ᠰᠤᠳᠤᠯᠬᠤ ᠪᠠᠷ ᠳᠡᠮᠵᠢᠨ᠂ ᠡᠳᠦᠭᠡ ︽ᠲᠣᠭᠲᠠᠬᠤ ᠰᠢᠶᠠᠨ ᠤ ᠭᠠᠷ ᠳᠠᠮᠵᠢᠭᠰᠠᠨ ᠭᠡᠷ ᠪᠠᠶᠢᠰᠢᠩ ᠤᠨ ︿ | ᠳᠠᠨᠵᠢᠯᠠᠭ᠎ᠠ ᠲᠠᠢ ᠡᠷᠦᠬᠡ ᠰᠢᠯᠵᠢᠭᠦᠯᠬᠦ﹀ ᠵᠠᠭᠪᠤᠷ ᠤᠨ ᠠᠵᠢᠯᠯᠠᠭᠠᠨ ᠤ ᠵᠦᠭᠯᠡᠭᠦᠷ ︵ᠲᠤᠷᠰᠢᠨ ᠬᠡᠷᠡᠭᠵᠢᠭᠦᠯᠬᠦ︶︾ ᠢ | ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠯᠠᠪᠯᠠᠯᠲᠠ ᠪᠣᠯᠭᠠᠨ ᠬᠡᠷᠡᠭᠵᠢᠭᠦᠯᠲᠦᠭᠡᠢ᠃ | ᠨᠢᠭᠡ᠂ ᠶᠡᠷᠦᠩᠬᠡᠢ ᠱᠠᠭᠠᠷᠳᠠᠯᠭ᠎ᠠ | ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ᠂ ᠠᠷᠠᠯᠵᠢᠶ᠎ᠠ ᠬᠢᠭᠡᠳ ᠮᠥᠩᠭᠦᠨ ᠭᠦᠢᠯᠭᠡᠭᠡᠨ ᠤ | ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠪᠠ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠪᠥᠬᠦ ᠲᠠᠯ᠎ᠠ ᠪᠠᠷ | ᠭᠦᠨᠵᠡᠭᠡᠶᠢᠷᠡᠭᠦᠯᠵᠦ᠂ ︽ᠢᠨᠲ᠋ᠧᠷ ᠰᠦᠯᠵᠢᠶ᠎ᠡ + ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ︾ ᠪᠠ ᠮᠥᠩᠭᠦᠨ | ᠭᠦᠢᠯᠭᠡᠭᠡᠨ ᠤ ᠲᠤᠬᠠᠶᠢᠯᠠᠭᠰᠠᠨ ᠠᠵᠢᠯ ᠤᠨ ᠰᠢᠨ᠎ᠡ ᠶᠢ ᠡᠭᠦᠳᠬᠦ ᠶᠢ ᠶᠡᠷᠦᠩᠬᠡᠶᠢᠯᠡᠨ ᠬᠡᠷᠡᠭᠯᠡᠵᠦ᠂ ᠥᠯᠥ ᠬᠥᠳᠡᠯᠬᠦ | ᠬᠥᠷᠥᠩᠭᠡ ᠶᠢᠨ ᠳᠠᠩᠰᠠᠯᠠᠯᠲᠠ᠂ ᠠᠷᠠᠯᠵᠢᠶ᠎ᠠ ᠪᠠ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠦᠢᠯᠡᠳᠦᠯ | ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠡᠯ᠎ᠡ ᠰᠠᠯᠠᠭ᠎ᠠ ᠮᠥᠴᠢᠷ ᠤᠨ ᠬᠢᠨ ᠬᠠᠮᠵᠢᠯᠴᠠᠨ | ᠠᠵᠢᠯᠯᠠᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ ᠥᠯᠥ ᠬᠥᠳᠡᠯᠬᠦ | ᠬᠥᠷᠥᠩᠭᠡ ᠶᠢ ︽ᠳᠠᠨᠵᠢᠯᠠᠭ᠎ᠠ ᠲᠠᠢ ᠡᠷᠦᠬᠡ ᠰᠢᠯᠵᠢᠭᠦᠯᠬᠦ︾ ᠠᠷᠠᠳ ᠲᠤ ᠲᠥᠬᠦᠮ ᠦᠵᠡᠭᠦᠯᠵᠦ ᠠᠵᠤ | ᠠᠬᠤᠶᠢᠯᠠᠯ ᠳᠤ ᠠᠰᠢᠭ ᠬᠦᠷᠲᠡᠭᠡᠬᠦ ᠦᠢᠯᠡᠴᠢᠯᠡᠭᠡ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠳᠠᠨᠵᠢᠯᠠᠵᠤ ᠪᠠᠶᠢᠭ᠎ᠠ | ᠥᠯᠥ ᠬᠥᠳᠡᠯᠬᠦ ᠬᠥᠷᠥᠩᠭᠡ ᠶᠢ ᠬᠠᠤᠯᠢ ᠶᠣᠰᠣᠭᠠᠷ ᠰᠢᠯᠵᠢᠭᠦᠯᠦᠨ ᠥᠭᠬᠦ ᠶᠢ ᠪᠠᠲᠤᠯᠠᠨ᠂ ᠣᠯᠠᠨ ᠲᠦᠮᠡᠨ ᠤ ᠥᠯᠥ | ᠬᠥᠳᠡᠯᠬᠦ ᠬᠥᠷᠥᠩᠭᠡ ᠶᠢᠨ ᠠᠷᠠᠯᠵᠢᠶᠠᠨ ᠤ ᠥᠪᠡᠷ ᠤᠨ ᠥᠷᠲᠡᠭ ᠪᠠ ᠲᠦᠭᠰᠢᠭᠦᠷᠢ ᠶᠢ ᠪᠠᠭᠤᠷᠠᠭᠤᠯᠵᠤ᠂ ᠲᠣᠭᠲᠠᠮᠠᠯ | ᠪᠠ ᠰᠠᠶᠢᠵᠢᠷᠠᠭᠤᠯᠤᠯᠲᠠ ᠶᠢᠨ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠶᠢ ᠨᠠᠩ ᠰᠠᠶᠢᠲᠤᠷ ᠬᠠᠩᠭᠠᠵᠤ᠂ ᠥᠯᠥ | ᠬᠥᠳᠡᠯᠬᠦ ᠬᠥᠷᠥᠩᠭᠡ ᠶᠢᠨ ᠳᠠᠩᠰᠠᠯᠠᠯᠲᠠ ᠪᠠ ᠠᠷᠠᠯᠵᠢᠶᠠᠨ ᠤ ᠬᠠᠮᠢᠶᠠᠷᠤᠯᠲᠠ᠂ ᠮᠥᠩᠭᠦᠨ ᠭᠦᠢᠯᠭᠡᠭᠡᠨ ᠤ | ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ | ᠠᠵᠤ ᠠᠬᠤᠶᠢᠯᠠᠯ ᠤᠨ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ | ᠦᠷᠭᠦᠯᠵᠢᠯᠡᠨ ᠳᠡᠭᠡᠭᠰᠢᠯᠡᠭᠦᠯᠦᠨ᠎ᠡ᠃ | ᠬᠤᠶᠠᠷ᠂ ᠬᠡᠷᠡᠭᠯᠡᠬᠦ ᠬᠡᠪᠴᠢᠶ᠎ᠡ | ︽ᠳᠠᠨᠵᠢᠯᠠᠭ᠎ᠠ ᠲᠠᠢ ᠡᠷᠤᠭᠡ ᠰᠢᠯᠵᠢᠭᠦᠯᠬᠦ︾ ᠭᠡᠳᠡᠭ ᠪᠣᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠢᠷᠭᠡᠨ ᠤ ᠬᠠᠤᠯᠢ ᠶᠢᠨ ᠪᠢᠴᠢᠭ︾ ᠤᠨ ᠲᠦᠷᠪᠡᠨ ᠵᠠᠭᠤ ᠵᠢᠷᠭᠤᠳᠤᠭᠠᠷ ᠵᠦᠢᠯ ᠤᠨ ︽ᠳᠠᠨᠵᠢᠯᠠᠭ᠎ᠠ ᠲᠠᠢ | ᠬᠤᠭᠤᠴᠠᠭᠠᠨ ᠳᠤ ᠪᠠᠷᠢᠴᠠᠭᠠᠯᠠᠭᠴᠢ ᠡᠳ᠋ ᠬᠥᠷᠥᠩᠭᠡ ᠪᠠᠨ ᠰᠢᠯᠵᠢᠭᠦᠯᠦᠨ ᠥᠭᠴᠦ ᠪᠣᠯᠬᠤ ᠶᠢ ᠵᠢᠭᠠᠵᠤ ᠪᠠᠶᠢᠨ᠎ᠠ᠃ | ᠲᠤᠬᠠᠢ ᠶᠢᠨ ᠬᠥᠮᠥᠨ ᠠᠰᠲᠠᠭᠠᠨ ᠪᠣᠯᠵᠣᠯ ᠲᠠᠢ ᠪᠠᠶᠢᠪᠠᠯ᠂ ᠲᠡᠭᠦᠨ ᠤ ᠪᠣᠯᠵᠣᠯ ᠢ ᠵᠢᠷᠤᠮᠯᠠᠨ᠎ᠠ︾ ᠭᠡᠰᠡᠨ | ᠲᠣᠭᠲᠠᠭᠠᠯ ᠢ ᠦᠨᠳᠦᠰᠦᠯᠡᠪᠡᠯ᠂ ᠪᠠᠶᠢᠭᠠᠯᠢ ᠬᠥᠮᠥᠨ ᠪᠠ ᠬᠠᠤᠯᠢ ᠶᠢᠨ ᠡᠷᠬᠡᠳᠡᠨ ᠪᠠᠷᠢᠴᠠᠯᠠᠭᠳᠠᠵᠤ ᠪᠠᠶᠢᠭ᠎ᠠ ᠦᠯᠦ | ᠬᠥᠳᠡᠯᠬᠦ ᠬᠥᠷᠥᠩᠭᠡ ᠶᠢ ᠤᠤᠯ ᠤᠨ ᠪᠤᠯᠵᠤᠭ᠎ᠠ ᠪᠠᠨ ᠴᠤᠴᠠᠯᠤᠭᠰᠠᠨ ᠦᠭᠡᠢ ᠪᠠᠶᠢᠳᠠᠯ ᠳᠣᠣᠷ᠎ᠠ ᠳᠠᠷᠤᠢ ᠦᠯᠦ | ᠬᠥᠳᠡᠯᠬᠦ ᠬᠥᠷᠥᠩᠭᠡ ᠶᠢ ᠰᠢᠯᠵᠢᠭᠦᠯᠦᠨ ᠳᠠᠩᠰᠠᠯᠠᠬᠤ᠂ ᠳᠠᠬᠢᠨᠲᠠ ᠪᠠᠷᠢᠴᠠᠭᠠᠯᠠᠬᠤ᠂ ᠵᠢᠭᠡᠯᠡᠯᠭᠡ ᠲᠠᠯᠪᠢᠬᠤ ᠵᠡᠷᠭᠡ ᠭᠠᠷ | ᠭᠦᠢᠴᠡᠳᠬᠡᠯ ᠬᠢᠵᠦ᠂ ᠦᠯᠦ ᠬᠥᠳᠡᠯᠬᠦ ᠬᠥᠷᠥᠩᠭᠡ ᠶᠢ ᠳᠠᠩᠰᠠᠯᠠᠬᠤ᠂ ᠠᠷᠠᠯᠵᠢᠶᠠᠯᠠᠬᠤ᠂ ᠪᠡᠯᠡ ᠮᠥᠩᠭᠦ ᠶᠢ | ᠨᠠᠶᠢᠳᠠᠯᠭ᠎ᠠ ᠪᠠᠷ ᠬᠠᠮᠢᠶᠠᠷᠬᠤ ᠪᠠ ᠪᠠᠷᠢᠴᠠᠭᠠᠲᠤ ᠵᠢᠭᠡᠯᠡᠯᠭᠡ ᠶᠢ ᠪᠦᠲᠦᠮᠵᠢᠲᠡᠶ ᠪᠠᠷ ᠵᠣᠯᠭᠠᠭᠤᠯᠬᠤ ᠶᠢ ᠪᠡᠶᠡᠯᠡᠭᠦᠯᠵᠦ | ᠪᠣᠯᠣᠨ᠎ᠠ᠃ ︽ᠳᠠᠨᠵᠢᠯᠠᠭ᠎ᠠ ᠲᠠᠢ ᠡᠷᠤᠭᠡ ᠰᠢᠯᠵᠢᠭᠦᠯᠬᠦ︾ ᠶᠢ ᠭᠤᠣᠯᠳᠠᠭᠤ ᠬᠤᠳᠠᠯᠳᠤᠭᠴᠢ ᠶᠢᠨ ᠦᠯᠤ ᠬᠥᠳᠡᠯᠬᠦ | ᠬᠥᠷᠥᠩᠭᠡ ᠨᠢ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠲᠤ ᠨᠢᠭᠡᠨᠲᠡ ᠲᠠᠰᠤᠯᠤᠨ ᠪᠤᠳᠤᠵᠤ ᠳᠠᠭᠤᠰᠬᠠᠭᠠᠳᠤᠢ ᠪᠠᠷᠢᠴᠠᠭᠠᠲᠤ | ᠵᠢᠭᠡᠯᠡᠯᠭᠡ ᠶᠢᠨ ᠵᠣᠭᠤᠰ ᠣᠷᠣᠰᠢᠵᠤ ᠪᠠᠶᠢᠬᠤ ᠪᠥᠭᠡᠳ ᠣᠳᠣᠬᠠᠨ ᠤ ᠵᠢᠭᠡᠯᠡᠯᠭᠡ ᠨᠢ ᠬᠤᠭᠤᠴᠠᠭ᠎ᠠ ᠬᠡᠲᠦᠷᠡᠭᠰᠡᠨ | ᠦᠭᠡᠢ᠂ ᠵᠢᠭᠡᠯᠡᠯᠭᠡ ᠶᠢᠨ ᠨᠥᠬᠦᠴᠡᠯ ᠳᠤ ᠨᠡᠶᠢᠴᠡᠭᠰᠡᠨ ᠬᠤᠳᠠᠯᠳᠤᠨ ᠠᠪᠤᠭᠴᠢ ᠵᠢᠭᠡᠯᠡᠯᠭᠡ ᠶᠢᠨ ᠬᠡᠯᠪᠡᠷᠢ ᠪᠠᠷ | ᠬᠤᠳᠠᠯᠳᠤᠨ ᠠᠪᠤᠭᠰᠠᠨ ᠪᠠᠶᠢᠳᠠᠯ ᠳᠤ ᠬᠡᠷᠡᠭᠯᠡᠨ᠎ᠡ᠃ | ᠭᠤᠷᠪᠠ᠂ ᠠᠵᠢᠯ ᠤᠨ ᠱᠠᠭᠠᠷᠳᠠᠯᠭ᠎ᠠ | ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠰᠠᠯᠠᠭ᠎ᠠ ᠮᠥᠴᠢᠷ ᠤᠨ ᠵᠢᠯᠣᠭᠤᠳᠤᠯᠭ᠎ᠠ ᠶᠢ | ᠴᠢᠩᠭᠠᠳᠬᠠᠨ᠎ᠠ᠃ ᠦᠵᠡᠯ ᠰᠠᠨᠠᠭ᠎ᠠ ᠪᠠᠨ ᠨᠢᠭᠡᠳᠬᠡᠵᠦ᠂ ᠬᠠᠮᠵᠢᠯᠴᠠᠭ᠎ᠠ ᠪᠠᠨ ᠭᠦᠨᠵᠡᠭᠡᠶᠢᠷᠡᠭᠦᠯᠵᠦ᠂ ᠡᠭᠦᠷᠭᠡ | ᠬᠠᠷᠢᠭᠤᠴᠠᠯᠭ᠎ᠠ ᠪᠠᠨ ᠡᠭᠦᠷᠭᠡᠯᠡᠨ ᠭᠦᠢᠴᠡᠳᠬᠡᠵᠦ᠂ ︽ᠳᠠᠨᠵᠢᠯᠠᠭ᠎ᠠ ᠲᠠᠢ ᠡᠷᠦᠬᠡ ᠰᠢᠯᠵᠢᠭᠦᠯᠬᠦ︾ ᠶᠢ ᠯᠠᠪᠳᠠᠭᠤᠨ | ᠪᠠᠲᠤᠲᠠᠢ ᠠᠬᠢᠭᠤᠯᠬᠤ ᠬᠡᠷᠡᠭᠲᠡᠢ᠃ ᠰᠠᠯᠠᠭ᠎ᠠ ᠮᠥᠴᠢᠷ ᠤᠨ ᠵᠥᠪᠳᠡᠯᠴᠡᠨ ᠵᠣᠬᠢᠴᠠᠭᠤᠯᠬᠤ ᠠᠷᠭ᠎ᠠ ᠵᠠᠮ ᠢ ᠰᠠᠭᠠᠳ | ᠦᠭᠡᠢ ᠨᠠᠪᠲᠠᠷᠡᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠰᠠᠨᠠᠯ ᠰᠣᠯᠢᠯᠴᠠᠨ ᠨᠡᠪᠲᠡᠷᠡᠯᠴᠡᠵᠦ᠂ ᠲᠤᠬᠠᠶᠢᠯᠠᠭᠰᠠᠨ | ᠠᠵᠢᠯ ᠤᠨ ᠠᠵᠢᠯᠯᠠᠭᠠᠨ ᠢ ᠵᠢᠷᠤᠮᠵᠢᠭᠤᠯᠵᠤ᠂ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ | ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠬᠤ ᠬᠡᠷᠡᠭᠲᠡᠢ᠃ | ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠨ᠎ᠠ᠃ ᠥᠯᠥ ᠬᠥᠳᠡᠯᠬᠦ ᠬᠥᠷᠥᠩᠭᠡ ᠶᠢᠨ ᠴᠤᠩᠬᠤᠪᠴᠢ᠂ ᠰᠣᠨᠢᠨ | ᠮᠡᠳᠡᠭᠡᠨ ᠤ ᠵᠠᠭᠤᠴᠢᠯᠠᠭᠤᠷ ᠵᠡᠷᠭᠡ ᠣᠯᠠᠨ ᠠᠷᠭ᠎ᠠ ᠵᠠᠮ ᠢ ᠭᠦᠢᠴᠡᠳ ᠠᠰᠢᠭᠯᠠᠨ ︽ᠳᠠᠨᠵᠢᠯᠠᠭ᠎ᠠ ᠲᠠᠢ ᠡᠷᠦᠬᠡ | ᠰᠢᠯᠵᠢᠭᠦᠯᠬᠦ︾ ᠵᠠᠭᠪᠤᠷ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠦᠢᠯᠡᠴᠢᠯᠡᠭᠡᠨ ᠤ ᠵᠢᠯᠣᠭᠤᠳᠤᠮᠵᠢ ᠶᠢ | ᠰᠠᠶᠢᠲᠤᠷ ᠬᠢᠵᠦ᠂ ᠣᠯᠠᠨ ᠲᠦᠮᠡᠨ᠂ ᠵᠠᠭᠤᠴᠢ ᠪᠠᠶᠢᠭᠤᠯᠤᠮᠵᠢ ᠵᠡᠷᠭᠡ ᠳᠤ ︽ᠳᠠᠨᠵᠢᠯᠠᠭ᠎ᠠ ᠲᠠᠢ ᠡᠷᠦᠬᠡ ᠰᠢᠯᠵᠢᠭᠦᠯᠬᠦ︾ | ᠳᠠᠩᠰᠠᠯᠠᠯᠲᠠ ᠪᠠ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠮᠡᠳᠡᠭᠦᠯᠬᠦ ᠶᠢᠨ ᠬᠠᠮᠲᠤ | ᠭᠦᠢᠴᠡᠳ ᠣᠶᠢᠯᠠᠭᠠᠭᠤᠯᠬᠤ ᠬᠡᠷᠡᠭᠲᠡᠢ᠃ | ᠳᠠᠭᠠᠯᠳᠤᠭᠤᠯᠤᠯ᠄ 1. ᠲᠣᠭᠲᠠᠬᠤ ᠰᠢᠶᠠᠨ ᠤ ᠭᠠᠷ ᠳᠠᠮᠵᠢᠭᠰᠠᠨ ᠣᠷᠣᠨ ᠰᠠᠭᠤᠴᠠ ᠶᠢᠨ ︽ | ᠳᠠᠨᠵᠢᠯᠠᠭ᠎ᠠ ᠲᠠᠢ ᠡᠷᠦᠬᠡ ᠰᠢᠯᠵᠢᠭᠦᠯᠬᠦ︾ ᠵᠠᠭᠪᠤᠷ ᠤᠨ ᠠᠵᠢᠯᠯᠠᠭᠠᠨ ᠤ ᠵᠦᠭᠯᠡᠭᠦᠷ ︵ᠲᠤᠷᠰᠢᠨ ᠬᠡᠷᠡᠭᠵᠢᠭᠦᠯᠬᠦ︶ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ |