ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠪᠦᠯ ᠤᠨ ᠤᠯᠠᠷᠢᠯ ᠤᠨ ᠢᠳᠡᠭᠡᠨ ᠤᠮᠳᠠᠭᠠᠨ ᠤ ᠨᠢᠭᠡᠴᠡ ᠶᠢᠨ ᠢᠳᠡᠭᠡᠨ ᠤ ᠠᠮᠤᠷ ᠲᠦᠪᠰᠢᠨ ᠳᠤ  ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/12/17
      ᠪᠥᠬᠦ ᠰᠢᠶᠠᠨ ᠤ ᠡᠪᠦᠯ ᠤᠨ ᠤᠯᠠᠷᠢᠯ ᠤᠨ ᠢᠳᠡᠭᠡᠨ ᠤ ᠠᠮᠤᠷ ᠲᠦᠪᠰᠢᠨ ᠤ ᠬᠡᠮ ᠰᠣᠭᠤᠭ ᠤᠨ ᠪᠠᠶᠢᠴᠠᠭᠠᠯᠲᠠ ᠶᠢ ᠭᠦᠨᠵᠡᠭᠡᠢ ᠲᠦᠯᠬᠢᠨ ᠠᠬᠢᠭᠤᠯᠵᠤ᠂ ᠠᠮᠤᠷ ᠲᠦᠪᠰᠢᠨ ᠤ ᠬᠡᠷᠡᠭ ᠡᠭᠦᠰᠬᠦ ᠶᠢ ᠰᠡᠷᠭᠡᠶᠢᠯᠡᠨ᠂ ᠥᠷᠭᠡᠨ ᠣᠯᠠᠨ ᠲᠦᠮᠡᠨ ᠤ ᠪᠡᠶ᠎ᠡ ᠶᠢᠨ ᠡᠷᠡᠭᠦᠯ ᠮᠡᠨᠳᠦ ᠶᠢ ᠦᠨᠡᠨ ᠬᠦ ᠬᠠᠮᠠᠭᠠᠯᠠᠬᠤ ᠶᠢᠨ ᠲᠥᠯᠥᠭᠡ᠂ ᠣᠶᠢᠷ᠎ᠠ ᠳᠤ᠂ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠪᠦᠯ ᠤᠨ ᠤᠯᠠᠷᠢᠯ ᠤᠨ ᠢᠳᠡᠭᠡᠨ ᠤᠮᠳᠠᠭᠠᠨ ᠤ ᠨᠢᠭᠡᠴᠡ ᠶᠢᠨ ᠢᠳᠡᠭᠡᠨ ᠤ ᠠᠮᠤᠷ ᠲᠦᠪᠰᠢᠨ ᠤ ᠪᠠᠶᠢᠴᠠᠭᠠᠯᠲᠠ ᠶᠢ ᠥᠷᠨᠢᠭᠦᠯᠪᠡ᠃
     ᠪᠠᠶᠢᠴᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠢᠳᠡᠭᠡᠨ ᠤᠮᠳᠠᠭᠠᠨ ᠤ ᠨᠢᠭᠡᠴᠡ ᠶᠢᠨ ᠠᠵᠢᠯ ᠡᠷᠬᠢᠯᠡᠭᠰᠡᠳ ᠤᠨ ᠡᠷᠡᠭᠦᠯ ᠮᠡᠨᠳᠦ ᠶᠢᠨ ᠬᠠᠮᠢᠶᠠᠷᠤᠯᠲᠠ᠂ ᠭᠡᠷᠡᠴᠢ ᠪᠠᠷᠢᠮᠲᠠ ᠠᠪᠬᠤ᠂ ᠢᠳᠡᠭᠡᠨ ᠤ ᠥᠯᠢᠭᠡᠷ ᠡᠳ᠋ ᠦᠯᠡᠳᠡᠭᠡᠬᠦ᠂ ᠢᠳᠡᠭᠡᠨ ᠤᠮᠳᠠᠭᠠᠨ ᠤ ᠪᠠᠭᠠᠵᠢ ᠬᠡᠷᠡᠭᠰᠡᠯ ᠢ ᠠᠷᠢᠭᠤᠳᠬᠠᠬᠤ᠂ ᠢᠳᠡᠭᠡᠨ ᠢ ᠬᠠᠳᠠᠭᠠᠯᠠᠬᠤ᠂ ᠪᠣᠯᠪᠠᠰᠤᠷᠠᠭᠤᠯᠬᠤ᠂ ᠦᠢᠯᠡᠳᠬᠦ ᠶᠠᠪᠤᠴᠠ᠂ ︽ᠡᠳᠦᠷ ᠢᠶᠠᠷ ᠬᠠᠮᠢᠶᠠᠷᠤᠨ ᠡᠵᠡᠮᠳᠡᠬᠦ᠂ ᠭᠠᠷᠠᠭ ᠢᠶᠠᠷ ᠵᠢᠭᠰᠠᠭᠠᠨ ᠪᠠᠶᠢᠴᠠᠭᠠᠬᠤ᠂ ᠰᠠᠷ᠎ᠠ ᠪᠠᠷ ᠲᠣᠬᠢᠷᠠᠭᠤᠯᠬᠤ︾ ᠳᠦᠷᠢᠮ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠪᠠᠷ ᠲᠤᠬᠠᠢ ᠶᠢᠨ ᠲᠠᠯᠠᠪᠤᠷ ᠲᠤ ᠬᠢᠨᠠᠯᠲᠠ ᠲᠠᠯᠪᠢᠵᠤ ᠪᠠᠶᠢᠴᠠᠭᠠᠪᠠ᠃ ᠡᠭᠦᠨ ᠤ ᠬᠠᠮᠲᠤ᠂ ᠢᠳᠡᠭᠡᠨ ᠤᠮᠳᠠᠭᠠᠨ ᠤ ᠨᠢᠭᠡᠴᠡ ᠳᠤ ᠢᠳᠡᠭᠡᠨ ᠤ ᠠᠮᠤᠷ ᠲᠦᠪᠰᠢᠨ ᠪᠠ ᠢᠳᠡᠭᠡᠨ ᠤᠮᠳᠠᠭᠠᠨ ᠤ ᠪᠦᠷᠢᠯᠭᠡᠯᠲᠡ ᠶᠢ ᠡᠰᠡᠷᠭᠦᠴᠡᠬᠦ ᠲᠤᠬᠠᠢ ᠬᠠᠤᠯᠢ ᠴᠠᠭᠠᠵᠠ ᠬᠠᠤᠯᠢ ᠲᠣᠭᠲᠠᠭᠠᠯ ᠢ ᠲᠠᠶᠢᠯᠪᠤᠷᠢᠯᠠᠨ ᠥᠭᠴᠦ᠂ ᠡᠵᠡᠩᠨᠡᠭᠴᠢᠳ ᠢ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠥᠭᠡᠳ ᠪᠣᠳᠠᠲᠠᠶᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃
     ᠣᠲᠣ ᠪᠣᠯᠲᠠᠯ᠎ᠠ᠂ ᠨᠡᠶᠢᠲᠡ 43 ᠢᠳᠡᠭᠡᠨ ᠤᠮᠳᠠᠭᠠᠨ ᠤ ᠨᠢᠭᠡᠴᠡ ᠶᠢ ᠪᠠᠶᠢᠴᠠᠭᠠᠵᠤ᠂ 6 ᠬᠤᠪᠢ ︽ᠴᠡᠭᠴᠡᠯᠡᠨ ᠥᠭᠡᠷᠡᠴᠢᠯᠡᠭᠦᠯᠬᠦ ᠮᠡᠳᠡᠭᠳᠡᠯ ᠤᠨ ᠪᠢᠴᠢᠭ︾ ᠪᠠᠭᠤᠯᠭᠠᠪᠠ᠃      ᠲᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠶᠠᠲᠤ ᠣᠷᠣᠨ ᠤ ᠪᠠᠨ ᠢᠳᠡᠭᠡᠨ ᠤᠮᠳᠠᠭᠠᠨ ᠤ ᠨᠢᠭᠡᠴᠡ ᠶᠢᠨ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠪᠦᠯ ᠤᠨ ᠤᠯᠠᠷᠢᠯ ᠤᠨ ᠢᠳᠡᠭᠡᠨ ᠤ ᠠᠮᠤᠷ ᠲᠦᠪᠰᠢᠨ ᠤ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠵᠦ᠂ ᠥᠷᠭᠡᠨ ᠣᠯᠠᠨ ᠠᠷᠠᠳ ᠲᠦᠮᠡᠨ ᠳᠤ ᠢᠳᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1