ᠦᠯᠡᠳᠡᠭᠡᠯ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠲᠠᠢ ᠪᠤᠯᠵᠠᠢ
ᠨᠡᠶᠢᠲᠡᠯᠡᠭᠰᠡᠨ ᠴᠠᠭ᠄
2024/11/7
      ᠣᠶᠢᠷ᠎ᠠ ᠶᠢᠨ ᠵᠢᠯ ᠠᠴᠠ ᠨᠠᠰᠢ᠂ ᠰᠢᠨ᠎ᠡ ᠬᠠᠭᠤᠴᠢᠨ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠵᠥᠷᠢᠶ᠎ᠡ ᠲᠠᠰᠤᠷᠠᠯᠲᠠ ᠦᠭᠡᠢ ᠶᠡᠬᠡᠰᠴᠦ᠂ ᠵᠣᠭᠤᠰ ᠵᠢᠭᠡᠯᠡᠭᠴᠢ ᠶᠢᠨ ᠠᠩᠬᠠᠷᠤᠯ ᠢ ᠲᠠᠲᠠᠭᠰᠠᠨ ᠬᠠᠯᠠᠭᠤᠨ ᠴᠡᠭ ᠤᠨ ᠠᠰᠠᠭᠤᠳᠠᠯ ᠪᠣᠯᠵᠤ ᠪᠠᠶᠢᠨ᠎ᠠ᠃ 11 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠦᠯᠡᠳᠡᠭᠡᠯ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠲᠠᠢ ᠪᠤᠯᠤᠭᠰᠠᠨ ᠨᠢ ᠶᠠᠭ ᠳᠦᠷᠢᠮ ᠤᠨ ᠲᠠᠯ᠎ᠠ ᠠᠴᠠ ᠡᠨᠡ ᠬᠦ ᠠᠰᠠᠭᠤᠳᠠᠯ ᠢ ᠰᠢᠢᠳᠪᠦᠷᠢᠯᠡᠬᠦ ᠶᠢ ᠲᠦᠯᠬᠢᠨ ᠠᠬᠢᠭᠤᠯᠪᠠ᠃ ᠲᠣᠰ ᠲᠣᠭᠲᠠᠴᠠ ᠨᠢ ᠭᠤᠣᠯᠳᠠᠭᠤ ᠦᠯᠡᠳᠡᠭᠡᠯ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠶᠢᠨ ᠨᠣᠷᠮ᠎ᠠ ᠶᠢᠨ ᠦᠨ᠎ᠡ ᠶᠢ ᠲᠣᠭᠲᠠᠭᠠᠬᠤ ᠶᠢ ᠠᠯᠢ ᠠᠯᠢ ᠲᠠᠯ᠎ᠠ ᠠᠴᠠ ᠭᠠᠷᠳᠠᠵᠤ ᠲᠡᠭᠦᠯᠳᠡᠷᠵᠢᠭᠦᠯᠬᠦ ᠪᠤᠢ︖ ᠵᠣᠭᠤᠰ ᠵᠢᠭᠡᠯᠡᠭᠴᠢ ᠳᠤ ᠶᠠᠮᠠᠷ ᠶᠠᠮᠠᠷ ᠨᠥᠯᠥᠭᠡ ᠲᠠᠢ ᠪᠣᠶ︖      ᠰᠢᠨ᠎ᠡ ᠬᠠᠭᠤᠴᠢᠨ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠵᠥᠷᠢᠶ᠎ᠡ ᠶᠡᠬᠡᠳᠴᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠳᠤ ᠶᠠᠭᠤᠨ ᠤ ᠡᠮᠦᠨ᠎ᠡ ᠬᠦᠦ ᠮᠥᠩᠭᠦ ᠶᠢᠨ ᠵᠥᠷᠢᠶ᠎ᠡ ᠶᠢ ᠶᠡᠬᠡᠳᠴᠦ ᠪᠠᠶᠢᠭ᠎ᠠ ᠵᠠᠩᠭᠢᠯᠠᠭ᠎ᠠ ᠶᠢᠨ ᠴᠡᠭ ᠨᠢ ᠬᠠᠮᠢᠭ᠎ᠠ ᠪᠠᠶᠢᠬᠤ ᠶᠢ ᠲᠣᠳᠣᠷᠬᠠᠢ ᠮᠡᠳᠡᠬᠦ ᠬᠡᠷᠡᠭᠲᠡᠢ᠃      ᠣᠳᠣᠬᠠᠨ ᠳᠤ᠂ ᠮᠠᠨ ᠤ ᠤᠯᠤᠰ ᠤᠨ ᠵᠣᠩᠬᠢᠯᠠᠬᠤ ᠣᠯᠠᠨ ᠲᠣᠭᠠᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠮᠥᠩᠭᠦ ᠶᠢᠨ ᠨᠣᠷᠮ᠎ᠠ ︵LPR︶ ᠪᠠᠷ ᠦᠨ᠎ᠡ ᠲᠤᠭᠳᠠᠭᠠᠵᠤ ᠪᠠᠶᠢᠨ᠎ᠠ᠃ ᠥᠭᠡᠷ᠎ᠡ ᠪᠠᠷ ᠬᠡᠯᠡᠪᠡᠯ᠂ ᠭᠡᠷ ᠪᠠᠶᠢᠰᠢᠩ ᠤᠨ ᠵᠢᠭᠡᠯᠡᠯᠭᠡ ᠶᠢᠨ ᠬᠦᠦ ᠮᠥᠩᠭᠦ ᠶᠢᠨ ᠨᠤᠷᠮ᠎ᠠ ᠶᠢᠨ ᠦᠨ᠎ᠡ ᠶᠢ ᠲᠣᠭᠲᠠᠭᠠᠬᠤ ᠳᠤ ᠬᠤᠶᠠᠷ ᠲᠠᠯ᠎ᠠ ᠲᠠᠢ᠄ ᠨᠢᠭᠡ ᠨᠢ ᠰᠠᠷ᠎ᠠ ᠪᠦᠷᠢ ᠨᠢᠭᠡ ᠤᠳᠠᠭ᠎ᠠ ᠨᠡᠶᠢᠲᠡᠯᠡᠬᠦ LPR ᠪᠣᠯᠣᠨ᠎ᠠ᠂ ᠨᠦᠭᠦᠭᠡ ᠨᠢ ᠵᠣᠭᠤᠰ ᠵᠢᠭᠡᠯᠡᠭᠴᠢ ᠪᠤᠯᠤᠨ ᠪᠠᠩᠬᠢ ᠲᠠᠢ ᠭᠡᠷ᠎ᠡ ᠲᠣᠭᠲᠠᠬᠤ ᠦᠶ᠎ᠡ ᠳᠤ ᠪᠣᠯᠵᠣᠨ ᠲᠣᠭᠲᠠᠭᠰᠠᠨ ᠴᠡᠭ ᠨᠡᠮᠡᠬᠦ ᠬᠡᠮᠵᠢᠶ᠎ᠡ ᠪᠣᠯᠣᠨ᠎ᠠ᠃      LPR ᠶᠢᠨ ᠲᠠᠯ᠎ᠠ ᠠᠴᠠ ᠠᠪᠴᠤ ᠦᠵᠡᠪᠡᠯ᠂ ᠬᠡᠳᠦᠶᠢᠪᠡᠷ ᠰᠢᠨ᠎ᠡ ᠬᠠᠭᠤᠴᠢᠨ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠨᠢ ᠴᠥᠮ LPR ᠶᠢᠨ ᠲᠣᠬᠢᠷᠠᠭᠤᠯᠤᠯᠲᠠ ᠶᠢ ᠦᠨᠳᠦᠰᠦᠯᠡᠨ ᠬᠤᠪᠢᠷᠠᠳᠠᠭ ᠪᠣᠯᠪᠠᠴᠤ ᠴᠡᠭ ᠨᠡᠮᠡᠬᠦ ᠬᠡᠮᠵᠢᠶ᠎ᠡ ᠨᠢ ᠠᠳᠠᠯᠢ ᠦᠭᠡᠢ ᠪᠠᠶᠢᠳᠠᠭ᠃      ᠰᠢᠨ᠎ᠡ ᠪᠠᠷ ᠵᠢᠭᠡᠯᠡᠭᠦᠯᠬᠦ ᠣᠷᠣᠨ ᠰᠠᠭᠤᠴᠠ ᠶᠢᠨ ᠵᠢᠭᠡᠯᠡᠯᠭᠡ ᠳᠤ ᠶᠡᠷᠦ ᠳᠡᠭᠡᠨ ᠲᠤᠬᠠᠢ ᠶᠢᠨ ᠦᠶ᠎ᠡ ᠶᠢᠨ ᠨᠢᠭᠡᠨᠲᠡ ᠨᠡᠶᠢᠲᠡᠯᠡᠭᠰᠡᠨ ᠬᠠᠮᠤᠭ ᠤᠨ ᠰᠢᠨ᠎ᠡ ᠨᠢᠭᠡ ᠬᠤᠭᠤᠴᠠᠭᠠᠨ ᠤ LPR ᠪᠠᠷ ᠯᠠᠪᠯᠠᠯᠲᠠ ᠪᠣᠯᠭᠠᠵᠤ ᠦᠨ᠎ᠡ ᠲᠣᠭᠲᠠᠭᠠᠳᠠᠭ᠂ ᠭᠡᠲᠡᠯ᠎ᠡ ᠦᠯᠡᠳᠡᠭᠡᠯ ᠣᠷᠣᠨ ᠰᠠᠭᠤᠴᠠ ᠶᠢᠨ ᠵᠢᠭᠡᠯᠡᠯᠭᠡ ᠨᠢ ᠬᠠᠷᠢᠨ ᠭᠡᠷ᠎ᠡ ᠳᠤ ᠪᠣᠯᠵᠣᠨ ᠲᠣᠭᠲᠠᠭᠰᠠᠨ ᠲᠠᠬᠢᠨ ᠦᠨ᠎ᠡ ᠲᠣᠭᠲᠠᠭᠠᠬᠤ ᠡᠳᠦᠷ ᠲᠤ ᠬᠢᠵᠠᠭᠠᠷᠯᠠᠭᠳᠠᠳᠠᠭ᠂ ᠭᠠᠭᠴᠠ ᠬᠦ ᠲᠠᠬᠢᠨ ᠦᠨ᠎ᠡ ᠲᠣᠭᠲᠠᠭᠠᠬᠤ ᠡᠳᠦᠷ ᠪᠣᠯᠪᠠᠯ ᠰᠠᠶ᠋ᠢ ᠲᠣᠬᠢᠷᠠᠭᠤᠯᠤᠯᠲᠠ ᠬᠢᠵᠦ ᠪᠣᠯᠣᠨ᠎ᠠ᠃ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢᠨ ᠦᠨ᠎ᠡ ᠲᠣᠭᠲᠠᠭᠠᠬᠤ ᠲᠣᠭᠲᠠᠴᠠ ᠶᠢ ᠲᠡᠭᠦᠯᠳᠡᠷᠵᠢᠭᠦᠯᠬᠦ ᠠᠴᠠ ᠡᠮᠦᠨ᠎ᠡ᠂ ᠵᠣᠭᠤᠰ ᠵᠢᠭᠡᠯᠡᠭᠴᠢ ᠶᠢᠨ ᠳᠠᠬᠢᠨ ᠦᠨ᠎ᠡ ᠲᠣᠭᠲᠠᠭᠠᠬᠤ ᠡᠳᠦᠷ ᠨᠢ ᠵᠢᠯ ᠳᠤ ᠨᠢᠭᠡ ᠯᠡ ᠤᠳᠠᠭ᠎ᠠ ᠶᠢᠨ ᠵᠠᠪᠰᠢᠶᠠᠨ ᠲᠠᠢ᠃      2024 ᠣᠨ ᠤ 10 ᠳ᠋ᠤᠭᠠᠷ ᠰᠠᠷ᠎ᠠ ᠶᠢᠨ 21 ᠤ ᠡᠳᠦᠷ᠂ 5 ᠵᠢᠯ ᠠᠴᠠ ᠳᠡᠭᠡᠭᠰᠢᠬᠢ LPR 25 ᠰᠠᠭᠤᠷᠢ ᠴᠡᠭ ᠠᠴᠠ 3.6% ᠪᠠᠷ ᠪᠠᠭᠤᠷᠠᠭᠤᠯᠪᠠ᠃ ᠬᠡᠷᠪᠡ ᠵᠣᠭᠤᠰ ᠵᠢᠭᠡᠯᠡᠭᠴᠢ ᠶᠢᠨ ᠳᠠᠬᠢᠨ ᠦᠨ᠎ᠡ ᠲᠣᠭᠲᠠᠭᠠᠬᠤ ᠡᠳᠦᠷ ᠨᠢ 10 ᠳ᠋ᠤᠭᠠᠷ ᠰᠠᠷ᠎ᠠ ᠶᠢᠨ 20 ᠤ ᠡᠳᠦᠷ ᠪᠠᠶᠢᠪᠠᠯ᠂ ᠲᠡᠭᠦᠨ ᠤ ᠦᠯᠡᠳᠡᠭᠡᠯ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ 2025 ᠣᠨ ᠤ 10 ᠳ᠋ᠤᠭᠠᠷ ᠰᠠᠷ᠎ᠠ ᠶᠢᠨ 20 ᠤ ᠡᠳᠦᠷ ᠰᠠᠶ᠋ᠢ ᠲᠤᠬᠠᠢ ᠶᠢᠨ ᠦᠶ᠎ᠡ ᠶᠢᠨ LPR ᠶᠢᠨ ᠲᠣᠬᠢᠷᠠᠭᠤᠯᠤᠯᠲᠠ ᠶᠢᠨ ᠪᠠᠶᠢᠳᠠᠯ ᠢ ᠦᠨᠳᠦᠰᠦᠯᠡᠨ ᠳᠠᠭᠢᠵᠤ ᠲᠣᠭᠲᠠᠭᠠᠨ᠎ᠠ᠃ ᠰᠢᠨ᠎ᠡ ᠪᠠᠷ ᠵᠢᠭᠡᠯᠡᠭᠦᠯᠦᠭᠰᠡᠨ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ  ᠨᠢ ᠡᠨᠡᠬᠦ 25 ᠰᠠᠭᠤᠷᠢ ᠴᠡᠭ ᠤᠨ ᠪᠠᠭᠤᠷᠠᠯᠲᠠ ᠶᠢᠨ ᠠᠰᠢᠭ ᠲᠤᠰᠠ ᠶᠢ ᠮᠠᠰᠢ ᠲᠦᠷᠭᠡᠨ ᠢᠶᠠᠷ ᠭᠥᠷᠳᠡᠵᠦ ᠮᠡᠳᠡᠨ᠎ᠡ᠃      ᠳᠠᠬᠢᠭᠠᠳ ᠴᠡᠭ ᠨᠡᠮᠡᠬᠦ ᠬᠡᠮᠵᠢᠶ᠎ᠡ ᠠᠴᠠ ᠠᠪᠴᠤ ᠦᠵᠡᠪᠡᠯ᠂ ᠰᠢᠨ᠎ᠡ ᠪᠠᠷ  ᠵᠢᠭᠡᠯᠡᠭᠦᠯᠬᠦ ᠣᠷᠣᠨ ᠰᠠᠭᠤᠴᠠ ᠶᠢᠨ ᠵᠢᠭᠡᠯᠡᠯᠭᠡ ᠴᠦ ᠲᠡᠷᠡ᠂ ᠦᠯᠡᠳᠡᠭᠡᠯ ᠣᠷᠣᠨ ᠰᠠᠭᠤᠴᠠ ᠶᠢᠨ ᠵᠢᠭᠡᠯᠡᠯᠭᠡ ᠴᠦ ᠲᠡᠷᠡ᠂ ᠴᠡᠭ ᠨᠡᠮᠡᠬᠦ ᠬᠡᠮᠵᠢᠶ᠎ᠡ ᠨᠢ ᠭᠡᠷ᠎ᠡ ᠶᠢᠨ ᠬᠤᠭᠤᠴᠠᠭᠠᠨ ᠳᠤ ᠶᠡᠷᠦ ᠨᠢ ᠬᠤᠪᠢᠷᠠᠰᠢ ᠦᠭᠡᠢ ᠲᠣᠭᠲᠠᠮᠠᠯ ᠪᠠᠶᠢᠳᠠᠭ᠃      ᠪᠡᠭᠡᠵᠢᠩ ᠬᠤᠲᠠ ᠪᠣᠯ ᠣᠳᠣᠬᠠᠨ ᠳᠤ ᠮᠥᠨ ᠯᠡ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢᠨ ᠳᠣᠣᠷ᠎ᠠ ᠬᠢᠵᠠᠭᠠᠷ ᠲᠠᠢ ᠬᠤᠲᠠ ᠶᠢᠨ ᠨᠢᠭᠡ ᠪᠣᠯᠣᠨ᠎ᠠ᠃ ᠨᠢᠳᠤᠨᠤᠨ ᠤ 12 ᠳ᠋ᠤᠭᠠᠷ ᠰᠠᠷ᠎ᠠ ᠳᠤ᠂ ᠪᠡᠭᠡᠵᠢᠩ ᠬᠤᠲᠠ ᠶᠢᠨ ᠵᠢᠷᠭᠤᠭᠠᠨ ᠲᠣᠭᠤᠷᠢᠭ ᠤᠨ ᠠᠩᠬᠠᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢᠨ ᠬᠠᠮᠤᠭ ᠤᠨ ᠳᠣᠣᠷ᠎ᠠ ᠨᠡᠮᠡᠭᠳᠡᠯ ᠴᠡᠭ ᠨᠢ 10 ᠰᠠᠭᠤᠷᠢ ᠴᠡᠭ ᠪᠠᠶᠢᠵᠤ᠂ ᠡᠨᠡ ᠵᠢᠯ ᠤᠨ 6 ᠳ᠋ᠤᠭᠠᠷ ᠰᠠᠷ᠎ᠠ ᠳᠤ 45 ᠰᠠᠭᠤᠷᠢ ᠴᠡᠭ ᠬᠠᠰᠤᠬᠤ ᠪᠠᠷ ᠲᠣᠬᠢᠷᠠᠭᠤᠯᠪᠠ᠃ ᠡᠨᠡ ᠨᠢ 6 ᠳ᠋ᠤᠭᠠᠷ ᠰᠠᠷ᠎ᠠ ᠳᠤ ᠰᠢᠨ᠎ᠡ ᠪᠠᠷ ᠵᠢᠭᠡᠯᠡᠭᠦᠯᠦᠭᠰᠡᠨ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢᠨ ᠨᠡᠮᠡᠭᠳᠡᠯ ᠤᠨ ᠬᠡᠮᠵᠢᠶ᠎ᠡ ᠨᠢ ᠬᠠᠭᠠᠰ ᠵᠢᠯ ᠤᠨ ᠡᠮᠦᠨᠡᠬᠢ ᠠᠴᠠ 55 ᠰᠠᠭᠤᠷᠢ ᠴᠡᠭ ᠳᠣᠷᠣᠭᠰᠢᠯᠠᠭᠰᠠᠨ ᠢ ᠬᠠᠷᠠᠭᠤᠯᠵᠤ ᠪᠠᠶᠢᠨ᠎ᠠ᠃      ᠣᠷᠣᠨ ᠰᠠᠭᠤᠴᠠ ᠶᠢᠨ ᠵᠢᠭᠡᠯᠡᠯᠭᠡ ᠶᠢᠨ ᠭᠡᠷ᠎ᠡ ᠶᠢᠨ ᠬᠤᠭᠤᠴᠠᠭ᠎ᠠ ᠨᠢ ᠨᠡᠶᠢᠳᠡᠮ ᠳᠡᠭᠡᠨ ᠨᠡᠯᠢᠶᠡᠳ ᠤᠷᠳᠤ᠂ ᠣᠯᠠᠩᠬᠢ ᠨᠢ ᠬᠤᠷᠢ ᠭᠤᠴᠢᠨ ᠵᠢᠯ ᠪᠣᠯᠣᠨ᠎ᠠ᠃ ᠨᠡᠮᠡᠭᠳᠡᠯ ᠤᠨ ᠬᠡᠮᠵᠢᠶ᠎ᠡ ᠲᠣᠭᠲᠠᠮᠠᠯ ᠪᠠᠶᠢᠬᠤ ᠨᠢ ᠵᠣᠭᠤᠰ ᠵᠢᠭᠡᠯᠡᠭᠴᠢ ᠶᠢᠨ ᠢᠲᠡᠭᠡᠮᠵᠢ᠂ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠵᠡᠷᠭᠡ ᠬᠦᠴᠦᠨ ᠵᠦᠢᠯ ᠤᠨ ᠬᠤᠪᠢᠷᠠᠯᠲᠠ ᠶᠢ ᠲᠤᠰᠬᠠᠬᠤ ᠶᠢᠨ ᠠᠷᠭ᠎ᠠ ᠦᠭᠡᠢ ᠪᠠᠶᠢᠵᠤ᠂ ᠵᠠᠬ᠎ᠠ ᠳᠡᠯᠭᠡᠭᠦᠷ ᠤᠨ ᠪᠠᠶᠢᠳᠠᠯ ᠳᠤ ᠬᠤᠪᠢᠷᠠᠯᠲᠠ ᠭᠠᠷᠬᠤ ᠳᠤ ᠬᠦᠷᠪᠡᠯ᠂ ᠰᠢᠨ᠎ᠡ ᠬᠠᠭᠤᠴᠢᠨ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠵᠥᠷᠢᠶ᠎ᠡ ᠶᠢ ᠠᠮᠠᠷᠬᠠᠨ ᠶᠡᠬᠡᠰᠬᠡᠬᠦ ᠪᠣᠯᠣᠨ᠎ᠠ᠃      ᠡᠭᠦᠨ ᠢ ᠦᠨᠳᠦᠰᠦᠯᠡᠨ᠂ ᠳᠤᠮᠳᠠᠳᠤ ᠤᠯᠤᠰ ᠤᠨ ᠠᠷᠠᠳ ᠤᠨ ᠪᠠᠩᠬᠢ 9 ᠳ᠋ᠤᠭᠡᠷ ᠰᠠᠷ᠎ᠠ ᠶᠢᠨ 29 ᠤ ᠡᠳᠦᠷ ᠠᠯᠪᠠᠨ ᠵᠠᠷ ᠨᠡᠶᠢᠲᠡᠯᠡᠵᠦ᠂ ᠬᠤᠳᠠᠯᠳᠤᠭᠠᠨ ᠤ ᠴᠢᠨᠠᠷᠲᠠᠢ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢᠨ ᠦᠨ᠎ᠡ ᠲᠣᠭᠲᠠᠭᠠᠬᠤ ᠬᠠᠮᠢᠶ᠎ᠠ ᠪᠦᠬᠦᠢ ᠶᠠᠪᠤᠳᠠᠯ ᠢ ᠲᠤᠳᠤᠷᠬᠠᠶᠢᠯᠠᠪᠠ᠃ 10 ᠳ᠋ᠤᠭᠠᠷ ᠰᠠᠷ᠎ᠠ ᠶᠢᠨ 31 ᠤ ᠡᠳᠦᠷ᠂ ᠣᠯᠠᠨ ᠪᠠᠩᠬᠢ ᠠᠯᠪᠠᠨ ᠵᠠᠷ ᠨᠡᠶᠢᠲᠡᠯᠡᠵᠦ᠂ ᠤᠯᠠᠮ ᠨᠢᠭᠡ ᠠᠯᠬᠤᠮ ᠨᠠᠷᠢᠯᠢᠭᠵᠢᠭᠤᠯᠤᠨ ᠲᠣᠬᠢᠷᠠᠭᠤᠯᠵᠤ᠂ ᠭᠤᠣᠯᠳᠠᠭᠤ ᠴᠡᠭ ᠨᠡᠮᠡᠬᠦ ᠬᠡᠮᠵᠢᠶ᠎ᠡ ᠶᠢ ᠲᠣᠬᠢᠷᠠᠭᠤᠯᠬᠤ ᠪᠠ ᠳᠠᠬᠢᠨ ᠦᠨ᠎ᠡ ᠲᠣᠭᠲᠠᠭᠠᠬᠤ ᠦᠶᠡᠯᠡᠯ ᠤᠨ ᠬᠤᠭᠤᠴᠠᠭ᠎ᠠ ᠶᠢ ᠲᠣᠬᠢᠷᠠᠭᠤᠯᠬᠤ ᠬᠤᠶᠠᠷ ᠲᠠᠯ᠎ᠠ ᠠᠴᠠ ᠬᠥᠳᠡᠯᠦᠩᠭᠦᠢ ᠬᠦᠦ ᠮᠦᠩᠭᠦ ᠶᠢᠨ ᠨᠣᠷᠮ᠎ᠠ ᠪᠠᠷ ᠦᠨ᠎ᠡ ᠲᠣᠭᠲᠠᠭᠠᠬᠤ ᠬᠤᠳᠠᠯᠳᠤᠭᠠᠨ ᠤ ᠴᠢᠨᠠᠷᠲᠠᠢ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢ ᠰᠢᠯᠢᠳᠡᠭᠵᠢᠭᠦᠯᠦᠨ ᠲᠡᠭᠦᠯᠳᠡᠷᠵᠢᠭᠦᠯᠪᠡ᠃      ᠲᠣᠰ ᠤᠳᠠᠭ᠎ᠠ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠳᠠᠬᠢᠨ ᠦᠨ᠎ᠡ ᠲᠣᠭᠲᠠᠭᠠᠬᠤ ᠦᠶᠡᠯᠡᠯ ᠤᠨ ᠬᠤᠭᠤᠴᠠᠭ᠎ᠠ ᠶᠢ ᠬᠡᠷᠬᠢᠨ ᠬᠤᠪᠢᠷᠠᠭᠤᠯᠬᠤ ᠪᠣᠶ︖      ᠣᠶᠢᠷ᠎ᠠ ᠳᠤ᠂ ᠣᠯᠠᠨ ᠪᠠᠩᠬᠢ ᠶᠢᠨ ᠨᠡᠶᠢᠲᠡᠯᠡᠭᠰᠡᠨ ᠠᠯᠪᠠᠨ ᠵᠠᠷ ᠢ ᠦᠨᠳᠦᠰᠦᠯᠡᠪᠡᠯ᠂ 11 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠦᠯᠡᠳᠡᠭᠡᠯ ᠣᠷᠣᠨ ᠰᠠᠭᠤᠴᠠ ᠶᠢᠨ ᠵᠢᠭᠡᠯᠡᠯᠭᠡ ᠠᠪᠤᠭᠴᠢ᠂ ᠪᠠᠩᠬᠢ ᠲᠠᠢ ᠵᠥᠪᠳᠡᠯᠴᠡᠵᠦ ᠪᠠᠶᠢᠭᠠᠳ ᠳᠠᠬᠢᠨ ᠦᠨ᠎ᠡ ᠲᠣᠭᠲᠠᠭᠠᠬᠤ ᠦᠶᠡᠯᠡᠯ ᠤᠨ ᠬᠤᠭᠤᠴᠠᠭ᠎ᠠ ᠶᠢ ᠪᠣᠯᠵᠣᠨ ᠲᠣᠭᠲᠠᠭᠠᠵᠤ ᠪᠣᠯᠣᠨ᠎ᠠ᠃ ᠰᠢᠨ᠎ᠡ ᠪᠠᠷ ᠵᠢᠭᠡᠯᠡᠭᠦᠯᠬᠦ ᠣᠷᠣᠨ ᠰᠠᠭᠤᠴᠠ ᠶᠢᠨ ᠵᠢᠭᠡᠯᠡᠯᠭᠡ ᠶᠢᠨ ᠵᠣᠭᠤᠰ ᠵᠢᠭᠡᠯᠡᠭᠴᠢ ᠨᠢ ᠳᠠᠬᠢᠨ ᠦᠨ᠎ᠡ ᠲᠣᠭᠲᠠᠭᠠᠬᠤ ᠦᠶᠡᠯᠡᠯ ᠤᠨ ᠬᠤᠭᠤᠴᠠᠭ᠎ᠠ ᠶᠢ ᠥᠪᠡᠰᠦᠪᠡᠨ ᠰᠣᠩᠭᠤᠵᠤ ᠪᠣᠯᠣᠨ᠎ᠠ᠃ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠳᠠᠬᠢᠨ ᠦᠨ᠎ᠡ ᠲᠣᠭᠲᠠᠭᠠᠬᠤ ᠦᠶᠡᠯᠡᠯ ᠤᠨ ᠬᠤᠭᠤᠴᠠᠭ᠎ᠠ ᠶᠢ 3 ᠰᠠᠷ᠎ᠠ᠂ 6 ᠰᠠᠷ᠎ᠠ ᠪᠤᠶᠤ 12 ᠰᠠᠷ᠎ᠠ ᠶᠢ ᠰᠣᠩᠭᠤᠵᠤ ᠪᠣᠯᠣᠨ᠎ᠠ᠃ ᠡᠭᠦᠨ ᠠᠴᠠ ᠡᠮᠦᠨ᠎ᠡ᠂ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ  ᠶᠢᠨ ᠬᠦᠦ ᠮᠥᠩᠭᠦ ᠶᠢᠨ ᠨᠣᠷᠮ᠎ᠠ ᠶᠢ ᠳᠠᠬᠢᠨ ᠲᠣᠭᠲᠠᠭᠠᠬᠤ ᠦᠶᠡᠯᠡᠯ ᠤᠨ ᠬᠤᠭᠤᠴᠠᠭ᠎ᠠ ᠶᠢ ᠬᠠᠮᠤᠭ ᠪᠣᠭᠤᠨᠢ ᠳᠠᠭᠠᠨ 1 ᠵᠢᠯ ᠭᠡᠵᠦ ᠲᠤᠭᠳᠠᠭᠠᠵᠠᠢ᠃      ᠱᠠᠨᠳᠦ᠋ᠩ ᠤᠨ ᠵᠢᠨᠠᠨ ᠤ ᠬᠤᠲᠠ ᠶᠢᠨ ᠠᠷᠠᠳ ᠵᠢᠶᠣᠣ ᠠᠪᠤᠭᠠᠢ 2020 ᠣᠨ ᠤ 11 ᠳ᠋ᠤᠭᠡᠷ ᠰᠠᠷ᠎ᠠ ᠳᠤ ᠵᠢᠭᠡᠯᠡᠯᠭᠡ ᠪᠠᠷ ᠨᠢᠭᠡ ᠢᠵᠢ ᠣᠷᠣᠨ ᠰᠠᠭᠤᠴᠠ ᠬᠤᠳᠠᠯᠳᠤᠨ ᠠᠪᠴᠠᠢ᠂ ᠭᠡᠷ᠎ᠡ ᠳᠤ ᠪᠣᠯᠵᠣᠨ ᠲᠣᠭᠲᠠᠭᠰᠠᠨ ᠳᠠᠬᠢᠨ ᠦᠨ᠎ᠡ ᠲᠣᠭᠲᠠᠭᠠᠬᠤ ᠡᠳᠦᠷ ᠪᠣᠯ 1ᠳ᠋ᠤᠭᠡᠷ ᠰᠠᠷ᠎ᠠ ᠶᠢᠨ 1 ᠤ ᠡᠳᠦᠷ ᠪᠣᠯᠣᠨ᠎ᠠ᠃ ᠡᠨᠡ ᠵᠢᠯ ᠠᠴᠠ ᠨᠠᠰᠢ᠂ 5 ᠵᠢᠯ ᠠᠴᠠ ᠳᠡᠭᠡᠭᠰᠢᠬᠢ LPR ᠨᠢᠭᠡᠨᠲᠡ ᠨᠡᠶᠢᠲᠡ 60 ᠰᠠᠭᠤᠷᠢ ᠴᠡᠭ ᠪᠠᠭᠤᠷᠠᠭᠰᠠᠨ ᠪᠠᠶᠢᠨ᠎ᠠ᠃ ᠥᠩᠭᠡᠷᠡᠭᠰᠡᠨ ᠤ ᠲᠣᠭᠲᠠᠭᠠᠯ ᠢ ᠦᠨᠳᠦᠰᠦᠯᠡᠪᠡᠯ᠂ ᠵᠢᠶᠣᠣ ᠠᠪᠤᠭᠠᠢ ᠢᠷᠡᠬᠦ ᠵᠢᠯ ᠤᠨ 1 ᠳ᠋ᠤᠭᠡᠷ ᠰᠠᠷ᠎ᠠ ᠶᠢᠨ 1 ᠤ ᠡᠳᠦᠷ ᠰᠠᠶ᠋ᠢ LPR ᠪᠠᠭᠤᠷᠠᠭᠰᠠᠨ ᠠᠴᠠ ᠪᠣᠯᠤᠭᠰᠠᠨ ᠠᠰᠢᠭ ᠲᠤᠰᠠ ᠶᠢ ᠡᠳ᠋ᠯᠡᠵᠦ ᠴᠢᠳᠠᠨ᠎ᠠ᠃      ᠲᠡᠷᠡ ᠬᠡᠷᠪᠡ ᠳᠠᠬᠢᠨ ᠦᠨ᠎ᠡ ᠲᠣᠭᠲᠠᠭᠠᠬᠤ ᠦᠶᠡᠯᠡᠯ ᠤᠨ ᠬᠤᠭᠤᠴᠠᠭ᠎ᠠ ᠶᠢ 3 ᠰᠠᠷ᠎ᠠ ᠪᠣᠯᠭᠠᠨ ᠲᠣᠬᠢᠷᠠᠭᠤᠯᠬᠤ ᠳᠤ ᠭᠦᠷᠪᠡᠯ᠂ ᠲᠣᠬᠢᠷᠠᠭᠤᠯᠤᠭᠰᠠᠨ ᠤ ᠳᠠᠷᠠᠭᠠᠬᠢ ᠳᠠᠬᠢᠨ ᠦᠨ᠎ᠡ ᠲᠣᠭᠲᠠᠭᠠᠬᠤ ᠡᠳᠦᠷ ᠢ 1 ᠳ᠋ᠤᠭᠡᠷ ᠰᠠᠷ᠎ᠠ ᠶᠢᠨ 1 ᠤ ᠡᠳᠦᠷ᠂ 4 ᠳ᠋ᠤᠭᠡᠷ ᠰᠠᠷ᠎ᠠ ᠶᠢᠨ 1 ᠤ ᠡᠳᠦᠷ᠂ 7 ᠳ᠋ᠤᠭᠠᠷ ᠰᠠᠷ᠎ᠠ ᠶᠢᠨ 1 ᠤ ᠡᠳᠦᠷ᠂ 10 ᠳ᠋ᠤᠭᠠᠷ ᠰᠠᠷ᠎ᠠ ᠶᠢᠨ 1 ᠤ ᠡᠳᠦᠷ ᠪᠤᠯᠤᠨ᠎ᠠ᠂ ᠳᠠᠬᠢᠨ ᠨᠢᠭᠡ ᠵᠢᠯ ᠬᠦᠯᠢᠶᠡᠬᠦ ᠴᠢᠬᠤᠯᠠ ᠦᠭᠡᠢ᠃ 1 ᠵᠢᠯ ᠳᠤ 4 ᠤᠳᠠᠭ᠎ᠠ ᠲᠣᠬᠢᠷᠠᠭᠤᠯᠤᠯᠲᠠ ᠬᠢᠵᠦ ᠪᠣᠯᠣᠨ᠎ᠠ᠂ ᠵᠢᠶᠣᠣ ᠠᠪᠤᠭᠠᠢ ᠤᠳᠠᠭ᠎ᠠ ᠪᠦᠷᠢ ᠶᠢᠨ ︽ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠬᠤ︾ ᠠᠴᠠ ᠪᠣᠯᠤᠭᠰᠠᠨ ᠠᠰᠢᠭ ᠢ ᠨᠡᠩ ᠡᠷᠲᠡ ᠡᠳ᠋ᠯᠡᠵᠦ ᠴᠢᠳᠠᠨ᠎ᠠ᠃      ᠠᠩᠬᠠᠷᠤᠭᠤᠰᠢᠲᠠᠢ ᠨᠢ᠂ LPR ᠶᠢ ᠪᠠᠭᠤᠷᠠᠭᠤᠯᠬᠤ ᠦᠶᠡᠯᠡᠯ ᠤᠨ ᠬᠤᠭᠤᠴᠠᠭᠠᠨ ᠳᠤ᠂ ᠳᠠᠬᠢᠨ ᠦᠨ᠎ᠡ ᠲᠣᠭᠲᠠᠭᠠᠬᠤ ᠦᠶᠡᠯᠡᠯ ᠤᠨ ᠬᠤᠭᠤᠴᠠᠭ᠎ᠠ ᠨᠢ ᠬᠡᠳᠦᠢ ᠣᠬᠤᠷ ᠪᠣᠯᠬᠤ ᠲᠤᠲᠤᠮ᠂ ᠵᠣᠭᠤᠰ ᠵᠢᠭᠡᠯᠡᠭᠴᠢ ᠨᠢ ᠬᠦᠦ ᠮᠥᠩᠭᠦ ᠶᠢᠨ ᠨᠣᠷᠮ᠎ᠠ ᠶᠢᠨ ᠪᠠᠭᠤᠷᠠᠭᠤᠯᠤᠭᠰᠠᠨ ᠠᠴᠠ ᠪᠣᠯᠤᠭᠰᠠᠨ ᠠᠰᠢᠭ ᠲᠤᠰᠠ ᠶᠢ ᠲᠡᠳᠦᠢ ᠲᠦᠷᠭᠡᠨ ᠭᠥᠷᠳᠡᠵᠦ ᠪᠣᠯᠣᠨ᠎ᠠ︔ ᠭᠡᠪᠡᠴᠦ LPR ᠶᠢ ᠲᠡᠭᠡᠭᠰᠢᠯᠡᠭᠦᠯᠬᠦ ᠦᠶᠡᠯᠡᠯ ᠤᠨ ᠬᠤᠭᠤᠴᠠᠭᠠᠨ ᠳᠤ᠂ ᠵᠣᠭᠤᠰ ᠵᠢᠭᠡᠯᠡᠭᠴᠢ ᠨᠢ ᠨᠠᠩ ᠡᠷᠲᠡ ᠬᠦᠦ ᠮᠥᠩᠭᠦ ᠨᠡᠮᠡᠭᠰᠡᠨ ᠠᠴᠠ ᠪᠤᠯᠤᠭᠰᠠᠨ ᠳᠠᠷᠤᠭᠠᠰᠤ ᠶᠢ ᠡᠭᠦᠷᠭᠡᠯᠡᠬᠦ ᠪᠣᠯᠣᠨ᠎ᠠ᠃      ᠣᠯᠠᠨ ᠪᠠᠩᠬᠢ ᠢᠯᠡᠷᠬᠡᠶᠢᠯᠡᠬᠦ ᠳᠡᠭᠡᠨ᠂ ᠠᠳᠠᠯᠢ ᠨᠢᠭᠡ ᠪᠦᠯᠦᠭ ᠵᠢᠭᠡᠯᠡᠯᠭᠡ ᠶᠢᠨ ᠦᠷᠭᠦᠯᠵᠢᠯᠡᠬᠦ ᠬᠤᠭᠤᠴᠠᠭᠠᠨ ᠳᠤ᠂ ᠵᠣᠴᠢᠨ ᠡᠷᠦᠬᠡ ᠵᠥᠪᠬᠡᠨ ᠨᠢᠭᠡ ᠯᠡ ᠤᠳᠠᠭ᠎ᠠ ᠲᠣᠬᠢᠷᠠᠭᠤᠯᠤᠯᠲᠠ ᠬᠢᠬᠦ ᠪᠠᠷ ᠭᠤᠶᠤᠴᠢᠯᠠᠵᠤ ᠪᠣᠯᠣᠨ᠎ᠠ ᠭᠡᠵᠡᠢ᠃ ᠡᠶᠢᠮᠦ ᠠᠴᠠ ᠵᠣᠭᠤᠰ ᠵᠢᠭᠡᠯᠡᠭᠴᠢ ᠥᠪᠡᠷ ᠤᠨ ᠪᠠᠶᠢᠳᠠᠯ ᠢᠶᠠᠨ ᠶᠡᠷᠦᠩᠬᠡᠶᠢᠯᠡᠨ ᠪᠣᠳᠣᠯᠬᠢᠯᠠᠵᠤ ᠪᠠᠶᠢᠭᠠᠳ ᠪᠣᠯᠭᠤᠮᠵᠢᠲᠠᠢ ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠡᠨᠡ ᠤᠳᠠᠭᠠᠨ ᠤ ᠰᠣᠩᠭᠤᠬᠤ ᠡᠷᠬᠡ ᠪᠠᠨ ᠰᠠᠶᠢᠲᠤᠷ ᠬᠡᠷᠡᠭᠯᠡᠬᠦ ᠬᠡᠷᠡᠭᠲᠡᠢ᠃      11 ᠳ᠋ᠤᠭᠡᠷ ᠰᠠᠷ᠎ᠠ ᠶᠢᠨ 1 ᠤ ᠡᠳᠦᠷ ᠬᠥᠳᠡᠯᠦᠩᠭᠦᠢ ᠲᠣᠬᠢᠷᠠᠭᠤᠯᠤᠯᠲᠠ ᠶᠢᠨ ᠲᠣᠭᠲᠠᠴᠠ ᠶᠢ ᠨᠠᠶᠢᠳᠠᠪᠤᠷᠢᠵᠢᠭᠤᠯᠤᠭᠰᠠᠨ ᠤ ᠳᠠᠷᠠᠭ᠎ᠠ᠂ ᠴᠡᠭ ᠨᠡᠮᠡᠬᠦ ᠬᠡᠮᠵᠢᠶ᠎ᠡ ᠶᠢ ᠬᠡᠷᠬᠢᠨ ᠬᠤᠪᠢᠷᠠᠭᠤᠯᠬᠤ ᠪᠣᠶ︖      ᠴᠡᠭ ᠨᠡᠮᠡᠬᠦ ᠬᠡᠮᠵᠢᠶ᠎ᠡ ᠶᠢᠨ ᠲᠤᠬᠢᠷᠠᠭᠤᠯᠤᠯᠳᠠ ᠳᠤ᠂ ᠵᠣᠭᠤᠰ ᠵᠢᠭᠡᠯᠡᠭᠴᠢ ᠶᠢᠨ ᠣᠯᠠᠩᠬᠢ ᠨᠢ 10 ᠳ᠋ᠤᠭᠠᠷ ᠰᠠᠷ᠎ᠠ ᠶᠢᠨ ᠰᠡᠭᠦᠯᠴᠢ ᠪᠠᠷ ᠪᠠᠩᠬᠢ ᠶᠢᠨ ᠪᠥᠭᠡᠮ ᠢᠶᠠᠷ ᠪᠠᠭᠤᠷᠠᠭᠤᠯᠤᠭᠰᠠᠨ ᠠᠰᠢᠭ ᠲᠤᠰᠠ ᠶᠢ ᠭᠥᠷᠳᠡᠭᠰᠡᠨ ᠪᠠᠶᠢᠨ᠎ᠠ᠃ ᠲᠣᠬᠢᠷᠠᠭᠤᠯᠤᠯᠲᠠ ᠶᠢ ᠦᠨᠳᠦᠰᠦᠯᠡᠪᠡᠯ᠂ ᠵᠣᠩᠬᠢᠯᠠᠬᠤ ᠲᠣᠭᠠᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ LPR ᠠᠴᠠ 30 ᠰᠠᠭᠤᠷᠢ ᠴᠡᠭ ᠢ ᠬᠠᠰᠤᠬᠤ ᠬᠡᠮᠵᠢᠶᠡᠨ ᠳᠤ ᠬᠦᠷᠲᠡᠯ᠎ᠡ ᠪᠠᠭᠤᠷᠠᠭᠤᠯᠵᠠᠢ ᠂ ᠡᠨᠡ ᠤᠳᠠᠭ᠎ᠠ ᠶᠢᠨ ᠲᠣᠬᠢᠷᠠᠭᠤᠯᠤᠯᠲᠠ ᠪᠣᠯ ᠳᠠᠷᠤᠢ ᠴᠡᠭ ᠨᠡᠮᠡᠬᠦ ᠬᠡᠮᠵᠢᠶ᠎ᠡ ᠳᠤ ᠲᠣᠬᠢᠷᠠᠭᠤᠯᠤᠯᠲᠠ ᠬᠢᠭᠰᠡᠨ ᠶᠠᠪᠤᠳᠠᠯ ᠪᠣᠯᠣᠨ᠎ᠠ᠃      ᠪᠠᠩᠬᠢ ᠦᠯᠡᠳᠡᠭᠡᠯ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠰᠠᠨᠠᠭᠠᠴᠢᠯᠠᠭ᠎ᠠ  ᠠᠴᠠ ᠪᠠᠨ ᠪᠥᠭᠡᠮ ᠢᠶᠠᠷ ᠪᠠᠭᠤᠷᠠᠭᠤᠯᠬᠤ ᠳᠤ ᠬᠢᠯᠪᠠᠷ ᠪᠣᠯᠪᠠᠴᠤ ᠤᠷᠲᠤ ᠬᠤᠭᠤᠴᠠᠭᠠᠨ ᠤ ᠠᠷᠭ᠎ᠠ ᠪᠢᠰᠢ ᠪᠣᠯᠬᠤᠷ ᠬᠦᠦ ᠮᠥᠩᠭᠦ ᠶᠢᠨ ᠨᠣᠷᠮ᠎ᠠ ᠶᠢ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠨᠡᠩ ᠠᠮᠢᠳᠤᠯᠢᠭ ᠲᠣᠭᠲᠠᠴᠠ ᠶᠢ ᠪᠤᠶ ᠪᠣᠯᠭᠠᠬᠤ ᠬᠡᠷᠡᠭᠲᠡᠢ᠃ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠰᠢᠢᠳᠪᠦᠷᠢᠯᠡᠬᠦ ᠠᠷᠭ᠎ᠠ ᠪᠣᠯ᠂ ᠰᠢᠨ᠎ᠡ ᠬᠠᠭᠤᠴᠢᠨ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢᠨ ᠵᠦᠷᠢᠶ᠎ᠡ ᠨᠢ ᠵᠣᠬᠢᠬᠤ ᠬᠡᠮᠵᠢᠶᠡᠨ ᠳᠤ ᠭᠦᠷᠦᠭᠰᠡᠨ ᠦᠶ᠎ᠡ ᠳᠤ᠂ ᠵᠣᠭᠤᠰ ᠵᠢᠭᠡᠯᠡᠭᠴᠢ ᠨᠢ ᠪᠠᠩᠬᠢ ᠲᠠᠢ ᠪᠡᠶ᠎ᠡ ᠪᠠᠨ ᠳᠠᠭᠠᠭᠠᠨ ᠵᠥᠪᠳᠡᠯᠴᠡᠵᠦ᠂ ᠴᠡᠭ ᠨᠡᠮᠡᠬᠦ ᠬᠡᠮᠵᠢᠶ᠎ᠡ ᠶᠢ ᠬᠤᠪᠢᠷᠠᠭᠤᠯᠵᠤ ᠪᠣᠯᠣᠨ᠎ᠠ᠃     ᠰᠢᠨ᠎ᠡ ᠬᠠᠭᠤᠴᠢᠨ ᠭᠡᠷ ᠪᠠᠶᠢᠰᠢᠩ ᠤᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢᠨ ᠨᠡᠮᠡᠭᠳᠡᠯ ᠤᠨ ᠬᠡᠮᠵᠢᠶ᠎ᠡ ᠨᠢ 30 ᠰᠠᠭᠤᠷᠢ ᠴᠡᠭ ᠠᠴᠠ ᠢᠯᠡᠭᠦᠦ ᠪᠣᠯᠪᠠᠯ ᠵᠣᠭᠤᠰ ᠵᠢᠭᠡᠯᠡᠭᠴᠢ ᠳᠠᠷᠤᠢ ᠲᠣᠬᠢᠷᠠᠭᠤᠯᠤᠯᠲᠠ ᠬᠢᠬᠦ ᠪᠠᠷ ᠭᠤᠶᠤᠴᠢᠯᠠᠵᠤ ᠪᠣᠯᠣᠨ᠎ᠠ ᠭᠡᠵᠦ ᠡᠨᠡ ᠤᠳᠠᠭ᠎ᠠ ᠣᠯᠠᠨ ᠪᠠᠩᠬᠢ ᠲᠣᠳᠣᠷᠬᠠᠢ ᠲᠣᠭᠲᠠᠭᠠᠵᠠᠢ᠃      ᠡᠨᠡ ᠨᠢ ᠲᠣᠬᠢᠷᠠᠭᠤᠯᠤᠯᠲᠠ ᠶᠢᠨ ︽ᠪᠣᠱᠤᠭ᠎ᠠ︾ ᠪᠣᠯᠤᠭᠰᠠᠨ ᠪᠥᠭᠡᠳ ᠡᠨᠡ ᠤᠳᠠᠭᠠᠨ ᠤ ᠲᠣᠭᠲᠠᠴᠠ ᠶᠢ ᠨᠠᠶᠢᠳᠠᠪᠤᠷᠢᠵᠢᠭᠤᠯᠬᠤ ᠶᠢᠨ ᠵᠠᠩᠭᠢᠯᠠᠭ᠎ᠠ ᠶᠢᠨ ᠨᠢᠭᠡ ᠪᠣᠯᠣᠨ᠎ᠠ᠃      ᠬᠡᠷᠪᠡ ᠴᠡᠭ ᠨᠡᠮᠡᠬᠦ ᠬᠡᠮᠵᠢᠶ᠎ᠡ ᠨᠢ ᠬᠡᠲᠦᠷᠬᠡᠢ ᠶᠡᠬᠡᠳᠪᠡᠯ ᠵᠣᠭᠤᠰ ᠵᠢᠭᠡᠯᠡᠭᠴᠢ ᠶᠢᠨ ᠰᠡᠳᠬᠢᠴᠡ ᠶᠢᠨ ᠲᠠᠷᠤᠭᠠᠰᠦ ᠲᠠᠢ ᠪᠣᠯᠵᠤ᠂ ᠵᠢᠭᠡᠯᠡᠯᠭᠡ ᠪᠠᠨ ᠤᠷᠢᠳᠴᠢᠯᠠᠨ ᠪᠤᠴᠠᠭᠠᠬᠤ ᠶᠢ ᠨᠡᠮᠡᠭᠳᠡᠭᠦᠯᠵᠦ ᠮᠡᠳᠡᠨ᠎ᠡ ᠭᠡᠳᠡᠭ ᠢ ᠮᠡᠳᠡᠬᠦ ᠬᠡᠷᠡᠭᠲᠡᠢ᠃ ᠬᠡᠷᠪᠡ ᠴᠡᠭ ᠨᠡᠮᠡᠬᠦ ᠬᠡᠮᠵᠢᠶ᠎ᠡ ᠨᠢ ᠳᠡᠩᠳᠡᠭᠦᠦ ᠪᠠᠭ᠎ᠠ ᠪᠣᠯᠪᠠᠯ ᠳᠠᠬᠢᠨ ᠪᠠᠶᠢᠭᠤᠯᠬᠤ ᠭᠡᠷ᠎ᠡ ᠶᠢ ᠪᠠᠶᠢᠨ ᠳᠠᠬᠢᠨ ᠪᠤᠶ ᠪᠣᠯᠭᠠᠵᠤ᠂ ᠪᠠᠩᠬᠢ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ ᠨᠡᠩ ᠶᠡᠭᠡ ᠳᠠᠷᠤᠯᠲᠠ ᠤᠴᠠᠷᠠᠭᠤᠯᠵᠤ ᠮᠡᠳᠡᠨ᠎ᠡ᠃      ᠭᠡᠪᠡᠴᠦ ᠡᠨᠡ ᠬᠦ ᠴᠡᠭ ᠨᠡᠮᠡᠬᠦ ᠬᠡᠮᠵᠢᠶ᠎ᠡ ᠶᠢ ᠰᠢᠨ᠎ᠡ ᠬᠠᠭᠤᠴᠢᠨ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠤᠷᠮ᠎ᠠ ᠶᠢᠨ ᠬᠤᠭᠤᠷᠣᠨᠳᠣᠬᠢ ᠵᠥᠷᠢᠶ᠎ᠡ ᠪᠠᠷ ᠳᠥᠭᠦᠮᠬᠡᠨ ᠢᠶᠠᠷ ᠣᠶᠢᠯᠠᠭᠠᠵᠤ ᠪᠣᠯᠬᠤ ᠦᠭᠡᠢ᠂ ᠬᠠᠷᠢᠨ ᠵᠣᠭᠤᠰ ᠵᠢᠭᠡᠯᠡᠭᠴᠢ ᠶᠢᠨ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠤᠷᠮ᠎ᠠ ᠶᠢᠨ ᠨᠡᠮᠡᠭᠳᠡᠯ ᠤᠨ ᠬᠡᠮᠵᠢᠶ᠎ᠡ᠂ ᠪᠦᠬᠦ ᠤᠯᠤᠰ ᠤᠨ ᠰᠢᠨ᠎ᠡ ᠪᠠᠷ ᠵᠢᠭᠡᠯᠡᠭᠦᠯᠦᠭᠰᠡᠨ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠤᠷᠮ᠎ᠠ ᠶᠢᠨ ᠳᠤᠮᠳᠠᠴᠢ ᠨᠡᠮᠡᠭᠳᠡᠯ ᠤᠨ ᠬᠡᠮᠵᠢᠶ᠎ᠡ ᠯᠦᠭᠡ ᠶᠢᠨ ᠵᠥᠷᠢᠶ᠎ᠡ ᠶᠢ ᠦᠵᠡᠬᠦ ᠬᠡᠷᠡᠭᠲᠡᠢ᠃      ᠬᠡᠷᠪᠡ ᠵᠣᠭᠤᠰ ᠵᠢᠭᠡᠯᠡᠭᠴᠢ ᠨᠢ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢᠨ ᠨᠡᠮᠡᠭᠳᠡᠯ ᠤᠨ ᠬᠡᠮᠵᠢᠶ᠎ᠡ ᠶᠢ ᠲᠣᠳᠣᠷᠬᠠᠢ ᠮᠡᠳᠡᠬᠦ ᠦᠭᠡᠢ ᠪᠠᠶᠢᠪᠠᠯ᠂ ᠭᠠᠷ ᠤᠲᠠᠰᠤᠨ ᠤ ᠪᠠᠩᠬᠢ ᠶᠢᠨ App ᠪᠤᠶᠤ ᠵᠢᠭᠡᠯᠡᠯᠭᠡ ᠶᠢ ᠭᠠᠷᠳᠠᠨ ᠬᠢᠬᠦ ᠪᠠᠩᠬᠢ ᠪᠠᠷ ᠳᠠᠮᠵᠢᠭᠤᠯᠤᠨ ᠪᠠᠶᠢᠴᠠᠭᠠᠨ ᠯᠠᠪᠯᠠᠵᠤ ᠪᠣᠯᠣᠨ᠎ᠠ᠃      ᠪᠥᠬᠦ ᠤᠯᠤᠰ ᠤᠨ ᠰᠢᠨ᠎ᠡ ᠪᠠᠷ ᠵᠢᠭᠡᠯᠡᠭᠦᠯᠦᠭᠰᠡᠨ ᠣᠷᠣᠨ ᠰᠠᠭᠤᠴᠠ ᠶᠢᠨ ᠵᠢᠭᠡᠯᠡᠯᠭᠡ ᠶᠢᠨ ᠳᠤᠮᠳᠠᠴᠢ ᠬᠦᠦ ᠮᠥᠩᠭᠦ ᠶᠢᠨ ᠨᠣᠷᠮ᠎ᠠ ᠶᠢᠨ ᠬᠠᠷᠠᠭᠠᠯᠵᠠᠭᠰᠠᠨ ᠨᠡᠮᠡᠭᠳᠡᠯ ᠤᠨ ᠬᠡᠮᠵᠢᠶ᠎ᠡ ᠶᠢᠨ ᠲᠤᠬᠠᠢ ᠭᠡᠪᠡᠯ᠂ ᠪᠠᠩᠬᠢ ᠠᠴᠠ ᠪᠠᠰᠠ ᠪᠤᠳᠤᠬᠤ ᠠᠷᠭ᠎ᠠ ᠮᠠᠶ᠋ᠢᠭ ᠢ ᠭᠠᠷᠭᠠᠭᠰᠠᠨ ᠪᠠᠶᠢᠨ᠎ᠠ᠂ ᠡᠨᠡ ᠨᠢ ᠲᠥᠪ ᠪᠠᠩᠬᠢ ᠶᠢᠨ ᠨᠡᠶᠢᠲᠡᠯᠡᠭᠰᠡᠨ ᠲᠦᠷᠦᠭᠦᠸ ᠤᠯᠠᠷᠢᠯ ᠤᠨ ᠪᠥᠬᠦ ᠤᠯᠤᠰ ᠤᠨ ᠰᠢᠨ᠎ᠡ ᠪᠠᠷ ᠵᠢᠭᠡᠯᠡᠭᠦᠯᠦᠭᠰᠡᠨ ᠣᠷᠣᠨ ᠰᠠᠭᠤᠴᠠ ᠶᠢᠨ ᠵᠢᠭᠡᠯᠡᠯᠭᠡ ᠶᠢᠨ ᠳᠤᠮᠳᠠᠴᠢ ᠬᠦᠦ ᠮᠥᠩᠭᠦ ᠶᠢᠨ ᠨᠣᠷᠮ᠎ᠠ ᠵᠢᠴᠢ ᠲᠣᠰ ᠤᠯᠠᠷᠢᠯ ᠤᠨ 5 ᠵᠢᠯ ᠠᠴᠠ ᠳᠡᠭᠡᠭᠰᠢᠬᠢ LPR ᠶᠢᠨ ᠳᠤᠮᠳᠠᠴᠢ ᠬᠡᠮᠵᠢᠭᠳᠡᠯ ᠲᠠᠢ ᠬᠤᠯᠪᠣᠭᠳᠠᠨ᠎ᠠ᠃      ᠵᠢᠱᠢᠶᠡᠯᠡᠪᠡᠯ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠠᠯᠪᠠᠨ ᠤ ᠰᠦᠯᠵᠢᠶ᠎ᠡ ᠶᠢᠨ ᠬᠠᠮᠤᠭ ᠤᠨ ᠰᠢᠨ᠎ᠡ ᠨᠡᠶᠢᠲᠡᠯᠡᠭᠰᠡᠨ ᠲᠤᠭ᠎ᠠ ᠪᠠᠷᠢᠮᠲᠠ ᠶᠢ ᠦᠨᠳᠦᠰᠦᠯᠡᠪᠡᠯ᠂ ᠭᠤᠷᠪᠠᠳᠤᠭᠠᠷ ᠤᠯᠠᠷᠢᠯ ᠳᠤ ᠪᠥᠬᠦ ᠤᠯᠤᠰ ᠤᠨ ᠰᠢᠨ᠎ᠡ ᠪᠠᠷ ᠵᠢᠭᠡᠯᠡᠭᠦᠯᠦᠭᠰᠡᠨ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠳᠤᠮᠳᠠᠴᠢ ᠬᠦᠦ ᠮᠥᠩᠭᠦ ᠶᠢᠨ ᠨᠣᠷᠮ᠎ᠠ ᠨᠢ 3.33% ᠪᠠᠶᠢᠵᠤ᠂ ᠲᠣᠰ ᠤᠯᠠᠷᠢᠯ ᠤᠨ 5 ᠵᠢᠯ ᠠᠴᠠ ᠳᠡᠭᠡᠭᠰᠢᠬᠢ LPR ᠶᠢᠨ ᠳᠤᠮᠳᠠᠴᠢ ᠥᠷᠲᠡᠭ ᠨᠢ 3.85% ᠪᠠᠶᠢᠵᠤ᠂ ᠬᠠᠷᠠᠭᠠᠯᠵᠠᠭᠰᠠᠨ ᠴᠡᠭ ᠨᠡᠮᠡᠬᠦ ᠬᠡᠮᠵᠢᠶ᠎ᠡ ᠨᠢ 3.33% ᠠᠴᠠ 3.85% ᠶᠢ ᠬᠠᠰᠤᠨ᠎ᠠ᠂ ᠲᠤᠬᠠᠶᠢᠯᠠᠪᠠᠯ 52 ᠰᠠᠭᠤᠷᠢ ᠴᠡᠭ ᠢ ᠬᠠᠰᠤᠨ᠎ᠠ᠃      ᠬᠡᠷᠪᠡ ᠡᠭᠦᠨ ᠤ ᠰᠠᠭᠤᠷᠢᠨ ᠳᠡᠭᠡᠷ᠎ᠡ 30 ᠰᠠᠭᠤᠷᠢ ᠴᠡᠭ ᠠᠴᠠ ᠳᠡᠭᠡᠭᠰᠢ  ᠬᠡᠳᠡᠷᠡᠭᠰᠡᠨ ᠪᠠᠶᠢᠪᠠᠯ᠂ ᠲᠤᠬᠠᠶᠢᠯᠠᠪᠠᠯ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠤᠷᠮ᠎ᠠ ᠶᠢᠨ ᠴᠡᠭ ᠨᠡᠮᠡᠬᠦ ᠬᠡᠮᠵᠢᠶ᠎ᠡ ᠨᠢ 22 ᠰᠠᠭᠤᠷᠢ ᠴᠡᠭ ᠠᠴᠠ ᠥᠨᠳᠥᠷ ᠪᠠᠶᠢᠪᠠᠯ᠂ ᠵᠣᠭᠤᠰ ᠵᠢᠭᠡᠯᠡᠭᠴᠢ ᠨᠢ ᠪᠠᠩᠬᠢ ᠲᠠᠢ ᠵᠥᠪᠳᠡᠯᠴᠡᠵᠦ᠂ ᠴᠡᠭ ᠨᠡᠮᠡᠬᠦ ᠬᠡᠮᠵᠢᠶ᠎ᠡ ᠶᠢ 22 ᠰᠠᠭᠤᠷᠢ ᠴᠡᠭ ᠬᠠᠰᠤᠬᠤ ᠪᠣᠯᠲᠠᠯ᠎ᠠ ᠪᠠᠭᠤᠷᠠᠭᠤᠯᠬᠤ ᠪᠠᠷ ᠭᠤᠶᠤᠴᠢᠯᠠᠵᠤ ᠪᠣᠯᠣᠨ᠎ᠠ᠃     ᠲᠣᠬᠢᠷᠠᠭᠤᠯᠤᠯᠲᠠ ᠬᠢᠬᠦ ︽ᠪᠣᠱᠤᠭ᠎ᠠ︾ ᠳᠤ ᠬᠦᠷᠦᠪᠡᠯ ᠵᠣᠭᠤᠰ ᠵᠢᠭᠡᠯᠡᠭᠴᠢ ᠨᠢ ᠲᠣᠬᠢᠷᠠᠭᠤᠯᠤᠯᠲᠠ ᠬᠢᠬᠦ ᠪᠠᠷ ᠬᠡᠷᠬᠢᠨ ᠭᠤᠶᠤᠴᠢᠯᠠᠬᠤ ᠪᠤᠶ︖ ᡼ ᠣᠯᠠᠨ ᠪᠠᠩᠬᠢ ᠢᠯᠡᠷᠬᠡᠶᠢᠯᠡᠬᠦ ᠳᠡᠭᠡᠨ᠂ 11 ᠳ᠋ᠤᠭᠡᠷ ᠰᠠᠷ᠎ᠠ ᠶᠢᠨ 1 ᠤ ᠡᠳᠦᠷ ᠠᠴᠠ ᠰᠡᠭᠦᠯᠡᠷ᠂ ᠨᠥᠬᠦᠴᠡᠯ ᠳᠤ ᠨᠡᠶᠢᠴᠡᠬᠦ ᠵᠣᠭᠤᠰ ᠵᠢᠭᠡᠯᠡᠭᠴᠢ ᠰᠠᠨᠠᠭᠠᠴᠢᠯᠠᠭ᠎ᠠ ᠠᠴᠠ ᠪᠠᠨ ᠪᠠᠩᠬᠢ ᠳᠤ ᠭᠤᠶᠤᠴᠢᠯᠠᠯ ᠭᠠᠷᠭᠠᠵᠤ᠂ ᠪᠠᠩᠬᠢ ᠶᠢᠨ ᠬᠢᠨᠠᠨ ᠵᠥᠪᠰᠢᠶᠡᠷᠡᠯ ᠢ ᠪᠠᠲᠤᠯᠠᠭᠰᠠᠨ ᠤ ᠳᠠᠷᠠᠭ᠎ᠠ ᠰᠠᠶ᠋ᠢ ᠲᠣᠬᠢᠷᠠᠭᠤᠯᠤᠯᠲᠠ ᠬᠢᠵᠦ ᠪᠣᠯᠣᠨ᠎ᠠ ᠭᠡᠵᠡᠢ᠃ ᠵᠣᠭᠤᠰ ᠵᠢᠭᠡᠯᠡᠭᠴᠢ  ᠨᠢ ᠭᠠᠷ ᠤᠲᠠᠰᠤᠨ ᠤ ᠪᠠᠩᠬᠢ᠂ ᠵᠢᠭᠡᠯᠡᠯᠭᠡ ᠶᠢᠨ ᠭᠠᠷᠲᠠᠨ ᠭᠦᠢᠴᠡᠳᠬᠡᠬᠦ ᠪᠠᠩᠬᠢ ᠵᠡᠷᠭᠡ ᠪᠠᠷ ᠳᠠᠮᠵᠢᠭᠤᠯᠤᠨ ᠲᠣᠬᠢᠷᠠᠭᠤᠯᠤᠯᠲᠠ ᠬᠢᠬᠦ ᠭᠤᠶᠤᠴᠢᠯᠠᠯ ᠭᠠᠷᠭᠠᠵᠤ ᠪᠣᠯᠣᠨ᠎ᠠ᠃      ᠦᠢᠯᠡᠳᠪᠦᠷᠢ ᠬᠤᠳᠠᠯᠳᠤᠭᠠᠨ ᠤ ᠪᠠᠩᠬᠢ ᠲᠣᠳᠣᠷᠬᠠᠢ ᠢᠯᠡᠷᠬᠡᠶᠢᠯᠡᠭᠰᠡᠨ ᠨᠢ᠂ 11 ᠳ᠋ᠤᠭᠡᠷ ᠰᠠᠷ᠎ᠠ ᠶᠢᠨ 15 ᠤ ᠡᠳᠦᠷ ᠠᠴᠠ ᠡᠬᠢᠯᠡᠨ ᠳᠠᠬᠢᠨ ᠦᠨ᠎ᠡ ᠲᠣᠭᠲᠠᠭᠠᠬᠤ ᠦᠶᠡᠯᠡᠯ ᠤᠨ ᠬᠤᠭᠤᠴᠠᠭᠠᠨ ᠳᠤ ᠲᠣᠬᠢᠷᠠᠭᠤᠯᠤᠯᠲᠠ ᠬᠢᠬᠦ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠨ᠎ᠡ᠂ ᠵᠣᠴᠢᠨ ᠡᠷᠦᠬᠡ ᠭᠠᠷ ᠤᠲᠠᠰᠤᠨ ᠤ ᠪᠠᠩᠬᠢ ᠶᠢᠨ ︽ᠵᠢᠭᠡᠯᠡᠯᠭᠡ — ᠣᠷᠣᠨ ᠰᠠᠭᠤᠴᠠ ᠶᠢᠨ ᠵᠢᠭᠡᠯᠡᠯᠭᠡ ᠶᠢᠨ ᠳᠠᠬᠢᠨ ᠦᠨ᠎ᠡ ᠲᠣᠭᠲᠠᠭᠠᠬᠤ ᠦᠶᠡᠯᠡᠯ ᠤᠨ ᠬᠤᠭᠤᠴᠠᠭᠠᠨ ᠳᠤ ᠲᠣᠬᠢᠷᠠᠭᠤᠯᠤᠯᠲᠠ ᠬᠢᠬᠦ︾ ᠪᠤᠯᠤᠩ ᠢᠶᠠᠷ ᠳᠠᠮᠵᠢᠭᠤᠯᠤᠨ ᠳᠠᠬᠢᠨ ᠦᠨ᠎ᠡ ᠲᠣᠭᠲᠠᠭᠠᠬᠤ ᠦᠶᠡᠯᠡᠯ ᠤᠨ ᠬᠤᠭᠤᠴᠠᠭᠠᠨ ᠳᠤ ᠲᠣᠬᠢᠷᠠᠭᠤᠯᠤᠯᠲᠠ ᠬᠢᠬᠦ ᠪᠠᠷ ᠭᠤᠶᠤᠴᠢᠯᠠᠵᠤ ᠪᠣᠯᠣᠨ᠎ᠠ᠃ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ᠂ ᠰᠢᠨ᠎ᠡ ᠪᠠᠷ ᠳᠠᠬᠢᠨ ᠦᠨ᠎ᠡ ᠲᠣᠭᠲᠠᠭᠠᠬᠤ ᠦᠶᠡᠯᠡᠯ ᠤᠨ ᠬᠤᠭᠤᠴᠠᠭ᠎ᠠ ᠨᠢ ᠲᠣᠰ ᠡᠳᠦᠷ ᠠᠴᠠ ᠬᠦᠴᠦᠨ ᠲᠠᠢ ᠪᠣᠯᠣᠨ᠎ᠠ᠃ ᠢᠷᠡᠯᠲᠡ᠄ ᠰᠢᠨᠬᠤᠸᠠ ᠰᠦᠯᠵᠢᠶ᠎ᠡ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1