ᠲᠤᠭᠳᠠᠬᠤ ᠰᠢᠶᠠᠨ ᠤ ᠬᠤᠲᠠ ᠶᠢᠨ ᠲᠣᠭᠤᠷᠢᠭ ᠵᠢᠴᠢ ᠵᠠᠰᠠᠮᠠᠯ ᠵᠠᠮ ᠤᠨ ᠵᠠᠮ ᠬᠠᠷᠢᠯᠴᠠᠭᠠᠨ ᠤ ᠮᠡᠷᠭᠡᠵᠢᠯ ᠤᠨ ᠬᠢᠨᠠᠨ ᠡᠵᠡᠮᠳᠡᠬᠦ ᠰᠢᠰᠲ᠋ᠧᠮ ︵ᠡᠯᠧᠺᠲᠷᠣᠨ ᠴᠠᠭᠳᠠᠭ᠎ᠠ︶ ᠢ ᠡᠬᠢᠯᠡᠨ ᠬᠡᠷᠡᠭᠯᠡᠬᠦ ᠲᠤᠬᠠᠢ ᠵᠠᠷᠯᠠᠯ
ᠨᠡᠶᠢᠲᠡᠯᠡᠭᠰᠡᠨ ᠴᠠᠭ᠄
2024/12/13
      ᠲᠤᠭᠳᠠᠬᠤ ᠰᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠬᠢᠷᠢ  ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠠᠮ ᠬᠠᠷᠢᠯᠴᠠᠭᠠᠨ ᠤ ᠠᠳᠡᠯ ᠢ ᠪᠦᠲᠦᠮᠵᠢᠲᠡᠶ ᠪᠠᠷ ᠰᠡᠷᠭᠡᠶᠢᠯᠡᠬᠦ ᠪᠠ ᠪᠠᠭᠤᠷᠠᠭᠤᠯᠵᠦ᠂ ᠵᠠᠮ ᠬᠠᠷᠢᠯᠴᠠᠭᠠᠨ ᠤ ᠡᠮᠬᠢ ᠳᠢᠭᠯᠢᠮ ᠤᠨ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠡᠷᠡᠭᠵᠢᠭᠦᠯᠬᠦ ᠳᠦᠷᠢᠮ︾᠂ ᠳᠣᠲᠣᠭᠠᠳᠤ ᠶᠢ ᠬᠠᠮᠠᠭᠠᠯᠠᠬᠤ ᠶᠠᠮᠤᠨ ᠤ ︽ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠰᠢᠢᠳᠪᠦᠷᠢᠯᠡᠬᠦ ᠵᠢᠷᠤᠮ ᠤᠨ ᠲᠣᠭᠲᠠᠭᠠᠯ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ ᠳᠣᠣᠷᠠᠬᠢ ᠵᠠᠮ ᠬᠠᠷᠢᠯᠴᠠᠭᠠᠨ ᠤ ᠮᠡᠷᠭᠡᠵᠢᠯ ᠤᠨ ᠬᠢᠨᠠᠨ ᠡᠵᠡᠮᠳᠡᠬᠦ ᠰᠢᠰᠲ᠋ᠧᠮ ︵ᠡᠯᠧᠺᠲᠷᠣᠨ ᠴᠠᠭᠳᠠᠭ᠎ᠠ︶ ᠨᠢᠭᠡᠨᠲᠡ ᠵᠢᠷᠤᠮᠵᠢᠯ ᠤᠨ ᠱᠠᠭᠠᠷᠳᠠᠯᠭ᠎ᠠ ᠳᠤ ᠬᠦᠷᠴᠦ᠂ ᠲᠣᠭᠲᠠᠬᠤ ᠰᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ 2024 ᠣᠨ ᠤ 12 ᠳ᠋ᠤᠭᠠᠷ ᠰᠠᠷ᠎ᠠ ᠶᠢᠨ 20 ᠤ ᠡᠳᠦᠷ ᠤᠨ ᠲᠡᠭ ᠴᠠᠭ ᠠᠴᠠ ᠵᠢᠩᠬᠢᠨᠢ ᠪᠠᠷ ᠡᠬᠢᠯᠡᠵᠦ ᠬᠡᠷᠡᠭᠯᠡᠬᠦ ᠪᠠᠷ ᠲᠣᠭᠲᠠᠪᠠ᠃      ᠲᠣᠰ ᠤᠳᠠᠭᠠᠨ ᠤ ᠡᠬᠢᠯᠡᠵᠦ ᠬᠡᠷᠡᠭᠯᠡᠬᠦ ᠭᠡᠵᠦ ᠪᠠᠶᠢᠭ᠎ᠠ ᠵᠠᠮ ᠬᠠᠷᠢᠯᠴᠠᠭᠠᠨ ᠤ ᠮᠡᠷᠭᠡᠵᠢᠯ ᠤᠨ ᠬᠢᠨᠠᠨ ᠡᠵᠡᠮᠳᠡᠬᠦ ᠰᠢᠰᠲ᠋ᠧᠮ ᠨᠢ ᠳᠣᠣᠷᠠᠬᠢ ᠮᠡᠲᠦ᠄      ᠨᠢᠭᠡ᠂ ᠵᠠᠮ ᠤᠨ ᠠᠭᠤᠯᠵᠠᠷ ᠲᠤ ᠮᠠᠰᠢᠨᠲᠤ ᠲᠡᠷᠭᠡ ᠵᠠᠮ ᠤᠨ ᠤᠯᠠᠭᠠᠨ ᠳ᠋ᠧᠩ ᠠᠴᠠ ᠵᠥᠷᠢᠴᠡᠬᠦ᠂ ᠮᠠᠰᠢᠨ ᠲᠡᠷᠭᠡ ᠵᠢᠯᠤᠭᠤᠳᠴᠤ ᠰᠥᠷᠭᠡᠦ ᠴᠢᠭᠯᠡᠯ ᠢᠶᠠᠷ ᠶᠠᠪᠤᠬᠤ᠂ ᠲᠣᠭᠲᠠᠭᠰᠠᠨ ᠲᠡᠷᠭᠡᠨ ᠵᠠᠮ ᠢᠶᠠᠷ ᠥᠯᠥ ᠶᠠᠪᠤᠬᠤ᠂ ᠪᠠᠷᠠᠭᠠᠨ ᠤ ᠲᠡᠷᠭᠡ ᠴᠠᠭᠠᠵᠠᠯᠠᠬᠤ ᠵᠠᠷᠯᠢᠭ ᠤᠨ ᠲᠡᠮᠳᠡᠭ ᠤᠨ ᠵᠢᠭᠠᠪᠤᠷᠢ ᠶᠢ ᠵᠥᠷᠢᠴᠡᠬᠦ᠂ ᠵᠢᠯᠣᠭᠤᠴᠢ ᠲᠡᠷᠭᠡ ᠵᠢᠯᠤᠭᠤᠳᠴᠤ ᠪᠠᠶᠢᠭᠠᠳ ᠤᠳᠠᠰᠤᠳᠠᠬᠤ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠣᠯᠠᠨ ᠵᠦᠢᠯ ᠤᠨ ᠦᠶᠯᠡ ᠠᠵᠢᠯᠯᠠᠭ᠎ᠠ ᠶᠢ ᠰᠡᠭᠦᠳᠡᠷᠯᠡᠨ᠎ᠡ᠂ 21 ᠵᠠᠮ ᠤᠨ ᠠᠭᠤᠯᠵᠠᠷ ᠲᠤ ᠨᠡᠶᠢᠲᠡ 78 ᠢᠵᠢ ᠵᠠᠮ ᠬᠠᠷᠢᠯᠴᠠᠭᠠᠨ ᠤ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠶᠢ ᠬᠡᠷᠡᠭᠯᠡᠨ᠎ᠡ︔      ᠬᠤᠶᠠᠷ᠂ ᠪᠠᠷᠠᠭᠠᠨ ᠤ ᠲᠡᠷᠭᠡ ᠶᠢᠨ ᠴᠠᠭᠠᠵᠠᠯᠠᠬᠤ ᠵᠠᠷᠯᠢᠭ ᠤᠨ ᠲᠡᠮᠳᠡᠭ ᠤᠨ ᠵᠢᠭᠠᠪᠤᠷᠢ ᠠᠴᠠ ᠵᠥᠷᠢᠴᠡᠭᠰᠡᠨ᠂ ᠮᠠᠰᠢᠨ ᠲᠡᠷᠭᠡ ᠵᠢᠯᠤᠭᠤᠳᠴᠤ ᠰᠥᠷᠭᠡᠦ ᠴᠢᠭᠯᠡᠯ ᠢᠶᠠᠷ ᠶᠠᠪᠤᠭᠰᠠᠨ᠂ ᠵᠢᠯᠣᠭᠤᠴᠢ ᠲᠡᠷᠭᠡ ᠵᠢᠯᠤᠭᠤᠳᠴᠤ ᠪᠠᠶᠢᠭᠠᠳ ᠤᠳᠠᠰᠤᠳᠠᠬᠤ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠣᠯᠠᠨ ᠵᠦᠢᠯ ᠤᠨ ᠦᠶᠯᠡ ᠠᠵᠢᠯᠯᠠᠭ᠎ᠠ ᠶᠢ ᠰᠡᠭᠦᠳᠡᠷᠯᠡᠨ᠎ᠡ᠂ 5 ᠭᠠᠵᠠᠷ 12 ᠢᠵᠢ ᠵᠠᠮ ᠬᠠᠷᠢᠯᠴᠠᠭᠠᠨ ᠤ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠶᠢ ᠡᠬᠢᠯᠡᠨ ᠬᠡᠷᠡᠭᠯᠡᠨ᠎ᠡ᠃      ᠥᠷᠭᠡᠨ ᠤᠯᠠᠨ ᠵᠠᠮ ᠬᠠᠷᠢᠯᠴᠠᠭᠠᠨ ᠤ ᠣᠷᠣᠯᠴᠠᠭᠴᠢ ᠬᠠᠤᠯᠢ ᠶᠢ ᠴᠢᠩᠭ᠎ᠠ ᠵᠢᠷᠤᠮᠯᠠᠨ ᠲᠡᠷᠭᠡ ᠵᠢᠯᠤᠭᠤᠳᠴᠤ᠂ ᠠᠮᠤᠷ ᠲᠦᠪᠰᠢᠨ ᠪᠣᠯᠪᠠᠰᠤᠨ ᠢᠶᠠᠷ ᠠᠶᠠᠯᠠᠬᠤ ᠶᠢ ᠬᠦᠰᠡᠵᠦ ᠪᠠᠶᠢᠨ᠎ᠠ᠃        ᠲᠣᠭᠲᠠᠬᠤ ᠰᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ  ᠠᠩᠬᠢ              2024 ᠣᠨ ᠤ 12  ᠳ᠋ᠤᠭᠠᠷ ᠰᠠᠷ᠎ᠠ ᠶᠢᠨ 10 ᠤ ᠡᠳᠦᠷ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1