠳᠣᠯᠭ᠎ᠠ ᠶᠢᠨ ᠪᠠᠭᠠᠵᠢ ᠶᠢᠨ ᠶᠡᠷᠦᠩᠬᠡᠢ ᠬᠡᠮᠵᠢᠶ᠎ᠡ ᠪᠠ ᠪᠦᠲᠦᠴᠡ ᠶᠢᠨ ᠳᠠᠪᠬᠤᠷ ᠴᠢᠳᠠᠮᠵᠢ ᠶᠢ ᠪᠠᠳᠠᠷᠠᠭᠤᠯᠵᠤ᠂ ᠥᠪᠡᠷ ᠤᠨ ᠥᠷᠲᠡᠭ ᠢᠶᠠᠷ ᠳᠣᠣᠷ᠎ᠠ ᠲᠥᠪ ᠪᠠᠩᠬᠢ ᠶᠢᠨ ᠪᠡᠯᠡ ᠮᠥᠩᠭᠦ ᠶᠢ ᠪᠣᠳᠠᠲᠤ ᠴᠣᠭᠴᠠ ᠶᠢᠨ ᠠᠵᠤ ᠠᠬᠤᠢ ᠳᠤ ᠨᠠᠷᠢᠯᠢᠭ ᠣᠨᠣᠴᠠᠲᠠᠢ ᠪᠠᠷ ᠵᠢᠭᠡᠯᠡᠭᠦᠯᠪᠡ᠃ ᠲᠠᠬᠢᠨ ᠵᠢᠭᠡᠯᠡᠯᠭᠡ᠂ ᠲᠠᠬᠢᠨ ᠪᠡᠯᠡᠨ ᠵᠣᠭᠤᠰ ᠤᠯᠭᠤᠬᠤ᠂ ᠨᠡᠶᠢᠳᠡᠮ ᠠᠰᠢᠭ ᠬᠦᠷᠲᠡᠭᠡᠬᠦ ᠵᠢᠵᠢᠭ ᠪᠢᠴᠢᠯ ᠵᠢᠭᠡᠯᠡᠯᠭᠡ ᠶᠢ ᠳᠡᠮᠵᠢᠬᠦ ᠪᠠᠭᠠᠵᠢ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠳᠡᠮᠵᠢᠬᠦ ᠪᠠᠭᠠᠵᠢ ᠶᠢ ᠰᠠᠶᠢᠲᠤᠷ ᠬᠡᠷᠡᠭᠯᠡᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠢᠲᠡᠭᠡᠮᠵᠢᠲᠦ ᠵᠢᠭᠡᠯᠡᠯᠭᠡ ᠶᠢᠨ ᠪᠦᠲᠦᠮᠵᠢᠲᠡᠶ ᠬᠠᠩᠭᠠᠯᠭ᠎ᠠ ᠶᠢ ᠥᠷᠭᠡᠳᠬᠡᠬᠦ ᠶᠢ ᠲᠡᠮᠵᠢᠵᠤ᠂ ᠨᠡᠩ ᠤᠯᠠᠨ ᠢᠲᠡᠭᠡᠮᠵᠢᠲᠦ ᠵᠢᠭᠡᠯᠡᠯᠭᠡ ᠶᠢᠨ ᠡᠬᠢ ᠪᠠᠶᠠᠯᠢᠭ ᠢ ᠲᠠᠶᠢᠴᠢᠯᠠᠨ ᠭᠤᠣᠯᠳᠠᠯᠭ᠎ᠠ ᠲᠠᠢ ᠬᠦᠷᠢᠶ᠎ᠡ ᠪᠠ ᠪᠠᠭᠤᠷᠠᠢ ᠭᠤᠭᠴᠤᠭ᠎ᠠ ᠲᠡᠶᠢᠰᠢ ᠬᠡᠯᠪᠡᠶᠢᠯᠭᠡᠪᠡ᠃ ᠡᠨᠡ ᠵᠢᠯ ᠠᠴᠠ ᠨᠠᠰᠢ᠂ ᠡᠯ᠎ᠡ ᠵᠦᠢᠯ ᠤᠨ ᠵᠣᠭᠤᠰᠤᠨ ᠤ ᠲᠥᠷᠥ ᠶᠢᠨ ᠪᠣᠳᠣᠯᠭ᠎ᠠ ᠪᠠᠷ ᠳᠠᠮᠵᠢᠭᠤᠯᠤᠨ ᠪᠥᠬᠦ ᠣᠷᠣᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ 549.3 ᠳ᠋ᠦᠩᠰᠢᠭᠤᠷ ᠲᠥᠭᠦᠷᠢᠭ ᠤᠨ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠬᠠᠩᠭᠠᠪᠠ᠃ ᠭᠤᠷᠪᠠ ᠳᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠬᠠᠳᠠᠭᠠᠯᠠᠯᠲᠠ ᠶᠢᠨ ᠬᠡᠮᠵᠢᠶ᠎ᠡ ᠶᠢ ᠭᠦᠨ ᠠᠭᠤᠳᠠᠯᠵᠤ᠂ ᠨᠡᠮᠡᠭᠳᠡᠯ ᠤᠨ ᠬᠡᠮᠵᠢᠶ᠎ᠡ ᠶᠢ ᠥᠷᠭᠡᠳᠬᠡᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠰᠤᠷᠪᠤᠯᠵᠢᠯᠠᠬᠤ ᠪᠠ ᠪᠠᠶᠢᠴᠠᠭᠠᠨ ᠰᠤᠳᠤᠯᠤᠯᠲᠠ ᠬᠢᠬᠦ ᠶᠢ ᠥᠷᠭᠡᠨ ᠢᠶᠠᠷ ᠥᠷᠨᠢᠭᠦᠯᠵᠦ᠂ ᠲᠦᠷᠦ ᠶᠢᠨ ᠪᠣᠳᠣᠯᠭ᠎ᠠ ᠶᠢ ᠳᠠᠮᠵᠢᠭᠤᠯᠬᠤ ᠶᠠᠪᠤᠴᠠ ᠳᠠᠬᠢ ᠪᠡᠷᠬᠡ ᠠᠰᠠᠭᠤᠳᠠᠯ ᠢ ᠡᠵᠡᠮᠰᠢᠨ ᠡᠮᠬᠢᠯᠡᠵᠦ᠂ ᠴᠠᠭ ᠲᠤᠬᠠᠢ ᠳᠤᠨᠢ ᠬᠠᠷᠢᠭᠤᠯᠲᠠ ᠥᠭᠬᠦ ᠪᠠ ᠰᠢᠢᠳᠪᠦᠷᠢᠯᠡᠬᠦ ᠶᠢ ᠲᠦᠯᠬᠢᠨ ᠠᠬᠢᠭᠤᠯᠵᠤ᠂ ᠢᠲᠡᠭᠡᠮᠵᠢᠲᠦ ᠵᠢᠭᠡᠯᠡᠯᠭᠡ ᠶᠢᠨ ᠨᠡᠮᠡᠭᠳᠡᠯ ᠤᠨ ᠲᠣᠭᠲᠠᠪᠤᠷᠢᠲᠤ ᠴᠢᠨᠠᠷ ᠢᠶᠠᠷ ᠠᠵᠤ ᠠᠬᠤᠢ ᠶᠢᠨ ᠬᠥᠭᠵᠢᠯᠲᠡ ᠶᠢᠨ ᠲᠣᠭᠲᠠᠪᠤᠷᠢᠲᠤ ᠴᠢᠨᠠᠷ ᠢ ᠨᠡᠮᠡᠭᠳᠡᠭᠦᠯᠪᠡ᠃      ᠢᠲᠡᠭᠡᠮᠵᠢᠲᠦ ᠵᠢᠭᠡᠯᠡᠯᠭᠡ ᠶᠢᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠪᠡ᠃ ᠨᠢᠭᠡ ᠳᠤ᠂ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠲᠦᠷᠦ ᠶᠢᠨ ᠪᠣᠳᠣᠯᠭ᠎ᠠ ᠶᠢᠨ ᠨᠡᠶᠢᠯᠡᠮᠡᠯ ᠬᠦᠴᠦᠨ ᠢ ᠪᠠᠳᠠᠷᠠᠭᠤᠯᠠᠪᠠ᠃ ᠵᠢᠯ ᠤᠨ ᠡᠬᠢᠨ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠥᠩᠭᠦᠨ ᠭᠦᠢᠯᠭᠡᠭᠡᠨ ᠤ ᠬᠦᠷᠢᠶᠡᠨ ᠳᠠᠬᠢ ᠲᠠᠪᠤᠨ ᠲᠣᠮᠣ ᠶᠠᠪᠤᠳᠠᠯ ᠢ ᠰᠠᠶᠢᠲᠤᠷ ᠬᠢᠬᠦ ᠶᠢᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠵᠤ᠂ ᠮᠥᠩᠭᠦᠨ ᠭᠦᠢᠯᠭᠡᠭᠡᠨ ᠤ ᠬᠦᠷᠢᠶᠡᠨ ᠳᠠᠬᠢ 11 ᠵᠦᠢᠯ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠤᠭᠳᠠᠭᠠᠪᠠ᠃ ᠬᠤᠶᠠᠷ ᠲᠤ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠨᠢᠭᠡᠨᠲᠡ ᠨᠡᠶᠢᠲᠡᠯᠡᠭᠰᠡᠨ ᠡᠯ᠎ᠡ ᠵᠦᠢᠯ ᠤᠨ ᠮᠥᠩᠭᠦᠨ ᠭᠦᠢᠯᠭᠡᠭᠡᠨ ᠤ ᠲᠦᠷᠦ ᠶᠢᠨ ᠪᠣᠳᠣᠯᠭ᠎ᠠ ᠶᠢ ᠯᠠᠪᠳᠠᠭᠤᠨ ᠪᠠᠲᠤᠲᠠᠢ ᠪᠠᠷ ᠨᠠᠶᠢᠳᠠᠪᠦᠷᠢᠵᠢᠭᠤᠯᠪᠠ᠃ ᠰᠢᠨᠵᠢᠯᠡᠭᠡ ᠮᠡᠷᠭᠡᠵᠢᠯ᠂ ᠪᠣᠬᠢᠷᠲᠤᠯ ᠦᠭᠡᠢ ᠬᠦᠭᠵᠢᠯᠳᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠬᠦᠷᠢᠶᠡᠨ ᠳᠠᠬᠢ ᠠᠷᠠᠳ ᠠᠴᠠ ᠡᠵᠡᠩᠨᠡᠭᠰᠡᠨ ᠵᠢᠵᠢᠭ ᠪᠢᠴᠢᠯ ᠠᠵᠤ ᠠᠬᠤᠶᠢᠯᠠᠯ ᠤᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠭᠦᠨᠵᠡᠭᠡᠢ ᠥᠷᠨᠢᠭᠦᠯᠵᠦ᠂ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠰᠠᠶᠢᠳᠦᠷ ᠬᠢᠵᠡᠢ᠃ 9 ᠳ᠋ᠤᠭᠡᠷ ᠰᠠᠷ᠎ᠠ ᠶᠢᠨ ᠰᠡᠭᠦᠯᠴᠢ ᠳᠤ᠂ ᠪᠥᠬᠦ ᠣᠷᠣᠨ ᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠠ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ ᠲᠣᠰ ᠲᠣᠰ 7569.4 ᠳ᠋ᠦᠩᠰᠢᠭᠤᠷ ᠲᠥᠭᠦᠷᠢᠭ ᠪᠠ 6906.9 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 12.2% ᠪᠠ 10.7% ᠨᠡᠮᠡᠭᠳᠡᠵᠦ᠂ ᠡᠯ᠎ᠡ ᠵᠦᠢᠯ ᠤᠨ ᠵᠢᠭᠡᠯᠡᠯᠭᠡ ᠶᠢᠨ ᠨᠡᠮᠡᠭᠳᠡᠯ ᠤᠨ ᠬᠤᠷᠳᠤᠴᠠ ᠠᠴᠠ ᠴᠥᠮ ᠥᠨᠳᠥᠷ ᠪᠣᠯᠤᠭᠰᠠᠨ ᠪᠠᠶᠢᠨ᠎ᠠ᠃ 9 ᠳ᠋ᠤᠭᠡᠷ ᠰᠠᠷ᠎ᠠ ᠶᠢᠨ ᠰᠡᠭᠦᠯᠴᠢ ᠳᠤ᠂ ᠪᠥᠬᠦ ᠣᠷᠣᠨ ᠤ ᠵᠦᠢ ᠶᠣᠰᠣᠨ ᠤ ᠵᠢᠭᠡᠯᠡᠯᠭᠡ ᠶᠢᠨ ᠦᠯᠡᠳᠡᠪᠦᠷᠢ ᠲᠤᠭ᠎ᠠ 5875.1 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 1145.6 ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠨ᠂ ᠠᠳᠠᠯᠢ ᠬᠤᠭᠤᠴᠠᠭᠠᠨ ᠤ ᠬᠢ ᠠᠴᠠ 33.9% ᠨᠡᠮᠡᠭᠳᠡᠵᠦ᠂ ᠵᠦᠢ ᠶᠣᠰᠣᠨ ᠤ ᠵᠢᠭᠡᠯᠡᠯᠭᠡ ᠶᠢᠨ ᠨᠡᠮᠡᠭᠳᠡᠯ ᠤᠨ ᠬᠤᠷᠳᠤᠴᠠ 10 ᠤᠯᠠᠷᠢᠯ ᠳᠠᠷᠠᠭᠠᠯᠠᠨ 30% ᠠᠴᠠ ᠳᠡᠭᠡᠭᠰᠢ ᠪᠠᠶᠢᠬᠤ ᠶᠢ ᠪᠠᠲᠤᠯᠠᠪᠠ᠃ ᠮᠡᠳᠡᠭᠡ ᠵᠠᠩᠭᠢ ᠳᠠᠮᠵᠢᠭᠤᠯᠬᠤ᠂ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠵᠢᠭᠡᠯᠡᠯᠭᠡ ᠠᠳᠠᠯᠢ ᠬᠤᠭᠤᠴᠠᠭᠠᠨ ᠤ ᠬᠢ ᠠᠴᠠ 59.6% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠡᠯ᠎ᠡ ᠠᠵᠢᠯ ᠲᠥᠷᠥᠯ ᠤᠨ ᠳᠣᠲᠣᠷ᠎ᠠ ᠬᠠᠮᠤᠭ ᠤᠨ ᠥᠨᠳᠥᠷ ᠪᠣᠯᠵᠠᠢ᠃ ᠭᠤᠷᠪᠠ ᠳᠤ᠂ ᠬᠦᠪᠦᠷᠡᠯ ᠤᠨ ᠬᠤᠭᠤᠴᠠᠭ᠎ᠠ ᠶᠢ ᠠᠮᠵᠢᠵᠤ᠂ ᠰᠢᠨ᠎ᠡ ᠪᠠᠷ ᠨᠡᠶᠢᠲᠡᠯᠡᠭᠰᠡᠨ ᠲᠦᠷᠦ ᠶᠢᠨ ᠪᠣᠳᠣᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠪᠠ᠃ ᠡᠨᠡ ᠵᠢᠯ ᠠᠴᠠ ᠨᠠᠰᠢ᠂ ᠪᠥᠬᠦ ᠣᠷᠣᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠨᠡᠶᠢᠲᠡ 100 ᠨᠠᠰᠤᠵᠢᠯ ᠤᠨ ᠠᠰᠠᠷᠠᠮᠵᠢ ᠶᠢᠨ ᠠᠵᠤ ᠠᠬᠤᠶᠢᠯᠠᠯ ᠢ ᠲᠠᠨᠢᠯᠴᠠᠭᠤᠯᠤᠨ ᠬᠦᠷᠭᠡᠭᠰᠡᠨ ᠪᠠᠶᠢᠨ᠎ᠠ᠃ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠪᠠ ᠮᠡᠷᠭᠡᠵᠢᠯ ᠤᠨ ᠥᠭᠡᠷᠡᠴᠢᠯᠡᠯᠲᠡ ᠶᠢᠨ ᠳᠠᠬᠢᠨ ᠵᠢᠭᠡᠯᠡᠯᠭᠡ ᠲᠠᠯᠪᠢᠬᠤ ᠲᠥᠷᠥ ᠶᠢᠨ ᠪᠣᠳᠣᠯᠭ᠎ᠠ ᠶᠢᠨ ᠭᠤᠣᠯᠳᠠᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠪᠥᠬᠦ ᠣᠷᠣᠨ ᠤ 20 ᠬᠢᠷᠢ ᠲᠡᠩᠴᠡᠭᠰᠡᠨ ᠵᠢᠭᠡᠯᠡᠯᠭᠡ ᠳᠠᠭᠠᠭᠠᠴᠢᠯᠠᠬᠤ ᠪᠠᠩᠬᠢ ᠶᠢᠨ ᠪᠡᠯᠡ ᠲᠣᠬᠢᠷᠠᠭᠤᠯᠭ᠎ᠠ ᠶᠢᠨ ᠵᠣᠯᠭᠠᠭᠤᠯᠤᠯᠲᠠ ᠶᠢ ᠢᠳᠡᠪᠬᠢᠲᠡᠢ ᠥᠷᠨᠢᠭᠦᠯᠬᠦ ᠶᠢ ᠠᠬᠢᠭᠤᠯᠵᠤ᠂ ᠲᠥᠷᠥᠯ ᠵᠦᠢᠯ ᠤᠨ ᠪᠡᠯᠡ ᠲᠣᠬᠢᠷᠠᠭᠤᠯᠭ᠎ᠠ ᠶᠢᠨ ᠵᠣᠯᠭᠠᠭᠤᠯᠤᠯᠲᠠ ᠶᠢᠨ ᠪᠦᠷᠬᠦᠴᠡ ᠶᠢᠨ ᠨᠣᠷᠮ᠎ᠠ ᠶᠢ 100% ᠳᠤ ᠬᠦᠷᠦᠭᠦᠯᠵᠦ᠂ ᠬᠢᠷᠢ ᠲᠡᠩᠴᠡᠭᠰᠡᠨ ᠵᠢᠭᠡᠯᠡᠯᠭᠡ ᠳᠠᠭᠠᠭᠠᠴᠢᠯᠠᠬᠤ ᠪᠠᠩᠬᠢ  ᠨᠢ ᠨᠢᠭᠡᠨᠲᠡ ᠪᠥᠬᠦ ᠣᠷᠣᠨ ᠤ ᠠᠵᠤ ᠦᠢᠯᠡᠳᠪᠦᠷᠢ ᠶᠢᠨ ᠤᠶᠤᠨᠴᠢᠯᠠᠯᠳᠠ᠂ ᠲᠤᠭᠠᠴᠢᠯᠠᠯᠳᠠ᠂ ᠬᠡᠯᠪᠡᠷᠢ ᠬᠤᠪᠢᠷᠠᠭᠤᠯᠤᠯᠲᠠ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠬᠦᠷᠢᠶᠡᠨ ᠤ ᠮᠡᠷᠭᠡᠵᠢᠯ ᠤᠨ ᠥᠭᠡᠷᠡᠴᠢᠯᠡᠯᠲᠡ ᠪᠠ ᠲᠥᠬᠦᠭᠡᠷᠦᠮᠵᠢ ᠶᠢᠨ ᠰᠢᠨᠡᠴᠢᠯᠡᠯᠲᠡ ᠶᠢᠨ ᠲᠥᠷᠥᠯ ᠵᠦᠢᠯ ᠳᠤ 7.9 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠪᠠ᠃      ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠲᠣᠭᠲᠠᠭᠤᠨ ᠢᠶᠠᠷ ᠪᠠᠭᠤᠷᠠᠭᠤᠯᠪᠠ᠃ ᠨᠢᠭᠡ ᠳᠤ᠂ ᠬᠦᠦ ᠮᠥᠩᠭᠦ ᠶᠢᠨ ᠨᠤᠷᠮ᠎ᠠ ᠶᠢᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠦᠷᠢᠵᠢᠭᠤᠯᠪᠠ᠃ 2024 ᠣᠨ ᠤ 9 ᠳ᠋ᠤᠭᠡᠷ ᠰᠠᠷ᠎ᠠ ᠳᠤ᠂ ᠪᠥᠬᠦ ᠣᠷᠣᠨ ᠤ ᠰᠢᠨ᠎ᠡ ᠪᠠᠷ ᠲᠠᠯᠪᠢᠭᠰᠠᠨ ᠠᠷᠠᠳ ᠤᠨ ᠵᠣᠭᠤᠰ ᠤᠨ ᠵᠢᠭᠡᠯᠡᠯᠭᠡ ᠶᠢᠨ ᠦᠪᠡᠷ ᠤᠨ ᠦᠷᠳᠡᠭ ᠤᠨ ᠳᠤᠮᠳᠠᠴᠢ ᠬᠦᠦ ᠶᠢᠨ ᠨᠣᠷᠮ᠎ᠠ ᠠᠳᠠᠯᠢ ᠬᠤᠭᠤᠴᠠᠭᠠᠨ ᠤ ᠬᠢ ᠠᠴᠠ 0.49 % ᠢᠶᠠᠷ ᠪᠠᠭᠤᠷᠠᠵᠠᠢ᠃ ᠡᠭᠦᠨ ᠳᠤ᠂ ᠰᠢᠨ᠎ᠡ ᠪᠠᠷ ᠲᠠᠯᠪᠢᠭᠰᠠᠨ ᠠᠵᠤ ᠠᠬᠤᠶᠢᠯᠠᠯ ᠤᠨ ᠵᠢᠭᠡᠯᠡᠯᠭᠡ᠂ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠦᠪᠡᠷ ᠤᠨ ᠦᠷᠳᠡᠭ ᠤᠨ ᠳᠤᠮᠳᠠᠴᠢ ᠬᠦᠦ ᠮᠥᠩᠭᠦ ᠶᠢᠨ ᠨᠣᠷᠮ᠎ᠠ ᠠᠳᠠᠯᠢ ᠬᠤᠭᠤᠴᠠᠭᠠᠨ ᠤ ᠬᠢ ᠠᠴᠠ ᠲᠣᠰ ᠲᠣᠰ 0.5%᠂ 0.85% ᠢᠶᠠᠷ ᠪᠠᠭᠤᠷᠠᠵᠤ᠂ ᠲᠡᠦᠬᠡ ᠶᠢᠨ ᠳᠣᠣᠷ᠎ᠠ ᠪᠠᠶᠢᠷᠢᠨ ᠳᠤ ᠣᠷᠣᠰᠢᠵᠤ ᠪᠠᠶᠢᠨ᠎ᠠ᠃ ᠬᠤᠶᠠᠷ ᠲᠤ ᠂ ᠬᠤᠲᠠ ᠶᠢᠨ ᠪᠠᠶᠢᠳᠠᠯ ᠳᠤᠨᠢ ᠲᠣᠬᠢᠷᠠᠭᠤᠯᠤᠨ ᠲᠥᠷᠥ ᠶᠢᠨ ᠪᠣᠳᠣᠯᠭ᠎ᠠ ᠬᠡᠷᠡᠭᠵᠢᠭᠦᠯᠵᠦ ᠵᠦᠷᠢᠶᠡᠴᠢᠯᠡᠭᠰᠡᠨ ᠭᠡᠷ ᠪᠠᠶᠢᠰᠢᠩ ᠭᠠᠵᠠᠷ ᠬᠥᠷᠥᠩᠭᠡ ᠶᠢᠨ ᠢᠲᠡᠭᠡᠮᠵᠢᠲᠦ ᠵᠢᠭᠡᠯᠡᠯᠭᠡ ᠶᠢᠨ ᠲᠥᠷᠥ ᠶᠢᠨ ᠪᠤᠳᠤᠯᠭ᠎ᠠ ᠶᠢ ᠨᠠᠶᠢᠳᠠᠪᠦᠷᠢᠵᠢᠭᠤᠯᠪᠠ᠃ 9 ᠳ᠋ᠤᠭᠡᠷ ᠰᠠᠷ᠎ᠠ ᠳᠤ᠂ ᠪᠥᠬᠦ ᠣᠷᠣᠨ ᠤ ᠰᠢᠨ᠎ᠡ ᠪᠠᠷ ᠲᠠᠯᠪᠢᠭᠰᠠᠨ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠦᠪᠡᠷ ᠤᠨ ᠦᠷᠳᠡᠭ ᠤᠨ ᠳᠤᠮᠳᠠᠴᠢ ᠬᠦᠦ ᠶᠢᠨ ᠨᠣᠷᠮ᠎ᠠ ᠠᠳᠠᠯᠢ ᠬᠤᠭᠤᠴᠠᠭᠠᠨ ᠤ ᠬᠢ ᠠᠴᠠ 0.52% ᠢᠶᠠᠷ ᠪᠠᠭᠤᠷᠠᠵᠠᠢ᠃ᠢᠷᠡᠯᠲᠡ᠄ ᠰᠢᠨᠬᠤᠸᠠ ᠰᠦᠯᠵᠢᠶ᠎ᠡ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1