ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠠᠵᠤ ᠠᠬᠤᠶᠢᠯᠠᠯ ᠤᠨ | ᠠᠵᠢᠯᠲᠠᠳ ᠤᠨ ᠬᠠᠤᠯᠢᠵᠢᠯ ᠤᠨ ᠤᠬᠠᠮᠰᠠᠷ ᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠦᠢᠯᠡᠳᠪᠦᠷᠢᠯᠡᠯ | ᠡᠵᠡᠩᠨᠡᠯᠲᠡ ᠬᠠᠮᠢᠶᠠᠷᠤᠯᠲᠠ ᠶᠢᠨ ᠬᠠᠤᠯᠢᠵᠢᠯ ᠢ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠲᠣᠭᠲᠠᠬᠤ ᠰᠢᠶᠠᠨ ᠤ | ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠬᠤᠷᠢᠶ᠎ᠠ ᠶᠢᠨ ᠲᠤᠰᠬᠠᠢ ᠲᠤᠰᠢᠶᠠᠯᠲᠤ ᠭᠡᠰᠢᠭᠦᠨ ᠨᠠᠷ ᠥᠪᠥᠷ | ᠮᠣᠩᠭᠤᠯ ᠤᠨ ᠵᠢᠦ ᠲᠠᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠳᠤ ᠬᠦᠷᠴᠦ ᠬᠠᠤᠯᠢ ᠴᠠᠭᠠᠵᠠ ᠶᠢ | ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠡᠢ᠃ | | | | | ᠨᠣᠮ ᠪᠢᠴᠢᠭ ᠬᠦᠷᠭᠡᠵᠦ ᠠᠵᠤ ᠠᠬᠤᠶᠢᠯᠠᠯ ᠤᠨ ᠬᠠᠤᠯᠢ ᠪᠠᠷ ᠵᠠᠰᠠᠬᠤ ᠮᠡᠳᠡᠯᠭᠡ ᠶᠢᠨ ᠨᠥᠭᠡᠴᠡ ᠶᠢᠨ | ᠬᠡᠮᠵᠢᠶ᠎ᠡ ᠶᠢ ᠲᠡᠭᠡᠭᠰᠢᠯᠡᠭᠦᠯᠪᠡ | ᠪᠠᠶᠢᠴᠠᠭᠠᠬᠤ ᠠᠵᠢᠯᠲᠠᠨ ᠠᠵᠤ ᠠᠬᠤᠶᠢᠯᠠᠯ ᠳᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠢᠷᠭᠡᠨ ᠤ ᠬᠠᠤᠯᠢ ᠶᠢᠨ ᠪᠢᠴᠢᠭ︾᠂ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ︾᠂ ︽ | ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠠᠵᠢᠯᠯᠠᠭᠠᠨ ᠤ | ᠪᠣᠳᠠᠲᠤ ᠶᠠᠪᠤᠳᠠᠯ ᠬᠢᠭᠡᠳ ᠬᠠᠤᠯᠢ ᠴᠠᠭᠠᠵᠠ ᠶᠢᠨ ᠠᠶᠤᠯ ᠲᠦᠭᠰᠢᠭᠦᠷᠢ ᠶᠢᠨ ᠰᠡᠷᠭᠡᠶᠢᠯᠡᠯᠲᠡ︾᠂ ︽ | ᠬᠤᠳᠠᠯᠳᠤᠭᠠᠨ ᠤ ᠨᠢᠭᠤᠴᠠ ᠶᠢᠨ ᠬᠠᠮᠠᠭᠠᠯᠠᠯᠲᠠ ᠶᠢᠨ ᠪᠣᠳᠠᠲᠤ ᠶᠠᠪᠤᠳᠠᠯ ᠵᠢᠴᠢ ᠬᠡᠷᠡᠭ ᠤᠨ ᠵᠢᠱᠢᠶ᠎ᠡ ᠶᠢᠨ ᠨᠠᠷᠢᠨ | ᠲᠠᠶᠢᠯᠪᠤᠷᠢ︾ ᠵᠡᠷᠭᠡ ᠠᠵᠤ ᠠᠬᠤᠶᠢᠯᠠᠯ ᠤᠨ ᠡᠳᠦᠷ ᠲᠤᠲᠤᠮ ᠤᠨ ᠡᠵᠡᠩᠨᠡᠯᠲᠡ ᠶᠢᠨ ᠬᠡᠷᠡᠭ ᠶᠠᠪᠤᠳᠠᠯ ᠢ | ᠰᠢᠢᠳᠪᠦᠷᠢᠯᠡᠬᠦ᠂ ᠡᠵᠡᠩᠨᠡᠯᠲᠡ ᠬᠠᠮᠢᠶᠠᠷᠤᠯᠲᠠ ᠶᠢᠨ ᠳᠦᠷᠢᠮ ᠢ ᠪᠠᠶᠢᠭᠤᠯᠬᠤ᠂ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢ ᠲᠥᠯᠥᠪᠵᠢᠭᠦᠯᠬᠦ ᠵᠡᠷᠭᠡ ᠠᠵᠢᠯᠯᠠᠭ᠎ᠠ ᠶᠢᠨ ᠲᠠᠯ᠎ᠠ ᠪᠠᠷ | ᠵᠢᠷᠤᠮᠵᠢᠭᠰᠠᠨ ᠦᠨᠳᠦᠰᠦᠯᠡᠯ ᠬᠠᠩᠭᠠᠬᠤ ᠨᠢ ᠠᠵᠤ ᠠᠬᠤᠶᠢᠯᠠᠯ ᠢ ᠬᠠᠪᠰᠤᠷᠤᠨ ᠨᠢᠭᠲᠠ ᠴᠢᠩᠭ᠎ᠠ ᠪᠥᠭᠡᠳ ᠬᠠᠤᠯᠢ | ᠶᠣᠰᠣᠨ ᠤ ᠢᠷᠭᠡᠨ ᠤ ᠬᠡᠷᠡᠭ ᠤᠨ ᠠᠵᠢᠯᠯᠠᠭ᠎ᠠ ᠶᠢᠨ ᠪᠣᠷᠣ ᠲᠥᠯᠥᠪ ᠪᠠ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠰᠢᠰᠲ᠋ᠧᠮ ᠢ ᠪᠠᠶᠢᠭᠤᠯᠬᠤ ᠳᠤ ᠠᠰᠢᠭᠲᠠᠢ ᠮᠥᠷᠲᠡᠭᠡᠨ ᠪᠠᠰᠠ ᠠᠵᠤ | ᠠᠬᠤᠶᠢᠯᠠᠯ ᠤᠨ ᠰᠤᠳᠤᠯᠤᠨ ᠨᠡᠭᠡᠭᠡᠬᠦ ᠪᠠ ᠵᠠᠬ᠎ᠠ ᠳᠡᠯᠭᠡᠭᠦᠷ ᠢ ᠥᠷᠭᠡᠳᠬᠡᠬᠦ ᠶᠠᠪᠤᠴᠠ ᠳᠤ ᠪᠤᠰᠤᠳ ᠤᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠬᠤ ᠠᠴᠠ ᠵᠠᠶᠢᠯᠠᠰᠬᠢᠬᠦ ᠬᠡᠷᠡᠭᠳᠡᠢ᠃ | ᠬᠠᠤᠯᠢ ᠴᠠᠭᠠᠵᠠ ᠶᠢᠨ ᠵᠠᠳᠠᠯᠤᠯᠲᠠ ᠠᠵᠤ ᠠᠬᠤᠶᠢᠯᠠᠯ ᠤᠨ ᠬᠠᠤᠯᠢ ᠶᠣᠰᠣᠨ ᠤ ᠡᠵᠡᠩᠨᠡᠯᠲᠡ ᠶᠢᠨ | ᠲᠠᠨᠢᠯᠳᠠ ᠶᠢ ᠭᠦᠨᠵᠡᠭᠡᠶᠢᠷᠡᠭᠦᠯᠪᠡ | ᠪᠠᠶᠢᠴᠠᠭᠠᠬᠤ ᠠᠵᠢᠯᠲᠠᠨ ᠠᠵᠤ ᠠᠬᠤᠶᠢᠯᠠᠯ ᠤᠨ ᠠᠵᠢᠯᠲᠠᠨ ᠳᠤ ᠬᠠᠤᠯᠢ ᠴᠠᠭᠠᠵᠠ ᠶᠢᠨ ᠮᠡᠳᠡᠯᠭᠡ ᠶᠢᠨ | ᠲᠠᠶᠢᠯᠤᠮᠵᠢ ᠬᠢᠵᠦ᠂ ᠦᠨᠳᠦᠰᠦᠨ ᠬᠠᠤᠯᠢ ᠨᠢ ᠤᠯᠤᠰ ᠤᠨ ᠦᠨᠳᠦᠰᠦᠨ ᠶᠡᠭᠡ ᠬᠠᠤᠯᠢ ᠪᠣᠯᠤᠭᠰᠠᠨ ᠤ ᠬᠤᠪᠢ ᠳᠠᠬᠢ | ᠡᠷᠬᠡ ᠰᠦᠷᠲᠦ ᠴᠢᠨᠠᠷ ᠪᠠ ᠰᠠᠭᠤᠷᠢᠯᠠᠬᠤ ᠴᠢᠨᠠᠷᠲᠠᠢ ᠪᠠᠶᠢᠷᠢ ᠰᠠᠭᠤᠷᠢ ᠶᠢ ᠴᠢᠬᠤᠯᠠᠴᠢᠯᠠᠵᠤ᠂ ᠦᠨᠳᠦᠰᠦᠨ ᠬᠠᠤᠯᠢ | ᠨᠢ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠣᠷᠴᠢᠨ ᠲᠣᠭᠤᠷᠢᠨ ᠳᠠᠬᠢ ᠬᠠᠤᠯᠢ ᠶᠣᠰᠣᠨ ᠤ | ᠡᠵᠡᠩᠨᠡᠯᠲᠡ ᠳᠤ ᠬᠠᠩᠭᠠᠭᠰᠠᠨ ᠦᠨᠳᠦᠰᠦᠨ ᠳᠦᠷᠢᠮ ᠤᠨ ᠪᠣᠷᠣ ᠲᠥᠯᠥᠪ ᠢ ᠲᠠᠶᠢᠯᠪᠤᠷᠢᠯᠠᠪᠠ︔ ᠳᠠᠷᠠᠭ᠎ᠠ ᠨᠢ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠳᠤ ᠬᠠᠮᠤᠷᠤᠭᠳᠠᠭᠰᠠᠨ ᠲᠤᠰᠬᠠᠢ ᠠᠰᠢᠭ᠂ | ᠲᠠᠸᠠᠷ ᠤᠨ ᠲᠡᠮᠳᠡᠭ᠂ ᠵᠣᠬᠢᠶᠠᠯ ᠪᠦᠲᠦᠭᠡᠯ ᠤᠨ ᠡᠷᠬᠡ ᠵᠡᠷᠭᠡ ᠴᠢᠬᠤᠯᠠ ᠬᠦᠷᠢᠶ᠎ᠡ ᠶᠢ ᠲᠣᠳᠣᠷᠬᠠᠶᠢᠯᠠᠨ ᠥᠭᠦᠯᠡᠵᠦ᠂ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠷᠬᠡ ᠳᠤ ᠬᠠᠯᠳᠠᠭᠰᠠᠨ ᠠᠵᠢᠯᠯᠠᠭ᠎ᠠ ᠶᠢᠨ ᠪᠦᠷᠢᠯᠳᠦᠯ ᠤᠨ | ᠴᠢᠬᠤᠯᠠ ᠨᠥᠬᠦᠴᠡᠯ ᠢ ᠵᠠᠳᠠᠯᠤᠨ ᠰᠢᠨᠵᠢᠯᠡᠵᠦ᠂ ᠠᠵᠤ ᠠᠬᠤᠶᠢᠯᠠᠯ ᠬᠡᠷᠬᠢᠨ ᠪᠦᠲᠦᠮᠵᠢᠲᠡᠶ ᠲᠤᠰᠬᠠᠢ ᠠᠰᠢᠭ ᠤᠨ | ᠪᠠᠶᠢᠷᠢᠰᠢᠯ ᠢᠶᠠᠷ ᠳᠠᠮᠵᠢᠭᠤᠯᠤᠨ ᠥᠪᠡᠷ ᠤᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢᠶᠠᠨ | ᠬᠠᠮᠠᠭᠠᠯᠠᠬᠤ ᠶᠢ ᠵᠠᠳᠠᠯᠤᠨ ᠰᠢᠨᠵᠢᠯᠡᠵᠦ᠂ ᠠᠵᠤ ᠠᠬᠤᠶᠢᠯᠠᠯ ᠤᠨ ᠠᠵᠢᠯᠲᠠᠳ ᠤᠨ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢ ᠬᠠᠮᠠᠭᠠᠯᠠᠬᠤ ᠶᠢᠨ ᠴᠢᠬᠤᠯᠠ ᠴᠢᠨᠠᠷ ᠢ ᠭᠦᠨᠵᠡᠭᠡᠢ ᠲᠠᠨᠢᠬᠤ ᠶᠢ ᠲᠦᠯᠬᠢᠨ ᠠᠬᠢᠭᠤᠯᠵᠤ᠂ ᠠᠵᠤ | ᠠᠬᠤᠶᠢᠯᠠᠯ ᠤᠨ ᠬᠠᠤᠯᠢ ᠪᠠᠷ ᠵᠠᠰᠠᠬᠤ ᠵᠠᠮ ᠢᠶᠠᠷ ᠰᠢᠨ᠎ᠡ ᠶᠢ ᠡᠭᠦᠳᠦᠨ ᠬᠥᠭᠵᠢᠬᠦ ᠪᠠ ᠯᠠᠪᠳᠠᠭᠤᠨ ᠢᠶᠠᠷ | ᠤᠷᠤᠭᠰᠢᠯᠠᠬᠤ ᠳᠤ ᠤᠨᠤᠯ ᠤᠨ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ | ᠠᠵᠤ ᠠᠬᠤᠶᠢᠯᠠᠯ ᠤᠨ ᠡᠵᠡᠩᠨᠡᠯᠲᠡ ᠶᠢᠨ ᠵᠠᠭᠪᠤᠷ ᠢ ᠵᠢᠷᠤᠮᠵᠢᠭᠤᠯᠬᠤ ᠳᠤ ᠬᠦᠴᠦᠨ ᠨᠡᠮᠡᠷᠢᠯᠡᠨ᠎ᠡ | ᠪᠠᠶᠢᠴᠠᠭᠠᠬᠤ ᠠᠵᠢᠯᠲᠠᠳ ᠠᠵᠤ ᠠᠬᠤᠶᠢᠯᠠᠯ ᠤᠨ ᠠᠵᠢᠯᠲᠠᠳ ᠲᠠᠢ ᠨᠢᠭᠤᠷᠲᠠᠨ ᠰᠠᠨᠠᠯ ᠢᠶᠠᠨ ᠰᠣᠯᠢᠯᠴᠠᠬᠤ ᠶᠢ | ᠭᠦᠨᠵᠡᠭᠡᠢ ᠥᠷᠨᠢᠭᠦᠯᠵᠦ᠂ ᠠᠵᠤ ᠠᠬᠤᠶᠢᠯᠠᠯ ᠤᠨ ᠠᠵᠢᠯᠲᠠᠨ ᠤ ᠳᠤᠷᠠᠳᠤᠭᠰᠠᠨ ᠠᠵᠤ ᠠᠬᠤᠶᠢᠯᠠᠯ ᠤᠨ ᠵᠠᠰᠠᠯᠲᠠ᠂ | ᠭᠡᠷ᠎ᠡ ᠶᠢᠨ ᠵᠢᠭᠤᠷᠠᠯᠳᠤᠭᠠᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ᠂ ᠬᠥᠳᠡᠯᠮᠦᠷᠢ | ᠬᠦᠴᠦ ᠬᠡᠷᠡᠭᠯᠡᠬᠦ ᠵᠡᠷᠭᠡ ᠣᠯᠠᠨ ᠵᠠᠩᠭᠢᠯᠠᠭ᠎ᠠ ᠶᠢᠨ ᠬᠦᠷᠢᠶᠡᠨ ᠳᠤ ᠬᠤᠯᠪᠣᠭᠳᠠᠭᠰᠠᠨ ᠬᠠᠤᠯᠢ ᠴᠠᠭᠠᠵᠠ ᠶᠢᠨ | ᠠᠰᠠᠭᠤᠳᠠᠯ ᠳᠤ ᠴᠢᠭᠯᠡᠭᠦᠯᠦᠨ᠂ ᠮᠠᠷᠭᠤᠯᠳᠤᠭᠠᠨ ᠡᠭᠦᠰᠬᠦ ᠶᠢ ᠤᠷᠢᠳᠴᠢᠯᠠᠨ ᠰᠡᠷᠭᠡᠶᠢᠯᠡᠬᠦ ᠰᠢᠷᠢᠰ ᠪᠣᠳᠠᠲᠠᠢ ᠠᠷᠭ᠎ᠠ | ᠬᠡᠮᠵᠢᠶ᠎ᠡ ᠶᠢ ᠳᠤᠷᠠᠳᠤᠨ ᠭᠠᠷᠭᠠᠬᠤ ᠶᠢᠨ ᠬᠠᠮᠲᠤ ᠠᠵᠤ ᠠᠬᠤᠶᠢᠯᠠᠯ ᠤᠨ ᠬᠢᠨ ᠵᠠᠰᠠᠬᠤ ᠪᠦᠲᠦᠴᠡ ᠪᠠᠨ ᠤᠯᠠᠮ ᠨᠢᠭᠡ | ᠠᠯᠬᠤᠮ ᠰᠢᠯᠢᠳᠡᠭᠵᠢᠭᠦᠯᠵᠦ᠂ ᠡᠯ᠎ᠡ ᠪᠠᠶᠢᠭᠤᠯᠤᠮᠵᠢ ᠶᠢᠨ ᠡᠷᠬᠡ ᠲᠤᠰᠢᠶᠠᠯ ᠤᠨ ᠵᠠᠭᠠᠭ ᠬᠢᠵᠠᠭᠠᠷ ᠢ ᠲᠣᠳᠣᠷᠬᠠᠶᠢᠯᠠᠵᠤ᠂ | ᠠᠵᠢᠯᠲᠠᠨ ᠠᠵᠢᠯᠴᠢᠨ ᠢ ᠤᠷᠢᠬᠤ᠂ ᠪᠣᠯᠪᠠᠰᠤᠷᠠᠭᠤᠯᠬᠤ᠂ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ᠂ | ᠲᠤᠰᠢᠶᠠᠯ ᠠᠴᠠ ᠪᠠᠨ ᠰᠠᠯᠬᠤ ᠵᠡᠷᠭᠡ ᠵᠠᠩᠭᠢᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠪᠠ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ | ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠭᠠᠶᠢᠯᠢ ᠶᠢᠨ ᠶᠠᠪᠤᠳᠠᠯ ᠢ ᠴᠠᠭ ᠲᠤᠬᠠᠢ ᠳᠤᠨᠢ ᠭᠦᠢᠴᠡᠳ | ᠲᠤᠭ᠎ᠠ ᠪᠠᠷ ᠮᠡᠳᠡᠭᠦᠯᠬᠦ ᠪᠠ ᠲᠤᠰᠢᠶᠠᠬᠤ ᠬᠡᠷᠡᠭᠳᠡᠢ ᠭᠡᠵᠦ ᠰᠠᠨᠠᠭᠤᠯᠵᠠᠢ᠃ | ᠲᠤᠰ ᠤᠳᠠᠭᠠᠨ ᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠬᠠᠤᠯᠢ ᠴᠠᠭᠠᠵᠠ ᠶᠢᠨ ᠨᠣᠮ ᠪᠢᠴᠢᠭ | ᠪᠡᠯᠡᠭᠯᠡᠬᠦ ᠶᠢᠨ ᠬᠠᠮᠲᠤ ᠬᠤᠯᠪᠣᠭᠳᠠᠯ ᠪᠦᠬᠦᠢ ᠵᠦᠢᠯ ᠵᠤᠷᠪᠤᠰ ᠢ ᠲᠠᠶᠢᠯᠪᠤᠷᠢᠯᠠᠬᠤ ᠪᠠᠷ ᠳᠠᠮᠵᠢᠭᠤᠯᠤᠨ᠂ ᠠᠵᠤ | ᠠᠬᠤᠶᠢᠯᠠᠯ ᠳᠤ ᠬᠠᠤᠯᠢᠵᠢᠯ ᠤᠨ ᠰᠡᠳᠬᠢᠬᠦᠢ ᠶᠢᠨ ︽ᠬᠡᠷᠡᠯᠳᠦ ᠳ᠋ᠧᠩ︾ ᠢ ᠠᠰᠠᠭᠠᠵᠤ᠂ ᠠᠵᠤ ᠠᠬᠤᠶᠢᠯᠠᠯ ᠤᠨ | ᠪᠦᠬᠦᠯᠢ ᠴᠣᠭᠴᠠ ᠶᠢᠨ ᠦᠨᠳᠦᠰᠦᠨ ᠬᠠᠤᠯᠢ ᠶᠢᠨ ᠤᠬᠠᠮᠰᠠᠷ ᠪᠣᠯᠣᠨ ᠬᠠᠤᠯᠢ ᠴᠠᠭᠠᠵᠠ ᠶᠢᠨ ᠬᠡᠪ ᠪᠣᠯᠪᠠᠰᠤᠷᠠᠯ ᠢ | ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠨᠡᠩ ᠴᠤ ᠠᠵᠤ ᠠᠬᠤᠶᠢᠯᠠᠯ ᠤᠨ ᠳᠣᠲᠣᠭᠠᠳᠤ ᠬᠠᠮᠢᠶᠠᠷᠤᠯᠲᠠ ᠠᠴᠠ | ᠭᠠᠳᠠᠭᠠᠳᠤ ᠡᠵᠡᠩᠨᠡᠯᠲᠡ ᠬᠦᠷᠲᠡᠯᠡᠬᠢ ᠡᠵᠡᠩᠨᠡᠯᠲᠡ ᠶᠢ ᠡᠮᠬᠢᠯᠡᠬᠦ ᠪᠠ ᠬᠠᠤᠯᠢ ᠴᠠᠭᠠᠵᠠ ᠶᠢᠨ ᠠᠶᠤᠯ ᠲᠦᠭᠰᠢᠭᠦᠷᠢ ᠶᠢ | ᠰᠡᠷᠭᠡᠶᠢᠯᠡᠨ ᠡᠵᠡᠮᠳᠡᠬᠦ ᠲᠣᠭᠲᠠᠴᠠ ᠶᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠵᠦ᠂ ᠠᠵᠤ ᠠᠬᠤᠶᠢᠯᠠᠯ ᠤᠨ | ᠦᠷᠭᠦᠯᠵᠢᠯᠡᠬᠦ ᠬᠥᠭᠵᠢᠯᠲᠡ ᠳᠤ ᠬᠠᠤᠯᠢᠵᠢᠯ ᠤᠨ ᠰᠠᠭᠤᠷᠢ ᠶᠢ ᠲᠠᠯᠪᠢᠭᠰᠠᠨ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠤ ᠠᠷᠠᠳ ᠤᠨ ᠪᠠᠶᠢᠴᠠᠭᠠᠬᠤ ᠬᠤᠷᠢᠶ᠎ᠠ ᠡᠯ᠎ᠡ | ᠲᠦᠷᠦᠯ ᠤᠨ ᠬᠠᠤᠯᠢᠵᠢᠯ ᠤᠨ ᠤᠬᠠᠭᠤᠯᠭ᠎ᠠ ᠪᠣᠯᠣᠨ ᠦᠢᠯᠡᠴᠢᠯᠡᠭᠡᠨ ᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ | ᠥᠷᠨᠢᠭᠦᠯᠵᠦ᠂ ᠰᠢᠶᠠᠨ ᠤ ᠬᠡᠪᠴᠢᠶᠡᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠶᠢᠴᠠᠭᠠᠬᠤ | ᠪᠠᠶᠢᠭᠤᠯᠭ᠎ᠠ ᠶᠢᠨ ᠬᠦᠴᠦᠨ ᠢᠶᠠᠨ ᠨᠡᠮᠡᠷᠢᠯᠡᠨ᠎ᠡ᠃ |