ᠰᠢᠨ᠎ᠡ ᠨᠢᠭᠡ ᠡᠭᠡᠯᠵᠢ ᠶᠢᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠤ ᠲᠠᠷᠠᠭᠠᠬᠢ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠲᠡᠯᠭᠡᠭᠦᠷ ᠤᠨ ᠨᠦᠯᠦᠭᠡ ᠶᠠᠮᠠᠷ ᠪᠤᠢ︖
ᠨᠡᠶᠢᠲᠡᠯᠡᠭᠰᠡᠨ ᠴᠠᠭ᠄
2024/12/10
      ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠣᠯᠠᠨ ᠵᠦᠢᠯ ᠤᠨ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢ 12 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠠᠨ ᠬᠡᠷᠡᠭᠵᠢᠭᠦᠯᠪᠡ᠃ ᠣᠶᠢᠷ᠎ᠠ ᠳᠤ᠂ ᠬᠡᠰᠡᠭ ᠨᠢᠭᠡᠳᠦᠭᠡᠷ ᠲᠡᠰ ᠤᠨ ᠪᠠ ᠬᠤᠶᠠᠳᠤᠭᠠᠷ ᠲᠡᠰ ᠤᠨ ᠬᠤᠲᠠ ᠳᠤ᠂ ᠭᠡᠷ ᠪᠠᠶᠢᠰᠢᠩ ᠤᠨ ᠵᠠᠬ᠎ᠠ ᠳᠡᠯᠭᠡᠭᠦᠷ ᠤᠨ ᠲᠥᠷᠥ ᠶᠢᠨ ᠪᠣᠳᠣᠯᠭ᠎ᠠ ᠶᠢᠨ ᠬᠠᠮ ᠠᠷᠭ᠎ᠠ ᠬᠡᠮᠵᠢᠶ᠎ᠡ ᠶᠢᠨ ᠦᠢᠯᠡᠳᠦᠯ ᠦᠷᠭᠦᠯᠵᠢᠯᠡᠨ ᠪᠠᠳᠠᠷᠠᠵᠤ᠂ ᠵᠠᠬ᠎ᠠ ᠳᠡᠯᠭᠡᠭᠦᠷ ᠤᠨ ᠢᠳᠡᠪᠬᠢᠵᠢᠯ ᠲᠡᠭᠡᠭᠰᠢᠯᠡᠵᠦ ᠪᠠᠶᠢᠨ᠎ᠠ᠃      ᠡᠲᠡᠭᠡᠷ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠳᠤ ᠭᠤᠣᠯᠳᠠᠭᠤ᠄ ᠭᠡᠷ᠎ᠡ ᠶᠢᠨ ᠭᠠᠶᠢᠯᠢ ᠶᠢᠨ ᠲᠠᠯ᠎ᠠ ᠪᠠᠷ᠂ ᠣᠲᠣ ᠶᠢᠨ ᠬᠡᠷᠡᠭᠵᠢᠭᠦᠯᠵᠦ ᠪᠠᠶᠢᠭ᠎ᠠ 1% ᠶᠢᠨ ᠳᠣᠣᠷ᠎ᠠ ᠭᠠᠶᠢᠯᠢ ᠶᠢᠨ ᠨᠣᠷᠮ᠎ᠠ ᠶᠢᠨ ᠬᠠᠷᠠᠭᠠᠯᠵᠠᠯ ᠬᠦᠷᠳᠡᠭᠡᠬᠦ ᠭᠡᠷ ᠪᠠᠶᠢᠰᠢᠩ ᠤᠨ ᠲᠠᠯᠠᠪᠠᠶ ᠶᠢ 90 ᠲᠡᠭᠰᠢ ᠳᠥᠷᠪᠡᠯᠵᠢᠨ ᠮᠧᠲᠷ ᠪᠠᠶᠢᠭᠰᠠᠨ ᠠᠴᠠ 140 ᠲᠡᠭᠰᠢ ᠳᠥᠷᠪᠡᠯᠵᠢᠨ ᠮᠧᠲᠷ ᠪᠣᠯᠭᠠᠨ ᠲᠡᠭᠡᠭᠰᠢᠯᠡᠭᠦᠯᠵᠡᠢ︔ ᠬᠤᠯᠪᠣᠭᠳᠠᠯ ᠪᠦᠬᠦᠢ ᠬᠤᠲᠠ ᠳᠤ ᠡᠩ ᠤᠨ ᠣᠷᠣᠨ ᠰᠠᠭᠤᠴᠠ ᠪᠠ ᠡᠩ ᠤᠨ ᠪᠤᠰᠤ ᠣᠷᠣᠨ ᠰᠠᠭᠤᠴᠠ ᠶᠢᠨ ᠪᠠᠷᠢᠮᠵᠢᠶ᠎ᠠ ᠶᠢ ᠬᠦᠴᠦᠨ ᠦᠭᠡᠢ ᠪᠣᠯᠭᠠᠭᠰᠠᠨ ᠤ ᠳᠠᠷᠠᠭ᠎ᠠ᠂ ᠬᠤᠪᠢ ᠬᠥᠮᠥᠨ ᠤ ᠬᠤᠳᠠᠯᠳᠤᠨ ᠠᠪᠤᠭᠠᠳ ᠨᠢᠭᠡᠨᠲᠡ 2 ᠵᠢᠯ ᠠᠴᠠ ᠳᠡᠭᠡᠭᠰᠢ ︵2 ᠵᠢᠯ ᠪᠠᠭᠲᠠᠨ᠎ᠠ︶ ᠪᠣᠯᠤᠭᠰᠠᠨ ᠣᠷᠣᠨ ᠰᠠᠭᠤᠴᠠ ᠪᠠᠨ ᠪᠣᠷᠣᠯᠠᠭᠤᠯᠬᠤ ᠳᠤ ᠥᠷᠲᠡᠭ ᠨᠡᠮᠡᠭᠳᠡᠯ ᠤᠨ ᠭᠠᠶᠢᠯᠢ ᠲᠠᠲᠠᠪᠤᠷᠢᠯᠠᠬᠤ ᠦᠭᠡᠢ︔ ᠡᠯ᠎ᠡ ᠭᠠᠵᠠᠷ ᠣᠷᠣᠨ ᠤ ᠭᠠᠵᠠᠷ ᠰᠢᠷᠣᠢ ᠶᠢᠨ ᠥᠷᠲᠡᠭ ᠨᠡᠮᠡᠭᠳᠡᠯ ᠤᠨ ᠭᠠᠶᠢᠯᠢ ᠶᠢᠨ ᠤᠷᠢᠳᠴᠢᠯᠠᠨ ᠲᠠᠲᠠᠪᠤᠷᠢᠯᠠᠬᠤ ᠨᠣᠷᠮ᠎ᠠ ᠶᠢᠨ ᠳᠣᠣᠷᠠᠳᠤ ᠬᠢᠵᠠᠭᠠᠷ ᠢ ᠨᠢᠭᠡᠳᠦᠯᠲᠡᠢ ᠪᠠᠷ 0.5 % ᠪᠠᠷ ᠪᠠᠭᠤᠷᠠᠭᠤᠯᠤᠭᠰᠠᠨ ᠵᠡᠷᠭᠡ ᠪᠣᠯᠣᠨ᠎ᠠ᠃      ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥ ᠶᠢᠨ ᠪᠣᠳᠣᠯᠭ᠎ᠠ ᠶᠢᠨ ᠬᠠᠮ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠣᠭᠰᠠᠨ ᠤ ᠨᠢᠭᠡᠨ ᠲᠣᠪᠣᠶᠢᠮ᠎ᠠ ᠢᠯᠡᠷᠡᠯ ᠭᠡᠪᠡᠯ᠂ ᠨᠢᠭᠡᠳᠦᠭᠡᠷ ᠲᠡᠰ ᠤᠨ ᠬᠤᠲᠠ ᠶᠢᠨ ᠭᠠᠷ ᠳᠠᠮᠵᠢᠭᠰᠠᠨ ᠣᠷᠣᠨ ᠰᠠᠭᠤᠴᠠ ᠶᠢᠨ ᠠᠷᠠᠯᠵᠢᠶᠠᠨ ᠤ ᠢᠳᠡᠪᠬᠢᠵᠢᠯ ᠤᠯᠠᠮ ᠨᠢᠭᠡ ᠠᠯᠬᠤᠮ ᠳᠡᠭᠡᠭᠰᠢᠯᠡᠭᠰᠡᠨ ᠶᠠᠪᠤᠳᠠᠯ ᠪᠣᠯᠣᠨ᠎ᠠ᠃      ᠱᠠᠩᠬᠠᠢ ᠬᠤᠳᠠ ᠶᠢᠨ ᠬᠤᠶᠠᠷ ᠬᠡᠦᠬᠡᠳ ᠤᠨ ᠡᠵᠢ ᠵᠣᠣ ᠠᠪᠠᠭ᠋ᠠᠢ ᠭᠡᠷ ᠪᠦᠯᠢ ᠶᠢᠨ ᠣᠷᠣᠨ ᠰᠠᠭᠤᠴᠠ ᠶᠢᠨ ᠨᠥᠬᠦᠴᠡᠯ ᠢᠶᠠᠨ ᠰᠠᠶᠢᠵᠢᠷᠠᠭᠤᠯᠬᠤ ᠶᠢ ᠲᠤᠯᠭᠠᠮ᠎ᠠ ᠬᠦᠰᠡᠵᠦ᠂ ᠰᠢᠦᠢ ᠾᠦᠢ ᠲᠣᠭᠤᠷᠢᠭ ᠤᠨ 122 ᠲᠡᠭᠰᠢ ᠳᠥᠷᠪᠡᠯᠵᠢᠨ ᠮᠧᠲᠷ ᠤᠨ ᠭᠤᠷᠪᠠᠨ ᠥᠷᠥᠭᠡ ᠲᠠᠢ ᠭᠡᠷ ᠢ ᠦᠵᠡᠵᠦ ᠲᠣᠭᠤᠭᠰᠠᠨ ᠪᠣᠯᠪᠠᠴᠤ 10 ᠲᠦᠮᠡᠨ ᠲᠥᠭᠦᠷᠢᠭ ᠤᠨ ᠦᠨ᠎ᠡ ᠶᠢᠨ ᠵᠥᠷᠢᠶ᠎ᠡ ᠠᠴᠠ ᠪᠣᠯᠵᠤ ᠭᠡᠷ ᠤᠨ ᠡᠵᠡᠨ ᠲᠠᠢ ᠨᠡᠯᠢᠶᠡᠳ ᠤᠳᠠᠲᠠᠯ᠎ᠠ ᠶᠠᠷᠢᠯᠴᠠᠭᠰᠠᠨ ᠪᠠᠶᠢᠨ᠎ᠠ᠃       ︽ᠡᠨᠡ ᠤᠳᠠᠭ᠎ᠠ ᠶᠢᠨ ᠭᠡᠷ᠎ᠡ ᠶᠢᠨ ᠭᠠᠶᠢᠯᠢ ᠶᠢ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠤ ᠳᠠᠷᠠᠭ᠎ᠠ᠂ ᠭᠠᠶᠢᠯᠢ ᠶᠢᠨ ᠰᠦᠢᠳᠬᠡᠯ 6 ᠲᠦᠮᠡᠨ ᠲᠥᠭᠦᠷᠢᠭ ᠪᠠᠭᠤᠷᠠᠵᠦ᠂ ᠮᠠᠨ ᠤ ᠮᠠᠶᠢᠮᠠᠢ ᠶᠢᠨ ᠬᠤᠶᠠᠷ ᠲᠠᠯ᠎ᠠ ᠪᠠᠷ ᠢᠶᠠᠨ ᠲᠤᠰ ᠲᠤᠰ 2 ᠲᠦᠮᠡᠨ ᠲᠥᠭᠦᠷᠢᠭ ᠨᠠᠶᠢᠷ ᠲᠠᠯᠪᠢᠵᠤ᠂ ᠮᠠᠶᠢᠮᠠᠢ ᠤᠷᠤᠭᠰᠢᠳᠠᠢ ᠪᠦᠳᠦᠵᠡᠢ ᠭᠡᠪᠡ᠃ᠮᠠᠶᠢᠮᠠᠢ ᠣᠯᠠᠰᠢᠷᠠᠭᠰᠠᠨ ᠠᠴᠠ ᠭᠡᠷ ᠪᠠᠶᠢᠰᠢᠩ ᠭᠠᠵᠠᠷ ᠬᠥᠷᠥᠩᠭᠡ ᠶᠢᠨ ᠵᠠᠭᠤᠴᠢ ᠪᠠᠶᠢᠭᠤᠯᠤᠮᠵᠢ ᠴᠤ ᠶᠠᠭᠠᠷᠠᠯᠳᠤᠵᠤ ᠡᠬᠢᠯᠡᠵᠡᠢ᠃ ᠪᠡᠭᠡᠵᠢᠩ ᠤᠨ ᠴᠣᠣᠶᠠᠩ ᠲᠣᠭᠤᠷᠢᠭ ᠤᠨ ᠯᠢᠶᠠᠨ ᠵᠢᠶᠠ ᠭᠠᠵᠠᠷ ᠬᠥᠷᠥᠩᠭᠡ ᠶᠢᠨ ᠳ᠋ᠢᠩ ᠹᠦ᠋ ᠶᠤᠸᠠᠨ ᠤ ᠳᠡᠯᠭᠡᠭᠦᠷ ᠲᠤ᠂ ᠪᠠᠷᠤᠭ ᠪᠣᠶ ᠪᠦᠬᠦᠢ ᠵᠠᠭᠤᠴᠢᠯᠠᠭᠴᠢ ᠴᠥᠮ ᠵᠣᠴᠢᠨ ᠡᠷᠦᠬᠡ ᠪᠠᠨ ᠳᠠᠭᠠᠭᠤᠯᠤᠨ ᠭᠡᠷ ᠦᠵᠡᠵᠦ ᠶᠠᠪᠤᠨ᠎ᠠ᠂ ᠳᠡᠯᠭᠡᠭᠦᠷ ᠲᠤ ᠭᠡᠷ ᠬᠤᠳᠠᠯᠳᠤᠭᠴᠢ ᠭᠡᠷ ᠪᠠᠶᠢᠰᠢᠩ ᠢᠶᠠᠨ ᠬᠤᠳᠠᠯᠳᠤᠬᠤ ᠵᠠᠬ᠎ᠠ ᠳᠡᠯᠭᠡᠭᠦᠷ ᠤᠨ ᠪᠠᠶᠢᠳᠠᠯ ᠢ ᠶᠠᠷᠢᠯᠴᠠᠵᠤ ᠰᠠᠭᠤᠨ᠎ᠠ᠃       ᠳᠡᠯᠭᠡᠭᠦᠷ ᠤᠨ ᠬᠠᠷᠢᠭᠤᠴᠠᠯᠭᠠᠲᠠᠨ ᠯᠢ ᠴᠧᠩ ᠢᠯᠡᠷᠬᠡᠶᠢᠯᠡᠬᠦ ᠳᠡᠭᠡᠨ᠂ ᠠᠳᠠᠯ ᠦᠢᠯᠡᠰ ᠴᠣᠭᠴᠠᠯᠠᠬᠤ ᠪᠠᠷᠢᠮᠵᠢᠶ᠎ᠠ ᠶᠢ ᠲᠤᠷᠤᠭᠰᠢᠯᠠᠭᠤᠯᠤᠭᠰᠠᠨ ᠤ ᠳᠠᠷᠠᠭ᠎ᠠ ᠴᠥᠭᠡᠨ ᠪᠤᠰᠤ ᠵᠠᠯᠠᠭᠤᠴᠤᠳ ᠡᠬᠢᠯᠡᠨ ᠠᠵᠢᠯᠯᠠᠵᠤ᠂ ᠰᠠᠶᠢᠵᠢᠷᠠᠭᠤᠯᠬᠤ ᠴᠢᠨᠠᠷᠲᠠᠢ ᠬᠡᠷᠡᠭᠴᠡᠭᠡ ᠴᠦ ᠨᠠᠩ ᠬᠥᠭᠵᠢᠶᠡᠨᠲᠡᠢ ᠪᠣᠯᠵᠤ᠂ ᠡᠷᠬᠢᠨ ᠲᠣᠭᠤᠷᠢᠨ ᠤ 70 ᠲᠡᠭᠰᠢ ᠳᠥᠷᠪᠡᠯᠵᠢᠨ ᠮᠧᠲᠷ ᠪᠣᠯᠣᠨ 90 ᠲᠡᠭᠰᠢ ᠳᠥᠷᠪᠡᠯᠵᠢᠨ ᠮᠧᠲᠷ ᠤᠨ ᠬᠤᠶᠠᠷ ᠥᠷᠥᠭᠡ ᠲᠠᠢ ᠭᠡᠷ ᠨᠢ ᠠᠷᠠᠯᠵᠢᠶ᠎ᠠ ᠪᠦᠲᠦᠬᠦ ᠶᠢᠨ ᠭᠤᠣᠯ ᠬᠦᠴᠦᠨ ᠪᠣᠯᠵᠤ᠂ 120 ᠲᠡᠭᠰᠢ ᠳᠥᠷᠪᠡᠯᠵᠢᠨ ᠮᠧᠲᠷ ᠣᠷᠴᠢᠮ ᠤᠨ ᠭᠤᠷᠪᠠᠨ ᠥᠷᠥᠭᠡ ᠲᠠᠢ ᠭᠡᠷ ᠪᠠᠶᠢᠰᠢᠩ ᠠᠪᠤᠭᠴᠢ ᠢᠯᠡᠳᠲᠡ ᠨᠡᠮᠡᠭᠳᠡᠭᠰᠡᠨ ᠪᠠᠶᠢᠨ᠎ᠠ ᠭᠡᠵᠡᠢ᠃       ᠦᠨᠡᠨ ᠳᠡᠭᠡᠨ᠂ 9 ᠳ᠋ᠤᠭᠡᠷ ᠰᠠᠷ᠎ᠠ ᠶᠢᠨ ᠰᠡᠭᠦᠯᠴᠢ ᠠᠴᠠ ᠨᠠᠰᠢ᠂ ᠭᠡᠷ ᠪᠠᠶᠢᠰᠢᠩ ᠤᠨ ᠵᠠᠬ᠎ᠠ ᠳᠡᠯᠭᠡᠭᠦᠷ ᠲᠤ ᠠᠰᠢᠭᠲᠠᠢ ᠠᠯᠢ ᠣᠯᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠠ ᠶᠢ ᠵᠠᠯᠭᠠᠭ᠎ᠠ ᠪᠠᠷ ᠨᠠᠶᠢᠳᠠᠪᠤᠷᠢᠵᠢᠭᠤᠯᠬᠤ ᠶᠢ ᠳᠠᠭᠠᠯᠳᠤᠨ᠂ ᠭᠠᠷ ᠳᠠᠮᠵᠢᠭᠰᠠᠨ ᠭᠡᠷ ᠪᠠᠶᠢᠰᠢᠩ ᠤᠨ ᠵᠠᠬ᠎ᠠ ᠳᠡᠯᠭᠡᠭᠦᠷ ᠤᠨ ᠠᠷᠠᠯᠵᠢᠶ᠎ᠠ ᠦᠷᠭᠦᠯᠵᠢᠯᠡᠨ ᠬᠥᠭᠵᠢᠶᠡᠨᠲᠡᠢ ᠶᠠᠪᠤᠭᠳᠠᠵᠤ ᠪᠠᠶᠢᠨ᠎ᠠ᠃ ᠬᠡᠰᠡᠭ ᠨᠢᠭᠡᠳᠦᠭᠡᠷ ᠲᠡᠰ ᠤᠨ ᠬᠤᠲᠠ ᠶᠢᠨ ᠡᠷᠬᠡ ᠰᠦᠷᠲᠦ ᠰᠠᠯᠠᠭ᠎ᠠ ᠮᠥᠴᠢᠷ ᠤᠨ ᠬᠠᠩᠭᠠᠭᠰᠠᠨ ᠬᠠᠮᠤᠭ ᠤᠨ ᠰᠢᠨ᠎ᠡ ᠲᠤᠭ᠎ᠠ ᠪᠠᠷᠢᠮᠲᠠ ᠶᠢ ᠦᠨᠳᠦᠰᠦᠯᠡᠪᠡᠯ᠂ 11 ᠳ᠋ᠤᠭᠡᠷ ᠰᠠᠷ᠎ᠠ ᠳᠤ᠂ ᠪᠡᠭᠡᠵᠢᠩ ᠤᠨ ᠭᠠᠷ ᠳᠠᠮᠵᠢᠭᠰᠠᠨ ᠣᠷᠣᠨ ᠰᠠᠭᠤᠴᠠ ᠶᠢᠨ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠭᠰᠠᠨ ᠲᠤᠭ᠎ᠠ 1.8 ᠲᠦᠮᠡᠨ ᠢᠵᠢ ᠶᠢ ᠳᠠᠪᠠᠵᠤ᠂ ᠣᠶᠢᠷ᠎ᠠ ᠶᠢᠨ 20 ᠰᠠᠷ᠎ᠠ ᠶᠢᠨ ᠬᠠᠮᠤᠭ ᠤᠨ ᠥᠨᠳᠥᠷ ᠲᠦᠪᠰᠢᠨ ᠳᠤ ᠬᠦᠷᠴᠡᠢ︔ ᠱᠠᠩᠬᠠᠢ ᠶᠢᠨ ᠭᠠᠷ ᠳᠠᠮᠵᠢᠭᠰᠠᠨ ᠣᠷᠣᠨ ᠰᠠᠭᠤᠴᠠ ᠶᠢᠨ ᠠᠷᠠᠯᠵᠢᠶ᠎ᠠ ᠪᠦᠳᠦᠭᠡᠭᠰᠡᠨ ᠬᠡᠮᠵᠢᠶ᠎ᠡ 2.7 ᠲᠦᠮᠡᠨ ᠢᠵᠢ ᠶᠢ ᠳᠠᠪᠠᠵᠤ᠂ 44 ᠰᠠᠷ᠎ᠠ ᠰᠢᠬᠠᠮ ᠤᠨ ᠲᠤᠷᠰᠢᠬᠢ ᠬᠠᠮᠤᠭ ᠤᠨ ᠥᠨᠳᠥᠷ ᠠᠷᠠᠯᠵᠢᠶ᠎ᠠ ᠪᠦᠲᠦᠭᠰᠡᠨ ᠬᠡᠮᠵᠢᠶ᠎ᠡ ᠶᠢ ᠡᠭᠦᠳᠪᠡ︔ ᠱᠧᠨᠵᠧᠨ ᠤ 7125 ᠢᠵᠢ ᠭᠠᠷ ᠳᠠᠮᠵᠢᠭᠰᠠᠨ ᠣᠷᠣᠨ ᠰᠠᠭᠤᠴᠠ ᠶᠢᠨ ᠠᠷᠠᠯᠵᠢᠶ᠎ᠠ ᠪᠦᠳᠦᠵᠦ᠂ 50 ᠰᠢᠬᠠᠮ ᠰᠠᠷ᠎ᠠ ᠶᠢᠨ ᠰᠢᠨ᠎ᠡ ᠲᠡᠮᠳᠡᠭᠯᠡᠯ ᠢ ᠡᠭᠦᠳᠪᠡ᠃      ᠰᠢᠨ᠎ᠡ ᠭᠡᠷ ᠪᠠᠶᠢᠰᠢᠩ ᠤᠨ ᠠᠷᠠᠯᠵᠢᠶᠠᠨ ᠤ ᠲᠠᠯ᠎ᠠ ᠪᠠᠷ᠂ ᠦᠬᠠᠨ᠂ ᠳ᠋ᠠᠯᠢᠶᠠᠨ᠂ ᠰᠢᠦ᠋ᠢᠵᠸᠤ᠂ ᠪᠤᠭᠤᠲᠤ᠂ ᠾᠧᠹᠧᠢ᠂ ᠴᠢᠨ ᠬᠤᠸᠠᠩ ᠳ᠋ᠣᠣ ᠵᠡᠷᠭᠡ ᠬᠤᠲᠠ ᠶᠢᠨ ᠪᠠᠶᠢᠳᠠᠯ ᠬᠥᠭᠵᠢᠶᠡᠨᠲᠡᠢ ᠪᠠᠶᠢᠨ᠎ᠠ᠃       ᠵᠠᠬ᠎ᠠ ᠳᠡᠯᠭᠡᠭᠦᠷ ᠤᠨ ᠬᠤᠯᠪᠣᠭᠳᠠᠯ ᠪᠦᠬᠦᠢ ᠬᠥᠮᠥᠰ ᠤᠨ ᠢᠯᠡᠷᠬᠡᠶᠢᠯᠡᠭᠰᠡᠨ ᠢᠶᠠᠷ᠂ ᠰᠢᠨ᠎ᠡ ᠭᠡᠷ ᠪᠠᠶᠢᠰᠢᠩ ᠤᠨ ᠠᠷᠠᠯᠵᠢᠶ᠎ᠠ ᠪᠦᠲᠦᠭᠰᠡᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ ᠨᠡᠮᠡᠭᠳᠡᠭᠰᠡᠨ ᠬᠤᠲᠠ ᠤᠯᠠᠰᠢᠷᠠᠵᠦ᠂ ᠰᠠᠶᠢᠵᠢᠷᠠᠭᠤᠯᠬᠤ ᠴᠢᠨᠠᠷᠲᠠᠢ ᠬᠡᠷᠡᠭᠴᠡᠭᠡ ᠶᠢᠨ ᠵᠠᠬ᠎ᠠ ᠳᠡᠯᠭᠡᠭᠦᠷ ᠵᠠᠶᠢᠯᠠᠰᠢ ᠦᠭᠡᠢ ᠴᠢᠨᠠᠷᠳᠠᠢ ᠬᠡᠷᠡᠭᠴᠡᠭᠡ ᠶᠢ ᠲᠠᠶᠢᠴᠢᠯᠠᠵᠦ᠂ ᠭᠡᠷ ᠪᠠᠶᠢᠰᠢᠩ ᠬᠤᠳᠠᠯᠳᠤᠨ ᠠᠪᠬᠤ ᠥᠪᠡᠷ ᠤᠨ ᠥᠷᠲᠡᠭ ᠢ ᠪᠠᠭᠤᠷᠠᠭᠤᠯᠵᠤ᠂ ᠵᠠᠬ᠎ᠠ ᠳᠡᠯᠭᠡᠭᠦᠷ ᠤᠨ ᠵᠢᠱᠢᠯᠲᠡ ᠲᠣᠭᠲᠠᠭᠤᠨ ᠪᠠᠶᠢᠬᠤ ᠪᠣᠯ ᠭᠡᠷ ᠪᠠᠶᠢᠰᠢᠩ ᠤᠨ ᠵᠠᠬ᠎ᠠ ᠳᠡᠯᠭᠡᠭᠦᠷ ᠤᠨ ᠲᠣᠭᠲᠠᠪᠤᠷᠢᠵᠢᠬᠤ ᠬᠠᠨᠳᠤᠰᠢ ᠲᠠᠢ ᠪᠠᠶᠢᠬᠤ ᠶᠢᠨ ᠵᠠᠩᠭᠢᠯᠠᠭ᠎ᠠ ᠶᠢᠨ ᠬᠦᠴᠦᠨ ᠵᠦᠢᠯ ᠮᠥᠨ᠃       12 ᠳ᠋ᠤᠭᠠᠷ ᠰᠠᠷ᠎ᠠ ᠶᠢᠨ 1 ᠤ ᠡᠳᠦᠷ ᠤᠨ ᠦᠳᠡ ᠶᠢᠨ ᠡᠮᠦᠨ᠎ᠡ᠂ ᠦᠬᠠᠨ ᠬᠤᠳᠠ ᠶᠢᠨ ᠵᠢᠶᠠᠩ ᠠᠨ ᠲᠣᠭᠤᠷᠢᠭ ᠤᠨ ᠰᠠᠨ ᠶᠠᠨ ᠴᠢᠶᠣᠤ ᠵᠠᠮ ᠤᠨ ᠨᠢᠭᠡᠨ ᠡᠵᠡᠩᠨᠡᠨ ᠪᠣᠷᠣᠯᠠᠭᠤᠯᠬᠤ ᠲᠥᠪ  ᠲᠤ ᠮᠠᠰᠢ ᠤᠯᠠᠨ ᠬᠤᠳᠠ ᠶᠢᠨ ᠠᠷᠠᠳ ᠭᠠᠷᠠᠭ ᠤᠨ ᠰᠡᠭᠦᠯᠴᠢ ᠶᠢᠨ ᠡᠳᠦᠷ ᠢ ᠠᠮᠵᠢᠨ ᠭᠡᠷ ᠦᠵᠡᠬᠦ ᠪᠠᠷ ᠢᠷᠡᠵᠡᠢ᠃        ︽11 ᠳ᠋ᠤᠭᠡᠷ ᠰᠠᠷ᠎ᠠ ᠶᠢᠨ 15 ᠤ ᠡᠳᠦᠷ ᠤᠨ ᠣᠷᠣᠢ ᠡᠬᠢᠯᠡᠵᠦ ᠬᠤᠳᠠᠯᠳᠤᠬᠤ ᠳᠤ᠂ ᠲᠦᠷᠦᠭᠦᠸ ᠪᠦᠯᠦᠭ ᠤᠨ 200 ᠰᠢᠬᠠᠮ ᠢᠵᠢ ᠭᠡᠷ ᠪᠠᠶᠢᠰᠢᠩ ᠢ ᠬᠠᠭᠠᠰ ᠴᠠᠭ ᠤᠨ ᠳᠣᠲᠣᠷ᠎ᠠ 150 ᠢᠵᠢ ᠢᠯᠡᠭᠦᠦ ᠨᠢ ᠭᠡᠷ᠎ᠡ ᠲᠤᠭᠳᠠᠵᠤ ᠮᠠᠶᠢᠮᠠᠢ ᠪᠦᠲᠦᠵᠡᠢ︾᠂ ᠦᠬᠠᠨ ᠬᠤᠲᠠ ᠠᠩᠬᠠᠨ ᠤ ᠢᠵᠢ ᠭᠡᠷ ᠪᠠᠶᠢᠰᠢᠩ ᠢ ᠮᠠᠭᠠᠳᠯᠠᠨ ᠲᠣᠭᠲᠠᠭᠠᠬᠤ ᠰᠢᠨ᠎ᠡ ᠪᠠᠷᠢᠮᠵᠢᠶ᠎ᠠ᠂ ᠭᠡᠷ᠎ᠡ ᠶᠢᠨ ᠭᠠᠶᠢᠯᠢ ᠶᠢ ᠬᠠᠰᠤᠵᠤ ᠬᠡᠯᠲᠦᠷᠢᠭᠦᠯᠬᠦ ᠵᠡᠷᠭᠡ ᠰᠢᠨ᠎ᠡ ᠲᠥᠷᠥ ᠶᠢᠨ ᠪᠣᠳᠣᠯᠭ᠎ᠠ ᠶᠢ ᠣᠶᠢᠷ᠎ᠠ ᠶᠢᠨ ᠬᠤᠭᠤᠴᠠᠭᠠᠨ ᠳᠤ ᠬᠡᠷᠡᠭᠵᠢᠭᠦᠯᠦᠭᠰᠡᠨ ᠠᠴᠠ ᠨᠠᠰᠢ᠂ ᠭᠡᠷ ᠪᠠᠶᠢᠰᠢᠩ ᠬᠤᠳᠠᠯᠳᠤᠨ ᠠᠪᠤᠭᠴᠢᠳ ᠤᠨ ᠢᠳᠡᠪᠬᠢᠵᠢᠯ ᠦᠷᠭᠦᠯᠵᠢᠯᠡᠨ ᠴᠢᠩᠭᠠᠷᠠᠵᠤ᠂ ᠠᠷᠠᠯᠵᠢᠶ᠎ᠠ ᠪᠦᠲᠦᠭᠰᠡᠨ ᠨᠣᠷᠮ᠎ᠠ ᠨᠢ ᠵᠣᠬᠢᠴᠠᠩᠭᠤᠢ ᠪᠠᠷ ᠳᠡᠭᠡᠭᠰᠢᠯᠡᠪᠡ ᠭᠡᠵᠦ ᠲᠥᠷᠥᠯ ᠵᠦᠢᠯ ᠤᠨ ᠲᠥᠰᠥᠪᠯᠡᠯ ᠤᠨ ᠳᠠᠭᠠᠭᠠᠮᠠᠯ ᠭᠦᠸᠧ ᠠᠪᠠᠭ᠋ᠠᠢ ᠢᠯᠡᠷᠬᠡᠶᠢᠯᠡᠪᠡ᠃      ᠬᠤᠪᠧᠢ ᠮᠤᠵᠢ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠦᠢᠯᠡᠰ ᠤᠨ ᠨᠡᠶᠢᠭᠡᠮᠯᠢᠭ ᠤᠨ ᠳᠠᠷᠤᠭ᠎ᠠ ᠫᠠᠨ ᠱᠢ ᠪᠢᠩ᠂ ᠠᠯᠢ ᠣᠯᠠᠨ ᠭᠡᠷ ᠪᠠᠶᠢᠰᠢᠩ ᠭᠠᠵᠠᠷ ᠬᠥᠷᠥᠩᠭᠡ ᠶᠢᠨ ᠲᠡᠮᠵᠢᠯᠭᠡ ᠶᠢᠨ ᠲᠥᠷᠥ ᠶᠢᠨ ᠪᠣᠳᠣᠯᠭ᠎ᠠ ᠪᠠ ᠮᠤᠵᠢ ᠬᠤᠲᠠ ᠶᠢᠨ ᠪᠣᠳᠠᠲᠠᠢ ᠠᠷᠭ᠎ᠠ ᠬᠡᠮᠵᠢᠶ᠎ᠡ ᠪᠠᠷ ᠦᠷᠭᠦᠯᠵᠢᠯᠡᠨ ᠳᠠᠶᠢᠴᠢᠯᠠᠭᠰᠠᠨ ᠢᠶᠠᠷ ᠬᠤᠪᠧᠢ ᠮᠤᠵᠢ ᠶᠢᠨ ᠭᠡᠷ ᠪᠠᠶᠢᠰᠢᠩ ᠤᠨ ᠵᠠᠬ᠎ᠠ ᠳᠡᠯᠭᠡᠭᠦᠷ ᠦᠷᠭᠦᠯᠵᠢᠯᠡᠨ ᠰᠠᠶᠢᠵᠢᠷᠠᠪᠠ᠃ 11 ᠳ᠋ᠤᠭᠡᠷ ᠰᠠᠷ᠎ᠠ ᠳᠤ᠂ ᠬᠤᠪᠧᠢ ᠮᠤᠵᠢ ᠶᠢᠨ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠭᠡᠷ ᠪᠠᠶᠢᠰᠢᠩ ᠤᠨ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠭᠰᠠᠨ ᠲᠠᠯᠠᠪᠠᠶ 509.2 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 74.9% ᠪᠠᠷ ᠨᠡᠮᠡᠭᠳᠡᠨ᠂ ᠲᠦᠷᠦᠭᠦᠸ ᠰᠠᠷ᠎ᠠ ᠶᠢᠨ ᠬᠢ ᠠᠴᠠ ᠪᠠᠨ 36.3% ᠪᠠᠷ ᠨᠡᠮᠡᠭᠳᠡᠪᠡ ᠭᠡᠵᠡᠢ᠃       ᠢ ᠵᠢᠦᠢ ᠭᠡᠷ ᠪᠠᠶᠢᠰᠢᠩ ᠭᠠᠵᠠᠷ ᠬᠥᠷᠥᠩᠭᠡ ᠶᠢᠨ ᠰᠤᠳᠤᠯᠭᠠᠨ ᠤ ᠬᠦᠷᠢᠶᠡᠯᠡᠩ ᠤᠨ ᠳᠡᠳ᠋ ᠳᠠᠷᠤᠭ᠎ᠠ ᠶᠠᠨ ᠶᠤᠸᠠᠢ ᠶᠢᠨ᠂ ᠰᠢᠨ᠎ᠡ ᠨᠢᠭᠡ ᠡᠭᠡᠯᠵᠢ ᠶᠢᠨ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ  ᠨᠢ ᠣᠷᠣᠨ ᠰᠠᠭᠤᠴᠠ ᠶᠢᠨ ᠠᠷᠠᠯᠵᠢᠶᠠᠨ ᠤ ᠵᠠᠩᠭᠢᠯᠠᠭ᠎ᠠ ᠳᠠᠬᠢ ᠭᠡᠷ᠎ᠡ ᠶᠢᠨ ᠭᠠᠶᠢᠯᠢ ᠶᠢᠨ ᠬᠠᠷᠠᠭᠠᠯᠵᠠᠯ ᠤᠨ ᠡᠷᠴᠢᠮ ᠢ ᠴᠢᠩᠭᠠᠷᠠᠭᠤᠯᠵᠤ᠂ ᠰᠠᠭᠤᠭᠠᠯᠢ ᠠᠷᠠᠳ ᠤᠨ ᠵᠠᠶᠢᠯᠠᠰᠢ ᠦᠭᠡᠢ ᠪᠠ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠶᠢ ᠢᠳᠡᠪᠬᠢᠲᠡᠢ ᠳᠡᠮᠵᠢᠭᠰᠡᠨ ᠢᠶᠠᠷ ᠪᠠᠷᠠᠬᠤ ᠦᠭᠡᠢ ᠪᠠᠰᠠ ᠭᠠᠵᠠᠷ ᠰᠢᠷᠣᠢ ᠶᠢᠨ ᠥᠷᠲᠡᠭ ᠨᠡᠮᠡᠭᠳᠡᠯ ᠤᠨ ᠭᠠᠶᠢᠯᠢ ᠶᠢ ᠤᠷᠢᠳᠴᠢᠯᠠᠨ ᠲᠠᠲᠠᠪᠤᠷᠢᠯᠠᠬᠤ ᠨᠣᠷᠮ᠎ᠠ ᠶᠢᠨ ᠳᠣᠣᠷᠠᠳᠤ ᠬᠢᠵᠠᠭᠠᠷ ᠢ ᠪᠠᠭᠤᠷᠠᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠬᠦᠴᠢᠷᠳᠡᠯ ᠢ ᠨᠠᠮᠳᠠᠭᠤᠯᠬᠤ ᠳᠤ ᠬᠦᠴᠦᠨ ᠨᠡᠮᠡᠷᠢᠯᠡᠪᠡ ᠭᠡᠵᠡᠢ᠃       ᠭᠡᠷ ᠪᠠᠶᠢᠰᠢᠩ ᠤᠨ ᠵᠠᠬ᠎ᠠ ᠳᠡᠯᠭᠡᠭᠦᠷ ᠤᠨ ᠬᠠᠨᠳᠤᠰᠢ ᠶᠢ ᠠᠵᠢᠭᠯᠠᠬᠤ ᠴᠢᠬᠤᠯᠠ ᠭᠦᠢᠴᠡᠳᠬᠡᠯ ᠲᠤᠭ᠎ᠠ ᠪᠣᠯᠤᠭᠰᠠᠨ ᠤ ᠬᠤᠪᠢ ᠳᠤ᠂ ᠭᠠᠵᠠᠷ ᠰᠢᠷᠣᠢ ᠶᠢᠨ ᠵᠠᠬ᠎ᠠ ᠳᠡᠯᠭᠡᠭᠦᠷ ᠤᠨ ᠬᠠᠨᠳᠤᠰᠢ ᠴᠦ ᠬᠥᠮᠥᠰ ᠤᠨ ᠠᠩᠬᠠᠷᠤᠯ ᠢ ᠲᠠᠲᠠᠵᠤ ᠪᠠᠶᠢᠨ᠎ᠠ᠃ ᠵᠦᠩ ᡁᠢ ᠰᠤᠳᠤᠯᠭᠠᠨ ᠤ ᠬᠦᠷᠢᠶᠡᠯᠡᠩ ᠤᠨ ᠵᠠᠳᠠᠯᠤᠭᠴᠢ ᠮᠧᠩ ᠰᠢᠨ ᠽᠧᠩ᠂ ᠣᠶᠢᠷ᠎ᠠ ᠶᠢᠨ ᠬᠤᠭᠤᠴᠠᠭᠠᠨ ᠳᠤ ᠬᠡᠰᠡᠭ ᠬᠤᠲᠠ ᠶᠢᠨ ᠭᠠᠵᠠᠷ ᠰᠢᠷᠣᠢ ᠶᠢᠨ ᠪᠣᠷᠤᠯᠠᠭᠤᠯᠭ᠎ᠠ ᠶᠢᠨ ᠲᠠᠯ᠎ᠠ ᠪᠠᠷ ᠢᠳᠡᠭ ᠢᠳᠡᠭ ᠢᠶᠠᠷ ᠲᠣᠭᠲᠠᠪᠤᠷᠢᠵᠢᠭᠰᠠᠨ ᠪᠠᠶᠢᠳᠠᠯ ᠳᠣᠣᠷ᠎ᠠ᠂ ᠭᠤᠣᠯ ᠪᠣᠯᠬᠤ ᠬᠤᠲᠠ ᠨᠤᠭᠤᠳ ᠤᠨ ᠭᠠᠵᠠᠷ ᠰᠢᠷᠣᠢ ᠶᠢᠨ ᠦᠨ᠎ᠡ ᠬᠠᠩᠰᠢ ᠦᠷᠭᠦᠯᠵᠢᠯᠡᠨ ᠨᠠᠮᠤᠭᠤᠬᠠᠨ ᠢᠶᠠᠷ ᠰᠡᠷᠭᠦᠭᠡᠵᠦ ᠮᠡᠳᠡᠨ᠎ᠡ ᠭᠡᠵᠡᠢ᠃      ᠺᠧ ᠡᠯ ᠷᠦᠢ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠳ᠋ᠢᠩ ᠽᠦ ᠢᠦᠢ᠂ 9 ᠳ᠋ᠤᠭᠡᠷ ᠰᠠᠷ᠎ᠠ  ᠶᠢᠨ ᠰᠡᠭᠦᠯᠴᠢ ᠠᠴᠠ ᠨᠠᠰᠢ ᠭᠡᠷ ᠪᠠᠶᠢᠰᠢᠩ ᠤᠨ ᠵᠠᠬ᠎ᠠ ᠳᠡᠯᠭᠡᠭᠦᠷ ᠲᠤ ᠦᠵᠡᠭᠦᠯᠬᠦ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠶᠡᠭᠡ᠂ ᠦᠷ᠎ᠡ ᠪᠦᠲᠦᠮᠵᠢ ᠶᠢᠨ ᠦᠷᠭᠦᠯᠵᠢᠯᠡᠬᠦ ᠴᠢᠨᠠᠷ ᠴᠢᠩᠭ᠎ᠠ᠂ ᠵᠠᠬ᠎ᠠ ᠳᠡᠯᠭᠡᠭᠦᠷ ᠤᠨ ᠦᠨ᠎ᠡ ᠬᠠᠩᠰᠢ ︽ᠱᠠᠳᠤᠴᠢ ᠴᠢᠨᠠᠷᠲᠠᠢ ᠰᠡᠷᠭᠦᠯᠲᠡ︾ ᠭᠠᠷᠴᠤ᠂ 11 ᠳ᠋ᠤᠭᠡᠷ ᠰᠠᠷ᠎ᠠ ᠳᠤ ᠭᠤᠣᠯ ᠬᠤᠲᠠᠳ ᠤᠨ ᠪᠣᠷᠤᠯᠠᠭᠤᠯᠭ᠎ᠠ ᠵᠣᠬᠢᠬᠤ ᠵᠢᠷᠤᠮᠵᠢᠯ ᠲᠠᠢ ᠪᠤᠯᠵᠠᠢ᠃ ᠵᠢᠯ ᠤᠨ ᠡᠴᠦᠰ ᠲᠤ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ ᠪᠣᠷᠤᠯᠠᠭᠤᠯᠭ᠎ᠠ ᠶᠢ ᠠᠬᠢᠭᠤᠯᠬᠤ ᠠᠮᠵᠢᠯᠲᠠ ᠪᠦᠲᠦᠮᠵᠢ ᠭᠠᠷᠭᠠᠬᠤ᠂ ᠦᠨ᠎ᠡ ᠬᠠᠶᠠᠯᠴᠠᠬᠤ ᠡᠷᠴᠢᠮ ᠢᠶᠠᠨ ᠴᠢᠩᠭᠠᠷᠠᠭᠤᠯᠬᠤ ᠶᠢ ᠳᠠᠭᠠᠯᠳᠤᠨ᠂ ᠵᠢᠱᠢᠯᠲᠡ ᠪᠠᠷ 12 ᠳ᠋ᠤᠭᠠᠷ ᠰᠠᠷ᠎ᠠ ᠳᠤ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠵᠣᠬᠢᠬᠤ ᠬᠦᠭᠵᠢᠶᠠᠨᠳᠡᠢ ᠪᠠᠶᠢᠳᠠᠯ ᠢᠯᠡᠷᠡᠨ᠎ᠡ ᠭᠡᠪᠡ᠃       ᠵᠧᠵᠢᠶᠠᠩ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠳᠤᠮᠳᠠᠳᠤ ᠤᠯᠤᠰ ᠤᠨ ᠣᠷᠣᠨ ᠰᠠᠭᠤᠴᠠ ᠪᠠ ᠭᠡᠷ ᠪᠠᠶᠢᠰᠢᠩ ᠭᠠᠵᠠᠷ ᠬᠥᠷᠥᠩᠭᠡ ᠶᠢᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠢᠦᠢ ᠰᠢᠶᠣᠣ ᠹᠧᠨ᠂ ᠰᠢᠨ᠎ᠡ ᠨᠢᠭᠡ ᠡᠭᠡᠯᠵᠢ ᠶᠢᠨ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠨᠢ ᠦᠨᠡᠨ ᠬᠦ ᠵᠣᠭᠤᠰ ᠮᠥᠩᠭᠦᠨ ᠳᠤ ᠠᠷᠪᠢᠳᠠᠢ᠂ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥ ᠶᠢᠨ ᠪᠣᠳᠣᠯᠭ᠎ᠠ ᠶᠢᠨ ︽ᠬᠠᠮ ᠠᠷᠭ᠎ᠠ︾ ᠶᠢᠨ ᠦᠢᠯᠡᠳᠦᠯ ᠢ ᠪᠠᠳᠠᠷᠠᠭᠤᠯᠵᠤ᠂ ᠵᠠᠬ᠎ᠠ ᠳᠡᠯᠭᠡᠭᠦᠷ ᠤᠨ ᠵᠢᠱᠢᠯᠲᠡ ᠶᠢ ᠤᠯᠠᠮ ᠨᠢᠭᠡ ᠠᠯᠬᠤᠮ ᠲᠣᠭᠲᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠳᠠᠯᠳᠠ ᠬᠡᠷᠡᠭᠴᠡᠭᠡ ᠶᠢ ᠬᠥᠭᠵᠢᠭᠡᠬᠦ ᠳᠤ ᠠᠰᠢᠭᠲᠠᠢ ᠶᠤᠮ ᠭᠡᠵᠡᠢ᠃ ᠢᠷᠡᠯᠲᠡ᠄ ᠰᠢᠨᠬᠤᠸᠠ ᠰᠦᠯᠵᠢᠶ᠎ᠡ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1