2024 ᠣᠨ ᠤ 12 ᠳ᠋ᠤᠭᠠᠷ ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ᠂ ᠲᠣᠭᠲᠠᠬᠤ ᠰᠢᠶᠠᠨ ᠤ | ᠬᠡᠷᠡᠯ ᠵᠢᠷᠤᠭᠴᠢᠳ ᠤᠨ ᠨᠡᠶᠢᠭᠡᠮᠯᠢᠭ ᠤᠨ ᠭᠤᠷᠪᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠶᠢᠨ | ᠼᠠᠢ ᠶᠡᠭᠡ ᠠᠰᠠᠷ ᠤᠨ ᠳᠥᠷᠪᠡᠳᠦᠭᠡᠷ ᠳᠠᠪᠬᠤᠷᠯᠢᠭ ᠤᠨ ᠬᠤᠷᠠᠯ ᠤᠨ ᠭᠡᠷ ᠲᠤ ᠦᠪᠡᠳᠡᠭᠰᠢ ᠶᠡᠭᠡ ᠪᠠᠷ ᠬᠤᠷᠠᠯᠳᠤᠪᠠ᠃ | ᠥᠪᠥᠷ ᠮᠣᠩᠭᠤᠯ ᠤᠨ ᠬᠡᠷᠡᠯ ᠵᠢᠷᠤᠭᠴᠢᠳ ᠤᠨ ᠨᠡᠶᠢᠭᠡᠮᠯᠢᠭ ᠤᠨ ᠳᠡᠳ᠋ ᠲᠡᠷᠢᠭᠦᠯᠡᠭᠴᠢ ᠰᠢᠩ ᠰᠢᠶᠣᠣ ᠶᠠᠨ᠂ | ᠰᠢᠶᠠᠨ ᠤ ᠤᠳᠬ᠎ᠠ ᠤᠷᠠᠯᠢᠭ ᠤᠨ ᠬᠤᠯᠪᠣᠭ᠎ᠠ ᠶᠢᠨ ᠲᠡᠷᠢᠭᠦᠯᠡᠭᠴᠢ ᠶᠤᠸᠠᠨ ᠮᠣᠣ ᠱᠧᠩ᠂ ᠰᠢᠶᠠᠨ ᠤ ᠤᠳᠬ᠎ᠠ | ᠤᠷᠠᠯᠢᠭ ᠤᠨ ᠬᠤᠯᠪᠣᠭ᠎ᠠ ᠶᠢᠨ ᠳᠡᠳ᠋ ᠲᠡᠷᠢᠭᠦᠯᠡᠭᠴᠢ ᠰᠢᠤᠸᠠᠢ ᠴᠢ ᠢᠦᠢ ᠵᠢᠴᠢ ᠠᠬ᠎ᠠ ᠳᠡᠭᠦᠦ ᠬᠤᠰᠢᠭᠤ ᠰᠢᠶᠠᠨ | ᠲᠣᠭᠤᠷᠢᠭ ᠤᠨ ᠬᠡᠷᠡᠯ ᠵᠢᠷᠤᠭᠴᠢᠳ ᠤᠨ ᠨᠡᠶᠢᠭᠡᠮᠯᠢᠭ ᠤᠨ ᠲᠡᠷᠢᠭᠦᠯᠡᠭᠴᠢ ᠬᠤᠷᠠᠯ ᠳᠤ ᠣᠷᠣᠯᠴᠠᠵᠠᠢ᠃ ᠲᠤᠰ | ᠨᠡᠶᠢᠭᠡᠮᠯᠢᠭ ᠤᠨ 32 ᠭᠡᠰᠢᠭᠦᠨ ᠤ ᠲᠥᠯᠥᠭᠡᠯᠡᠭᠴᠢ ᠬᠤᠷᠠᠯ ᠳᠤ ᠣᠷᠣᠯᠴᠠᠪᠠ᠃ | | | | | | | | ᠶᠡᠭᠡ ᠬᠤᠷᠠᠯ ᠢ ᠭᠡᠷᠡᠯ ᠵᠢᠷᠤᠭᠴᠢᠳ ᠤᠨ ᠨᠡᠶᠢᠭᠡᠮᠯᠢᠭ ᠤᠨ ᠨᠠᠷᠢᠨ ᠪᠢᠴᠢᠭ ᠤᠨ ᠳᠠᠷᠤᠭ᠎ᠠ ᠸᠠᠩ ᠵᠢᠶᠦ᠋ᠨ ᠢ | ᠡᠷᠭᠢᠯᠡᠭᠰᠡᠨ ᠪᠥᠭᠡᠳ ᠪᠠᠶᠠᠷ ᠤᠨ ᠵᠠᠬᠢᠳᠠᠯ ᠢ ᠤᠩᠰᠢᠵᠠᠢ᠃ ᠬᠥᠬᠡᠬᠤᠲᠠ ᠶᠢᠨ ᠬᠡᠷᠡᠯ ᠵᠢᠷᠤᠭᠴᠢᠳ ᠤᠨ ᠨᠡᠶᠢᠭᠡᠮᠯᠢᠭ᠂ | ᠬᠤᠲᠣᠩ ᠦᠨᠳᠦᠰᠦᠲᠡᠨ ᠤ ᠲᠣᠭᠤᠷᠢᠭ ᠤᠨ ᠬᠡᠷᠡᠯ ᠵᠢᠷᠤᠭᠴᠢᠳ ᠤᠨ ᠨᠡᠶᠢᠭᠡᠮᠯᠢᠭ᠂ ᠢᠦᠢ ᠴᠢᠦᠸᠠᠨ | ᠲᠣᠭᠤᠷᠢᠭ ᠤᠨ ᠬᠡᠷᠡᠯ ᠵᠢᠷᠤᠭᠴᠢᠳ ᠤᠨ ᠨᠡᠶᠢᠭᠡᠮᠯᠢᠭ᠂ ᠰᠠᠶᠢᠬᠠᠨ ᠲᠣᠭᠤᠷᠢᠭ ᠤᠨ ᠬᠡᠷᠡᠯ ᠵᠢᠷᠤᠭᠴᠢᠳ ᠤᠨ | ᠨᠡᠶᠢᠭᠡᠮᠯᠢᠭ᠂ ᠲᠦᠮᠡᠳ ᠵᠡᠭᠦᠨ ᠬᠤᠰᠢᠭᠤᠨ ᠤ ᠬᠡᠷᠡᠯ ᠵᠢᠷᠤᠭᠴᠢᠳ ᠤᠨ ᠨᠡᠶᠢᠭᠡᠮᠯᠢᠭ᠂ ᠴᠢᠩ ᠱᠦᠢ ᠾᠧ ᠰᠢᠶᠠᠨ ᠤ | ᠬᠡᠷᠡᠯ ᠵᠢᠷᠤᠭᠴᠢᠳ ᠤᠨ ᠨᠡᠶᠢᠭᠡᠮᠯᠢᠭ᠂ ᠦᠴᠦᠸᠠᠨ ᠰᠢᠶᠠᠨ ᠤ ᠬᠡᠷᠡᠯ ᠵᠢᠷᠤᠭᠴᠢᠳ ᠤᠨ ᠨᠡᠶᠢᠭᠡᠮᠯᠢᠭ ᠵᠡᠷᠭᠡ ᠬᠠᠮᠢᠶ᠎ᠠ | ᠪᠦᠬᠦᠢ ᠨᠢᠭᠡᠴᠡ ᠠᠴᠠ ᠪᠠᠶᠠᠷ ᠤᠨ ᠵᠠᠬᠢᠳᠠᠯ ᠪᠠ ᠪᠠᠶᠠᠷ ᠤᠨ ᠴᠠᠬᠢᠯᠭᠠᠨ ᠢᠷᠡᠭᠦᠯᠵᠡᠢ︕ | | | | | | | | ᠲᠣᠭᠲᠠᠬᠤ ᠰᠢᠶᠠᠨ ᠤ ᠭᠡᠷᠡᠯ ᠵᠢᠷᠤᠭᠴᠢᠳ ᠤᠨ ᠨᠡᠶᠢᠭᠡᠮᠯᠢᠭ ᠤᠨ ᠬᠤᠶᠠᠳᠤᠭᠠᠷ ᠬᠤᠭᠤᠴᠠᠭᠠᠨ ᠤ | ᠲᠡᠷᠢᠭᠦᠯᠡᠭᠴᠢᠳ ᠤᠨ ᠪᠦᠯᠬᠦᠮ ᠤᠨ ᠲᠡᠷᠢᠭᠦᠯᠡᠭᠴᠢ ᠯᠢᠦ ᠵᠢᠶᠠᠨ ᠴᠢᠶᠠᠩ ︽ᠰᠢᠨ᠎ᠡ ᠴᠠᠭ ᠦᠶ᠎ᠡ ᠳᠤ ᠠᠩᠬᠠᠷᠤᠯ ᠢᠶᠠᠨ | ᠲᠥᠪᠯᠡᠷᠡᠭᠦᠯᠦᠨ ᠰᠢᠨ᠎ᠡ ᠬᠠᠭᠤᠳᠠᠰᠤ ᠶᠢ ᠪᠢᠴᠢᠭᠯᠡᠵᠦ ᠲᠣᠭᠲᠠᠬᠤ ᠰᠢᠶᠠᠨ ᠤ ᠭᠡᠷᠡᠯ ᠵᠢᠷᠤᠭ ᠤᠨ ᠦᠢᠯᠡᠰ ᠤᠨ | ᠲᠥᠯᠥᠭᠡ ᠴᠢᠷᠮᠠᠶᠢᠨ ᠲᠡᠮᠡᠴᠡᠶ᠎ᠡ︾ ᠭᠡᠬᠦ ᠠᠵᠢᠯ ᠤᠨ ᠮᠡᠳᠡᠭᠦᠯᠦᠯᠲᠡ ᠬᠢᠵᠦ᠂ ᠬᠤᠶᠠᠳᠤᠭᠠᠷ ᠬᠤᠭᠤᠴᠠᠭᠠᠨ ᠤ ᠭᠡᠷᠡᠯ | ᠵᠢᠷᠤᠭᠴᠢᠳ ᠤᠨ ᠨᠡᠶᠢᠭᠡᠮᠯᠢᠭ ᠤᠨ ᠥᠩᠭᠡᠷᠡᠭᠰᠡᠨ ᠵᠢᠷᠭᠤᠭᠠᠨ ᠵᠢᠯ ᠤᠨ ᠠᠵᠢᠯ ᠢ ᠪᠦᠬᠦ ᠲᠠᠯ᠎ᠠ ᠪᠠᠷ ᠳ᠋ᠦᠩᠨᠡᠭᠰᠡᠨ | ᠪᠥᠭᠡᠳ ᠬᠤᠶᠢᠰᠢᠳᠠ ᠶᠢᠨ ᠲᠠᠪᠤᠨ ᠵᠢᠯ ᠤᠨ ᠠᠵᠢᠯ ᠤᠨ ᠬᠠᠷᠠᠯᠲᠠ ᠶᠢ ᠲᠥᠯᠥᠪᠵᠢᠭᠦᠯᠵᠡᠢ᠃ ᠨᠡᠶᠢᠭᠡᠮᠯᠢᠭ ᠤᠨ ᠬᠢᠨ | ᠰᠢᠨ᠎ᠡ ᠶᠢ ᠡᠭᠦᠳᠴᠦ ᠪᠣᠳᠠᠲᠠᠢ ᠶᠢ ᠡᠷᠬᠢᠮᠯᠡᠬᠦ ᠶᠢ ᠪᠠᠷᠢᠮᠲᠠᠯᠠᠵᠤ᠂ ᠴᠠᠭ ᠦᠶ᠎ᠡ ᠶᠢᠨ ᠠᠯᠬᠤᠮ ᠢ ᠴᠢᠩᠭ᠎ᠠ ᠳᠠᠭᠠᠵᠤ᠂ | ᠢᠮᠠᠭᠲᠠ ᠥᠭᠡᠷᠡᠴᠢᠯᠡᠯᠲᠡ ᠨᠡᠭᠡᠭᠡᠯᠲᠡ ᠶᠢᠨ ᠠᠭᠤᠤ ᠶᠡᠭᠡ ᠲᠡᠦᠬᠡᠨ ᠶᠠᠪᠤᠴᠠ ᠳᠤ ᠠᠩᠬᠠᠷᠤᠯ ᠢᠶᠠᠨ ᠲᠥᠪᠯᠡᠷᠡᠭᠦᠯᠵᠦ᠂ | ᠭᠡᠰᠢᠭᠦᠳ ᠤᠨ ᠨᠡᠩ ᠰᠠᠶᠢᠨ ᠨᠡᠩ ᠤᠯᠠᠨ᠂ ᠤᠯᠤᠰ ᠤᠨ ᠬᠤᠪᠢ ᠵᠠᠶᠠᠭ᠎ᠠ ᠲᠠᠢ ᠵᠡᠷᠭᠡᠴᠡᠬᠦ᠂ ᠠᠷᠠᠳ ᠲᠦᠮᠡᠨ ᠤ | ᠬᠡᠷᠡᠭᠴᠡᠭᠡ ᠲᠠᠢ ᠵᠡᠷᠭᠡᠪᠡᠷ ᠤᠷᠤᠭᠰᠢᠯᠠᠭᠰᠠᠨ ᠰᠢᠯᠢᠳᠡᠭ ᠪᠦᠲᠦᠭᠡᠯ ᠢ ᠵᠣᠬᠢᠶᠠᠨ ᠪᠦᠲᠦᠭᠡᠵᠦ᠂ ᠲᠣᠭᠲᠠᠬᠤ ᠰᠢᠶᠠᠨ ᠤ | ᠭᠡᠷᠡᠯ ᠵᠢᠷᠤᠭ ᠤᠨ ᠦᠢᠯᠡᠰ ᠤᠨ ᠬᠥᠭᠵᠢᠯ ᠴᠡᠴᠡᠭᠯᠡᠯ ᠢ ᠬᠠᠮᠲᠤᠪᠠᠷ ᠠᠬᠢᠭᠤᠯᠬᠤ ᠳᠤ ᠰᠢᠨ᠎ᠡ ᠬᠠᠭᠤᠳᠠᠰᠤ ᠶᠢ | ᠪᠢᠴᠢᠭᠯᠡᠬᠦ ᠶᠢ ᠬᠦᠰᠡᠵᠦ ᠪᠠᠶᠢᠨ᠎ᠠ ᠭᠡᠵᠡᠢ᠃ | | | | | | | | | ᠶᠡᠭᠡ ᠬᠤᠷᠠᠯ ᠠᠴᠠ ᠭᠤᠷᠪᠠᠳᠤᠭᠠᠷ ᠬᠤᠭᠤᠴᠠᠭᠠᠨ ᠤ ᠲᠡᠷᠢᠭᠦᠯᠡᠭᠴᠢᠳ ᠤᠨ ᠪᠦᠯᠬᠦᠮ ᠢ ᠰᠣᠩᠭᠤᠨ ᠭᠠᠷᠭᠠᠪᠠ᠃ | ᠯᠢᠦ ᠵᠢᠶᠠᠨ ᠴᠢᠶᠠᠩ ᠲᠡᠷᠢᠭᠦᠯᠡᠭᠴᠢ ᠪᠠᠷ ᠰᠣᠩᠭᠤᠭᠳᠠᠵᠤ᠂ ᠯᠢᠦ ᠶᠦᠩ ᠸᠧᠢ᠂ ᠰᠢᠦᠢ ᠯᠢ ᠴᠢᠩ᠂ ᠵᠢᠶᠠ ᠯᠢᠩ᠂ | ᠦᠷᠭᠡᠨ᠂ ᠭᠦᠸᠧ ᠯᠠᠢ ᠴᠢᠤᠸᠠᠨ᠂ ᠵᠠᠩ ᠸᠧᠢ ᠨᠠᠷ ᠳᠡᠳ᠋ ᠲᠡᠷᠢᠭᠦᠯᠡᠭᠴᠢ ᠪᠠᠷ ᠰᠣᠩᠭᠤᠭᠳᠠᠪᠠ᠃ ᠸᠠᠩ ᠵᠢᠶᠦ᠋ᠨ ᠢ | ᠨᠠᠷᠢᠨ ᠪᠢᠴᠢᠭ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠸᠠᠩ ᠶᠦᠩ ᠭᠠᠩ᠂ ᠯᠢ ᠰᠢᠤᠸᠠᠢ ᠴᠢᠩ᠂ ᠶᠦᠨ | ᠯᠦᠩ᠂ ᠵᠠᠩ ᠢᠦᠢ ᠴᠦᠨ᠂ ᠶᠠᠩ ᡁᠢ ᠳ᠋ᠦᠩ᠂ ᠯᠢᠦ ᠰᠢᠤᠸᠠᠢ ᠬᠤᠶ᠂ ᠸᠠᠩ ᠨᠠ ᠳᠡᠳ᠋ ᠨᠠᠷᠢᠨ ᠪᠢᠴᠢᠭ ᠤᠨ | ᠳᠠᠷᠤᠭ᠎ᠠ ᠶᠢᠨ ᠲᠤᠰᠢᠶᠠᠯ ᠢ ᠡᠭᠦᠷᠭᠡᠯᠡᠪᠡ᠃ | | | | | | | | | ᠰᠢᠨ᠎ᠡ ᠪᠠᠷ ᠲᠤᠰᠢᠶᠠᠯ ᠳᠤ ᠭᠠᠷᠤᠭᠰᠠᠨ ᠲᠡᠷᠢᠭᠦᠯᠡᠭᠴᠢ ᠯᠢᠦ ᠵᠢᠶᠠᠨ ᠴᠢᠶᠠᠩ ᠬᠤᠷᠠᠯ ᠳᠡᠭᠡᠷ᠎ᠡ ᠣᠪᠣᠷ ᠢᠶᠠᠨ | ᠢᠯᠡᠳᠬᠡᠬᠦ ᠶᠠᠷᠢᠶ᠎ᠠ ᠲᠠᠯᠪᠢᠪᠠ᠂ ᠲᠡᠷᠡ ᠢᠯᠡᠷᠬᠡᠶᠢᠯᠡᠬᠦ ᠳᠡᠭᠡᠨ᠂ ᠰᠢᠨ᠎ᠡ ᠨᠢᠭᠡ ᠬᠤᠭᠤᠴᠠᠭᠠᠨ ᠤ ᠤᠳᠤᠷᠢᠳᠬᠤ | ᠪᠠᠭ ᠤᠨ ᠪᠦᠷᠢᠯᠳᠦᠭᠦᠨ ᠨᠠᠷ ᠨᠡᠶᠢᠭᠡᠮᠯᠢᠭ ᠤᠨ ᠰᠢᠯᠢᠳᠡᠭ ᠤᠯᠠᠮᠵᠢᠯᠠᠯ ᠢ ᠤᠯᠠᠮᠵᠢᠯᠠᠨ ᠵᠠᠯᠭᠠᠮᠵᠢᠯᠠᠵᠤ᠂ | ᠰᠡᠳᠬᠢᠴᠡ ᠪᠠᠨ ᠥᠷᠭᠡᠳᠬᠡᠨ᠂ ᠨᠡᠶᠢᠭᠡᠮᠯᠢᠭ ᠤᠨ ᠠᠵᠢᠯ ᠢ ᠨᠠᠷᠢᠯᠢᠭ ᠨᠢᠮᠪᠠᠢ ᠬᠢᠵᠦ᠂ ᠥᠷᠭᠡᠨ ᠣᠯᠠᠨ ᠬᠡᠷᠡᠯ ᠵᠢᠷᠤᠭ | ᠲᠠᠲᠠᠬᠤ ᠳᠤᠷᠠᠲᠠᠢ ᠬᠥᠮᠥᠰ ᠢ ᠳᠠᠭᠠᠭᠤᠯᠤᠨ ᠲᠣᠭᠲᠠᠬᠤ ᠰᠢᠶᠠᠨ ᠤ ᠬᠡᠷᠡᠯ ᠵᠢᠷᠤᠭ ᠠᠪᠬᠤ ᠦᠢᠯᠡᠰ ᠤᠨ ᠬᠥᠭᠵᠢᠯᠲᠡ | ᠶᠢ ᠠᠬᠢᠭᠤᠯᠬᠤ ᠪᠠᠷ ᠴᠢᠷᠮᠠᠶᠢᠨ᠎ᠠ ᠭᠡᠵᠡᠢ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ |