ᠣᠶᠢᠷ᠎ᠠ ᠳᠤ᠂ ᠳᠤᠮᠳᠠᠳᠤ ᠤᠯᠤᠰ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ | ᠪᠠᠷᠢᠮᠵᠢᠶᠠᠵᠢᠭᠤᠯᠤᠯᠲᠠ ᠶᠢᠨ ᠨᠡᠶᠢᠭᠡᠮᠯᠢᠭ᠂ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠢᠨᠵᠢᠯᠡᠭᠡ | ᠮᠡᠷᠭᠡᠵᠢᠯ ᠤᠨ ᠪᠦᠯᠦᠭᠯᠡᠯ ᠤᠨ ᠬᠤᠪᠢᠴᠠᠭᠠᠳᠤ ᠺᠤᠮᠫᠠᠨᠢ᠂ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ | ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ | ᠬᠤᠲᠠ ᠶᠢᠨ ᠲᠥᠯᠦᠪᠵᠢᠭᠦᠯᠭᠡ ᠵᠢᠷᠤᠭ ᠲᠥᠯᠥᠪᠯᠡᠭᠡ ᠶᠢᠨ ᠰᠤᠳᠤᠯᠭᠠᠨ ᠤ ᠬᠦᠷᠢᠶᠡᠯᠡᠩ ᠵᠡᠷᠭᠡ ᠨᠢᠭᠡᠴᠢ ᠬᠠᠮᠳᠤᠷᠠᠨ | ᠨᠠᠶᠢᠷᠠᠭᠤᠯᠤᠨ ᠵᠣᠬᠢᠶᠠᠭᠰᠠᠨ ︽ᠰᠠᠶᠢᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠮᠡᠷᠭᠡᠵᠢᠯ ᠤᠨ | ᠵᠢᠯᠤᠭᠤᠳᠤᠮᠵᠢ ︵ᠲᠤᠷᠰᠢᠨ ᠬᠡᠷᠡᠭᠵᠢᠭᠦᠯᠬᠦ︶︾ ︽ᠰᠠᠶᠢᠨ ᠤᠷᠤᠨ ᠰᠠᠭᠤᠴᠠ ᠶᠢᠨ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢᠨ ᠮᠡᠷᠭᠡᠵᠢᠯ ᠤᠨ ᠵᠢᠯᠤᠭᠤᠳᠤᠮᠵᠢ ︵ᠲᠤᠷᠰᠢᠨ ᠬᠡᠷᠡᠭᠵᠢᠭᠦᠯᠬᠦ︶︾ ︽ᠰᠠᠶᠢᠨ ᠨᠡᠶᠢᠭᠡᠮ | ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠮᠡᠷᠭᠡᠵᠢᠯ ᠤᠨ ᠵᠢᠯᠤᠭᠤᠳᠤᠮᠵᠢ ︵ᠲᠤᠷᠰᠢᠨ ᠬᠡᠷᠡᠭᠵᠢᠭᠦᠯᠬᠦ︶︾ ︽ | ᠰᠠᠶᠢᠨ ᠬᠤᠲᠠ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠮᠡᠷᠭᠡᠵᠢᠯ ᠤᠨ ᠵᠢᠯᠤᠭᠤᠳᠤᠮᠵᠢ ︵ᠲᠤᠷᠰᠢᠨ | ᠬᠡᠷᠡᠭᠵᠢᠭᠦᠯᠬᠦ︶︾ ᠵᠡᠷᠭᠡ ︽ᠳᠥᠷᠪᠡᠨ ᠰᠠᠶᠢᠨ︾ ᠪᠦᠲᠦᠭᠡᠨ ᠪᠠᠶᠢᠭᠤᠯᠤᠯᠲᠠ ᠶᠢᠨ ᠰᠢᠷᠢᠰ | ᠪᠠᠷᠢᠮᠵᠢᠶ᠎ᠠ ᠶᠢ ᠨᠡᠶᠢᠲᠡᠯᠡᠵᠦ ᠲᠤᠷᠰᠢᠨ ᠬᠡᠷᠡᠭᠵᠢᠭᠦᠯᠪᠡ᠃ ᠲᠣᠰ ᠪᠠᠷᠢᠮᠵᠢᠶ᠎ᠠ ᠨᠢ ᠪᠦᠷᠢᠨ ᠲᠡᠭᠦᠯᠳᠡᠷ ︽ᠳᠥᠷᠪᠡᠨ | ᠰᠠᠶᠢᠨ︾ ᠪᠦᠲᠦᠭᠡᠨ ᠪᠠᠶᠢᠭᠤᠯᠤᠯᠲᠠ ᠶᠢᠨ ᠮᠡᠷᠭᠡᠵᠢᠯ ᠤᠨ ᠰᠢᠰᠲ᠋ᠧᠮ ᠢ ᠪᠠᠶᠢᠭᠤᠯᠵᠤ᠂ ᠰᠠᠶᠢᠨ ᠭᠡᠷ ᠪᠠᠶᠢᠰᠢᠩ᠂ | ᠰᠠᠶᠢᠨ ᠤᠷᠤᠨ ᠰᠠᠭᠤᠴᠠ ᠶᠢᠨ ᠲᠣᠭᠤᠷᠢᠭ᠂ ᠰᠠᠶᠢᠨ ᠨᠡᠶᠢᠭᠡᠮ ᠲᠣᠭᠤᠷᠢᠭ᠂ ᠰᠠᠶᠢᠨ ᠬᠤᠲᠠ ᠶᠢᠨ ᠲᠣᠭᠤᠷᠢᠭ ᠤᠨ | ᠪᠦᠲᠦᠭᠡᠨ ᠪᠠᠶᠢᠭᠤᠯᠤᠯᠲᠠ ᠳᠤ ᠠᠰᠢᠭᠲᠠᠢ ᠯᠠᠪᠯᠠᠯᠲᠠ ᠪᠠ ᠮᠡᠷᠭᠡᠵᠢᠯ ᠤᠨ ᠵᠢᠯᠣᠭᠤᠳᠤᠯᠭ᠎ᠠ ᠬᠠᠩᠭᠠᠬᠤ ᠶᠢᠨ ᠲᠥᠯᠥᠭᠡ | ᠶᠤᠮ᠃ | ᠪᠠᠷᠢᠮᠵᠢᠶ᠎ᠠ ᠶᠢ ᠲᠣᠳᠣᠷᠬᠠᠢ ᠪᠣᠯᠭᠠᠵᠤ᠂ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ︽ᠳᠥᠷᠪᠡᠨ ᠰᠠᠶᠢᠨ︾ ᠪᠦᠲᠦᠭᠡᠨ ᠪᠠᠶᠢᠭᠤᠯᠤᠯᠲᠠ ᠶᠢᠨ ᠰᠢᠷᠢᠰ ᠪᠠᠷᠢᠮᠵᠢᠶ᠎ᠠ ᠶᠢ ᠰᠠᠶᠢᠨ ᠭᠡᠷ | ᠪᠠᠶᠢᠰᠢᠩ᠂ ᠰᠠᠶᠢᠨ ᠤᠷᠤᠨ ᠰᠠᠭᠤᠴᠠ ᠶᠢᠨ ᠲᠣᠭᠤᠷᠢᠭ᠂ ᠰᠠᠶᠢᠨ ᠨᠡᠶᠢᠭᠡᠮ ᠲᠣᠭᠤᠷᠢᠭ᠂ ᠰᠠᠶᠢᠨ ᠬᠤᠲᠠ ᠶᠢᠨ | ᠲᠣᠭᠤᠷᠢᠭ ᠵᠡᠷᠭᠡ ᠳᠥᠷᠪᠡᠨ ᠲᠠᠯ᠎ᠠ ᠳᠤ ᠴᠢᠭᠯᠡᠭᠦᠯᠦᠨ᠂ ︽ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ᠂ ᠣᠶᠤᠨᠴᠢ᠂ ᠠᠮᠤᠷ ᠲᠦᠪᠰᠢᠨ︾ ᠵᠢᠴᠢ ︽ᠣᠷᠣᠰᠢᠨ ᠰᠠᠭᠤᠬᠤ ᠳᠤ ᠲᠣᠬᠢᠷᠠᠮᠵᠢᠲᠠᠢ᠂ | ᠤᠶᠠᠨ ᠬᠠᠳᠠᠨ᠂ ᠤᠶᠤᠨᠴᠢ᠂ ᠰᠤᠶᠤᠯ ᠢᠷᠭᠡᠨᠰᠢᠯ︾ ᠵᠡᠷᠭᠡ ᠲᠠᠯ᠎ᠠ ᠶᠢᠨ ᠲᠣᠭᠤᠷᠢᠨ ᠳᠤ᠂ ᠰᠡᠷᠡᠵᠦ ᠮᠡᠳᠡᠵᠦ | ᠪᠣᠯᠬᠤ᠂ ᠬᠡᠮᠵᠢᠶᠡᠵᠢᠭᠦᠯᠵᠦ ᠪᠣᠯᠬᠤ᠂ ᠬᠡᠷᠡᠭᠵᠢᠭᠦᠯᠵᠦ ᠪᠣᠯᠬᠤ ᠵᠠᠷᠴᠢᠮ ᠶᠣᠰᠣᠭᠠᠷ᠂ ᠨᠡᠶᠢᠲᠡ 18 ᠨᠢᠭᠡᠳᠦᠭᠡᠷ | ᠳᠡᠰ ᠤᠨ ᠭᠦᠢᠴᠡᠳᠬᠡᠯ ᠲᠤᠭ᠎ᠠ᠂ 56 ᠬᠤᠶᠠᠳᠤᠭᠠᠷ ᠳᠡᠰ ᠤᠨ ᠭᠦᠢᠴᠡᠳᠬᠡᠯ ᠲᠤᠭ᠎ᠠ ᠶᠢ ᠲᠥᠯᠥᠪᠯᠡᠵᠦ᠂ ︽ | ᠳᠥᠷᠪᠡᠨ ᠰᠠᠶᠢᠨ︾ ᠪᠦᠲᠦᠭᠡᠨ ᠪᠠᠶᠢᠭᠤᠯᠤᠯᠲᠠ ᠳᠤ ᠮᠡᠷᠭᠡᠵᠢᠯ ᠤᠨ ᠵᠢᠯᠤᠭᠤᠳᠤᠮᠵᠢ ᠪᠠ ᠮᠡᠷᠭᠡᠵᠢᠯ ᠤᠨ | ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ ᠡᠭᠦᠨ ᠳᠤ᠂ ᠰᠠᠶᠢᠨ ᠭᠡᠷ ᠪᠠᠶᠢᠰᠢᠩ ᠨᠢ ᠡᠷᠡᠭᠦᠯ ᠲᠠᠭᠠᠯᠠᠮᠵᠢᠲᠠᠢ᠂ | ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠣᠶᠤᠨᠴᠢ ᠪᠥᠭᠡᠳ ᠳᠥᠭᠦᠮ ᠳᠥᠲᠡ᠂ ᠠᠮᠤᠷ | ᠲᠦᠪᠰᠢᠨ ᠪᠥᠭᠡᠳ ᠳᠠᠭᠠᠭᠠᠮᠠᠭᠠᠢ᠂ ᠡᠶ᠎ᠡ ᠵᠣᠬᠢᠴᠠᠯ ᠲᠠᠢ ᠰᠠᠶᠢᠨ ᠰᠠᠶᠢᠬᠠᠨ ᠵᠡᠷᠭᠡ ᠳᠤ ᠠᠩᠬᠠᠷᠤᠯ ᠢᠶᠠᠨ | ᠲᠦᠪᠯᠡᠷᠡᠭᠦᠯᠦᠨ᠎ᠡ᠂ ᠣᠷᠣᠨ ᠰᠠᠭᠤᠴᠠ ᠶᠢᠨ ᠴᠢᠳᠠᠮᠵᠢ ᠶᠢ ᠲᠡᠭᠦᠯᠳᠡᠷᠵᠢᠭᠦᠯᠦᠨ᠂ ᠣᠷᠣᠨ ᠰᠠᠭᠤᠴᠠ ᠶᠢᠨ | ᠴᠢᠳᠠᠪᠬᠢ ᠶᠢ ᠰᠢᠯᠢᠳᠡᠭᠵᠢᠭᠦᠯᠵᠦ᠂ ᠣᠷᠣᠨ ᠰᠠᠭᠤᠴᠠ ᠶᠢᠨ ᠴᠢᠨᠠᠷ ᠴᠢᠨᠰᠠᠭ᠎ᠠ ᠶᠢ ᠪᠥᠬᠦ ᠲᠠᠯ᠎ᠠ ᠪᠠᠷ | ᠳᠡᠭᠡᠭᠰᠢᠯᠡᠭᠦᠯᠦᠨ᠎ᠡ᠃ ᠰᠠᠶᠢᠨ ᠰᠠᠭᠤᠭᠠᠯᠢ ᠠᠷᠠᠳ ᠤᠨ ᠲᠣᠭᠤᠷᠢᠭ ᠨᠢ ᠡᠷᠡᠭᠦᠯ ᠰᠠᠷᠠᠭᠤᠯ ᠣᠷᠣᠰᠢᠨ ᠰᠠᠭᠤᠬᠤ ᠳᠤ | ᠲᠠᠭᠠᠯᠠᠮᠵᠢᠲᠠᠢ᠂ ᠠᠮᠤᠷ ᠲᠦᠪᠰᠢᠨ ᠤᠶᠠᠨ ᠬᠠᠳᠠᠨ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ᠂ ᠤᠶᠤᠨᠴᠢ ᠳᠥᠭᠦᠮ ᠳᠥᠲᠡ᠂ ᠡᠶ᠎ᠡ ᠵᠣᠬᠢᠴᠠᠩᠭᠤᠢ ᠰᠠᠶᠢᠨ ᠰᠠᠶᠢᠬᠠᠨ ᠵᠡᠷᠭᠡ ᠲᠠᠯ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠨᠠᠰᠤᠨ ᠤ ᠨᠥᠬᠦᠷᠰᠡᠭ ᠵᠢᠷᠤᠭ ᠲᠥᠯᠥᠪᠯᠡᠭᠡ᠂ ᠭᠠᠮᠰᠢᠭ ᠢ ᠰᠡᠷᠭᠡᠶᠢᠯᠡᠵᠦ | ᠭᠠᠮᠰᠢᠭ ᠢ ᠪᠠᠭᠠᠰᠬᠠᠬᠤ ᠰᠢᠰᠲ᠋ᠧᠮᠴᠢᠯᠡᠭᠰᠡᠨ ᠵᠢᠷᠤᠭ ᠲᠥᠯᠥᠪᠯᠡᠭᠡ ᠶᠢ ᠴᠢᠬᠤᠯᠠᠴᠢᠯᠠᠵᠤ᠂ ᠨᠢᠭᠡ | ᠴᠣᠭᠴᠠᠵᠢᠭᠤᠯᠤᠭᠰᠠᠨ ᠣᠶᠤᠨᠴᠢ ᠦᠢᠯᠡᠴᠢᠯᠡᠭᠡᠨ ᠤ ᠲᠠᠪᠴᠠᠩ ᠢ ᠪᠠᠶᠢᠭᠤᠯᠬᠤ ᠶᠢ ᠴᠢᠬᠤᠯᠠᠴᠢᠯᠠᠨ᠎ᠠ᠃ ᠰᠠᠶᠢᠨ | ᠨᠡᠶᠢᠭᠡᠮ ᠲᠣᠭᠤᠷᠢᠭ᠂ ᠰᠠᠶᠢᠨ ᠬᠤᠲᠠ ᠲᠣᠭᠤᠷᠢᠭ ᠨᠢ ᠣᠷᠣᠰᠢᠨ ᠰᠠᠭᠤᠬᠤ ᠳᠤ ᠲᠣᠬᠢᠷᠠᠮᠵᠢᠲᠠᠢ᠂ ᠤᠶᠠᠨ ᠬᠠᠳᠠᠨ᠂ | ᠤᠶᠤᠨᠴᠢ᠂ ᠰᠣᠶᠣᠯ ᠢᠷᠭᠡᠨᠰᠢᠯ ᠵᠡᠷᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠮᠥᠨ ᠢᠶᠠᠷ ᠦᠨᠳᠦᠰᠦ | ᠪᠣᠯᠭᠠᠬᠤ᠂ ᠤᠶᠠᠨ ᠬᠠᠳᠠᠨ ᠤᠶᠤᠨᠴᠢ᠂ ᠨᠠᠷᠢᠯᠢᠭ ᠵᠠᠰᠠᠯᠲᠠ ᠶᠢᠨ ᠪᠦᠲᠦᠭᠡᠨ ᠪᠠᠶᠢᠭᠤᠯᠤᠯᠲᠠ ᠶᠢᠨ | ᠣᠶᠢᠯᠠᠭᠠᠭᠳᠠᠬᠤᠨ ᠢ ᠢᠯᠡᠷᠡᠭᠦᠯᠦᠨ᠎ᠡ᠃ | ᠪᠡᠶᠡᠴᠢᠯᠡᠨ ᠤᠶᠢᠯᠠᠭᠠᠯᠳᠠ ᠳᠤ ᠠᠩᠬᠠᠷᠤᠯ ᠢᠶᠠᠨ ᠲᠦᠪᠯᠡᠷᠡᠭᠦᠯᠵᠦ᠂ ᠰᠠᠭᠤᠭᠠᠯᠢ ᠠᠷᠠᠳ ᠤᠨ ᠠᠮᠢᠳᠤᠷᠠᠯ ᠤᠨ | ᠣᠷᠴᠢᠨ ᠨᠥᠬᠦᠴᠡᠯ ᠢ ᠰᠠᠶᠢᠵᠢᠷᠠᠭᠤᠯᠤᠨ᠎ᠠ᠃ ︽ᠲᠦᠷᠪᠡᠨ ᠰᠠᠶᠢᠨ︾ ᠪᠦᠲᠦᠭᠡᠨ ᠪᠠᠶᠢᠭᠤᠯᠤᠯᠲᠠ ᠶᠢᠨ ᠰᠢᠷᠢᠰ | ᠪᠠᠷᠢᠮᠵᠢᠶ᠎ᠠ ᠶᠢᠨ ᠭᠤᠣᠯ ᠪᠣᠯᠬᠤ ᠮᠡᠷᠭᠡᠵᠢᠯ ᠤᠨ ᠠᠭᠤᠯᠭ᠎ᠠ ᠪᠠ ᠭᠦᠢᠴᠡᠳᠭᠡᠯ ᠲᠤᠭ᠎ᠠ ᠶᠢᠨ ᠱᠠᠭᠠᠷᠳᠠᠯᠭ᠎ᠠ ᠨᠢ ᠠᠷᠠᠳ | ᠤᠯᠠᠨ ᠤ ᠪᠠᠴᠢᠮ ᠪᠡᠷᠬᠡ ᠵᠣᠪᠠᠵᠤ ᠬᠦᠰᠡᠵᠦ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ | ᠤᠯᠠᠨ ᠢ ᠨᠡᠩ ᠰᠠᠶᠢᠨ ᠣᠷᠣᠨ ᠰᠠᠭᠤᠴᠠ ᠳᠤ ᠰᠠᠭᠤᠯᠭᠠᠬᠤ ᠪᠠᠷ ᠬᠠᠷᠠᠯᠲᠠ ᠪᠣᠯᠭᠠᠵᠤ᠂ ᠠᠷᠠᠳ ᠤᠯᠠᠨ ᠢ ᠠᠮᠤᠷ | ᠲᠠᠶᠢᠪᠤᠩ ᠠᠮᠢᠳᠤᠷᠠᠭᠤᠯᠬᠤ ᠡᠨᠡ ᠬᠦ ᠰᠠᠭᠤᠷᠢ ᠴᠡᠭ ᠢ ᠪᠠᠲᠤ ᠴᠢᠩᠭ᠎ᠠ ᠠᠳᠬᠤᠬᠤ ᠬᠡᠷᠡᠭᠲᠡᠢ᠃ ᠪᠠᠷᠢᠯᠭ᠎ᠠ ᠶᠢᠨ ᠶᠠᠰᠤ | ᠴᠢᠨᠠᠷ ᠢᠶᠠᠷ ᠥᠨᠳᠥᠷ᠂ ᠤᠷᠤᠰᠢᠨ ᠰᠠᠭᠤᠬᠤ ᠤᠶᠢᠯᠠᠭᠠᠯᠳᠠ ᠬᠠᠨᠤᠮᠵᠢᠳᠠᠢ ᠰᠠᠶᠢᠨ ᠭᠡᠷ ᠪᠠᠶᠢᠰᠢᠩ ᠠᠴᠠ ᠰᠠᠭᠤᠷᠢ | ᠲᠥᠬᠦᠭᠡᠷᠦᠮᠵᠢ ᠲᠡᠭᠦᠯᠳᠡᠷᠵᠢᠭᠰᠡᠨ᠂ ᠠᠳᠠᠯ ᠠᠬᠤᠢ ᠶᠢᠨ ᠦᠢᠯᠡᠴᠢᠯᠡᠭᠡ ᠶᠢ ᠰᠢᠯᠢᠳᠡᠭᠵᠢᠭᠦᠯᠦᠭᠰᠡᠨ ᠰᠠᠶᠢᠨ ᠤᠷᠤᠨ | ᠰᠠᠭᠤᠴᠠ ᠶᠢᠨ ᠲᠣᠭᠤᠷᠢᠭ ᠬᠦᠷᠲᠡᠯ᠎ᠡ᠂ ᠲᠠᠬᠢᠭᠠᠳ ᠵᠠᠰᠠᠯᠲᠠ ᠶᠢᠨ ᠲᠦᠪᠰᠢᠨ ᠳᠡᠭᠡᠭᠰᠢᠯᠡᠭᠰᠡᠨ᠂ ᠰᠣᠶᠣᠯ ᠤᠨ | ᠠᠵᠢᠯᠯᠠᠭ᠎ᠠ ᠡᠯᠪᠡᠭᠵᠢᠭᠰᠡᠨ᠂ ᠦᠢᠯᠡᠴᠢᠯᠡᠭᠡᠨ ᠤ ᠰᠢᠰᠲ᠋ᠧᠮ ᠲᠡᠭᠦᠯᠳᠡᠷᠵᠢᠭᠰᠡᠨ ᠰᠠᠶᠢᠨ ᠨᠡᠶᠢᠭᠡᠮ ᠲᠣᠭᠤᠷᠢᠭ | ᠬᠦᠷᠲᠡᠯ᠎ᠡ᠂ ᠬᠠᠮᠤᠭ ᠰᠡᠭᠦᠯ ᠳᠤ ᠲᠥᠯᠦᠪᠵᠢᠭᠦᠯᠭᠡ ᠪᠠᠶᠢᠷᠢᠰᠢᠭᠤᠯᠤᠯᠳᠠ ᠵᠣᠬᠢᠰᠲᠠᠢ᠂ ᠤᠯᠠᠨ ᠨᠡᠶᠢᠲᠡ ᠶᠢᠨ | ᠦᠢᠯᠡᠴᠢᠯᠡᠭᠡ ᠪᠦᠷᠢᠨ ᠲᠡᠭᠦᠯᠳᠡᠷ ᠰᠠᠶᠢᠨ ᠬᠤᠳᠠ ᠶᠢᠨ ᠲᠣᠭᠤᠷᠢᠭ ᠢ ᠪᠦᠳᠦᠭᠡᠨ ᠪᠠᠶᠢᠭᠤᠯᠤᠨ᠎ᠠ᠃ ︽ᠳᠥᠷᠪᠡᠨ | ᠰᠠᠶᠢᠨ︾ ᠪᠦᠳᠦᠭᠡᠨ ᠪᠠᠶᠢᠭᠤᠯᠤᠯᠲᠠ ᠶᠢᠨ ᠰᠢᠷᠢᠰ ᠪᠠᠷᠢᠮᠵᠢᠶ᠎ᠠ ᠨᠢ ᠬᠠᠲᠠᠭᠤ ᠲᠤᠨᠤᠭ ᠤᠨ ᠲᠥᠬᠦᠭᠡᠷᠦᠮᠵᠢ ᠶᠢ | ᠲᠡᠭᠦᠯᠳᠡᠷᠵᠢᠭᠦᠯᠬᠦ᠂ ᠢᠵᠢ ᠪᠦᠷᠢᠳᠦᠭᠦᠯᠬᠦ ᠦᠢᠯᠡᠴᠢᠯᠡᠭᠡ ᠬᠠᠩᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ | ᠰᠠᠭᠤᠭᠠᠯᠢ ᠠᠷᠠᠳ ᠤᠨ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠪᠠᠷ ᠬᠦᠴᠦᠯᠡᠨ ᠴᠢᠷᠮᠠᠶᠢᠬᠤ ᠪᠠᠷ ᠪᠠᠷᠠᠬᠤ | ᠦᠭᠡᠢ ᠬᠥᠷᠰᠢ ᠵᠡᠷᠭᠡᠯᠡᠳᠡᠭᠡ ᠶᠢᠨ ᠡᠶ᠎ᠡ ᠨᠠᠶᠢᠷᠲᠠᠢ ᠬᠠᠷᠢᠴᠠᠭ᠎ᠠ ᠶᠢ ᠪᠠᠶᠢᠭᠤᠯᠬᠤ᠂ ᠣᠨᠴᠠᠭᠠᠶ ᠬᠥᠮᠥᠰ ᠢ ᠬᠠᠯᠠᠮᠵᠢᠯᠠᠨ | ᠳᠡᠮᠵᠢᠬᠦ᠂ ᠨᠡᠶᠢᠭᠡᠮ ᠲᠣᠭᠤᠷᠢᠭ ᠤᠨ ᠬᠠᠯᠠᠭᠤᠨ ᠲᠤᠳᠤᠨᠤᠰᠤᠭ ᠣᠷᠴᠢᠨ ᠨᠥᠬᠦᠴᠡᠯ ᠢ ᠪᠣᠶ ᠪᠣᠯᠭᠠᠬᠤ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ ᠰᠠᠭᠤᠭᠠᠯᠢ ᠠᠷᠠᠳ ᠤᠨ ᠬᠠᠷᠢᠶᠠᠯᠠᠭᠳᠠᠬᠤ ᠰᠡᠳᠬᠢᠯᠭᠡ ᠪᠠ ᠮᠡᠳᠡᠷᠡᠬᠦ ᠰᠡᠳᠬᠢᠯᠭᠡ ᠶᠢ | ᠨᠡᠮᠡᠭᠳᠡᠭᠦᠯᠦᠨ᠎ᠡ᠃ | ᠴᠢᠭᠯᠡᠯ ᠢ ᠬᠥᠲᠥᠯᠥᠨ ᠳᠠᠭᠠᠭᠤᠯᠵᠤ᠂ ᠠᠵᠢᠯ ᠲᠥᠷᠥᠯ ᠤᠨ ᠢᠷᠡᠭᠡᠳᠦᠢ ᠶᠢᠨ ᠬᠥᠭᠵᠢᠯᠲᠡ ᠶᠢ ᠵᠢᠯᠣᠭᠤᠳᠤᠨ᠎ᠠ | ᠃ ︽ᠲᠦᠷᠪᠡᠨ ᠰᠠᠶᠢᠨ︾ ᠪᠦᠳᠦᠭᠡᠨ ᠪᠠᠶᠢᠭᠤᠯᠤᠯᠲᠠ ᠶᠢᠨ ᠰᠢᠷᠢᠰ ᠪᠠᠷᠢᠮᠵᠢᠶ᠎ᠠ ᠶᠢ ᠨᠡᠶᠢᠲᠡᠯᠡᠭᠰᠡᠨ ᠨᠢ ᠭᠡᠷ ᠪᠠᠶᠢᠰᠢᠩ | ᠭᠠᠵᠠᠷ ᠬᠥᠷᠥᠩᠭᠡ ᠶᠢᠨ ᠠᠵᠢᠯ ᠲᠦᠷᠦᠯ ᠤᠨ ᠬᠡᠯᠪᠡᠷᠢ ᠬᠤᠪᠢᠷᠠᠭᠤᠯᠤᠨ ᠲᠡᠰ ᠳᠡᠪᠰᠢᠬᠦ ᠳᠤ ᠠᠰᠢᠭᠲᠠᠢ ᠶᠤᠮ᠃ | ᠨᠢᠭᠡ ᠳᠤ᠂ ᠭᠡᠷ ᠪᠠᠶᠢᠰᠢᠩ ᠤᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠤᠨ᠎ᠠ᠃ ︽ᠳᠥᠷᠪᠡᠨ ᠰᠠᠶᠢᠨ︾ ᠤ | ᠪᠦᠲᠦᠭᠡᠨ ᠪᠠᠶᠢᠭᠤᠯᠤᠯᠲᠠ ᠶᠢᠨ ᠰᠢᠷᠢᠰ ᠪᠠᠷᠢᠮᠵᠢᠶ᠎ᠠ ᠶᠢ ᠪᠠᠷᠢᠯᠭ᠎ᠠ ᠶᠢᠨ ᠲᠠᠪᠬᠤᠷᠯᠢᠭ ᠥᠨᠳᠥᠷ᠂ ᠴᠠᠬᠢᠯᠭᠠᠨ ᠱᠠᠲᠤ᠂ | ᠳᠠᠭᠤ ᠬᠥᠨᠳᠡᠶᠢᠷᠡᠭᠦᠯᠬᠦ᠂ ᠪᠣᠬᠢᠷᠲᠤᠯ ᠦᠭᠡᠢ᠂ ᠣᠶᠤᠨᠴᠢ᠂ ᠬᠠᠷᠰᠢ ᠰᠠᠭᠠᠳ ᠦᠭᠡᠢ ᠵᠡᠷᠭᠡ ᠲᠠᠯ᠎ᠠ ᠠᠴᠠ ᠭᠠᠷᠳᠠᠵᠤ | ᠂ ᠪᠠᠷᠢᠯᠭ᠎ᠠ ᠶᠢᠨ ᠪᠠᠷᠢᠮᠵᠢᠶ᠎ᠠ ᠳᠤ ᠨᠡᠩ ᠥᠨᠳᠥᠷ ᠱᠠᠭᠠᠷᠳᠠᠯᠭ᠎ᠠ ᠳᠤᠷᠠᠳᠴᠤ᠂ ᠪᠠᠷᠢᠯᠭ᠎ᠠ ᠶᠢᠨ ᠠᠵᠤ ᠠᠬᠤᠶᠢᠯᠠᠯ ᠢ | ᠬᠥᠲᠥᠯᠥᠨ ᠵᠢᠯᠤᠭᠤᠳᠴᠤ ᠪᠠᠶᠢᠭᠠᠳ ᠰᠢᠨ᠎ᠡ ᠮᠡᠷᠭᠡᠵᠢᠯ᠂ ᠰᠢᠨ᠎ᠡ ᠤᠷᠠᠯᠠᠯ ᠢ ᠲᠠᠰᠤᠷᠠᠯᠳᠠ ᠦᠭᠡᠢ ᠬᠡᠷᠡᠭᠯᠡᠬᠦ ᠪᠠᠷ | ᠳᠠᠮᠵᠢᠭᠤᠯᠤᠨ᠂ ᠪᠠᠷᠢᠯᠭ᠎ᠠ ᠶᠢᠨ ᠥᠪᠡᠷ ᠤᠨ ᠦᠷᠳᠡᠭ ᠢ ᠪᠠᠭᠤᠷᠠᠭᠤᠯᠵᠤ᠂ ᠪᠠᠷᠢᠯᠭ᠎ᠠ ᠶᠢᠨ ᠦᠷ᠎ᠡ ᠪᠦᠲᠦᠮᠵᠢ ᠪᠠ | ᠶᠠᠰᠤ ᠴᠢᠨᠠᠷ ᠢ ᠳᠡᠭᠡᠭᠰᠢᠯᠡᠭᠦᠯᠦᠨ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠴᠢᠩᠭᠠᠷᠠᠭᠤᠯᠵᠤ ᠴᠢᠳᠠᠬᠤ ᠪᠠᠷ | ᠪᠠᠷᠠᠬᠤ ᠦᠭᠡᠢ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠠᠮᠢ | ᠠᠬᠤᠢ ᠶᠢᠨ ᠣᠷᠴᠢᠨ ᠨᠥᠬᠦᠴᠡᠯ ᠢ ᠬᠠᠮᠠᠭᠠᠯᠠᠬᠤ ᠵᠡᠷᠭᠡ ᠲᠠᠯ᠎ᠠ ᠶᠢᠨ ᠠᠵᠢᠯ ᠢ ᠨᠡᠩ ᠢᠯᠡᠭᠦᠦ ᠴᠢᠬᠤᠯᠠᠴᠢᠯᠠᠵᠦ᠂ | ᠡᠨᠧᠷᠭᠢ ᠶᠢᠨ ᠰᠤᠷᠪᠤᠯᠵᠢ ᠶᠢᠨ ᠬᠤᠷᠣᠭᠳᠠᠯ ᠪᠠ ᠣᠷᠴᠢᠨ ᠠᠬᠤᠢ ᠶᠢᠨ ᠪᠣᠬᠢᠷᠲᠤᠯ ᠢ ᠪᠠᠭᠤᠷᠠᠭᠤᠯᠵᠤ᠂ | ᠪᠠᠷᠢᠯᠭ᠎ᠠ ᠶᠢᠨ ᠬᠡᠷᠡᠭᠯᠡᠭᠡᠨ ᠤ ᠠᠮᠢ ᠨᠠᠰᠤ ᠪᠠ ᠣᠷᠣᠨ ᠰᠠᠭᠤᠴᠠ ᠶᠢᠨ ᠲᠠᠭᠠᠯᠠᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠦ | ᠴᠢᠳᠠᠨ᠎ᠠ᠃ ᠬᠤᠶᠠᠷ ᠲᠤ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ ᠶᠢ ᠠᠬᠢᠭᠤᠯᠤᠨ᠎ᠠ᠃ ︽ᠳᠥᠷᠪᠡᠨ | ᠰᠠᠶᠢᠨ︾ ᠪᠦᠳᠦᠭᠡᠨ ᠪᠠᠶᠢᠭᠤᠯᠤᠯᠲᠠ ᠶᠢᠨ ᠰᠢᠷᠢᠰ ᠪᠠᠷᠢᠮᠵᠢᠶ᠎ᠠ ᠨᠢ ᠤᠷᠤᠨ ᠰᠠᠭᠤᠴᠠ ᠶᠢᠨ ᠲᠣᠭᠤᠷᠢᠭ ᠪᠠ ᠨᠡᠶᠢᠭᠡᠮ | ᠲᠣᠭᠤᠷᠢᠭ ᠤᠨ ᠦᠢᠯᠡᠴᠢᠯᠡᠭᠡᠨ ᠤ ᠬᠢᠷᠢ ᠲᠦᠪᠰᠢᠨ ᠪᠠ ᠬᠠᠮᠢᠶᠠᠷᠤᠯᠲᠠ᠂ ᠵᠠᠰᠠᠯᠲᠠ ᠶᠢᠨ ᠴᠢᠳᠠᠪᠤᠷᠢ ᠳᠤ ᠨᠠᠩ | ᠥᠨᠳᠥᠷ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠵᠠᠬ᠎ᠠ ᠳᠡᠯᠭᠡᠭᠦᠷ ᠤᠨ ᠬᠥᠭᠵᠢᠯᠲᠡ ᠶᠢᠨ ᠬᠠᠨᠳᠤᠰᠢ ᠳᠤ | ᠵᠣᠬᠢᠴᠠᠭᠤᠯᠬᠤ ᠶᠢᠨ ᠲᠥᠯᠥᠭᠡ᠂ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠳ ᠢᠵᠢ | ᠪᠦᠷᠢᠳᠦᠭᠦᠯᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠠᠳᠠᠯ ᠠᠬᠤᠢ ᠶᠢᠨ ᠦᠢᠯᠡᠴᠢᠯᠡᠭᠡᠨ ᠤ ᠶᠠᠰᠤ | ᠴᠢᠨᠠᠷ ᠢ ᠨᠠᠩ ᠢᠯᠡᠭᠦᠦ ᠴᠢᠬᠤᠯᠠᠴᠢᠯᠠᠵᠤ᠂ ᠭᠡᠷ ᠪᠠᠶᠢᠰᠢᠩ ᠤᠨ ᠰᠡᠭᠦᠯᠴᠢ ᠶᠢᠨ ᠬᠤᠭᠤᠴᠠᠭᠠᠨ ᠤ ᠡᠵᠡᠩᠨᠡᠯᠲᠡ | ᠬᠠᠮᠢᠶᠠᠷᠤᠯᠲᠠ ᠶᠢ ᠴᠢᠬᠤᠯᠠᠴᠢᠯᠠᠨ᠎ᠠ᠃ ᠡᠨᠡ ᠬᠦ ᠦᠵᠡᠯᠲᠡ ᠶᠢᠨ ᠬᠤᠪᠢᠷᠠᠯᠲᠠ ᠨᠢ ᠭᠡᠷ ᠪᠠᠶᠢᠰᠢᠩ ᠭᠠᠵᠠᠷ | ᠬᠥᠷᠥᠩᠭᠡ ᠶᠢᠨ ᠠᠵᠢᠯ ᠲᠥᠷᠥᠯ ᠤᠨ ᠬᠥᠭᠵᠢᠯᠲᠡ ᠶᠢᠨ ᠭᠤᠣᠯᠳᠠᠯᠭ᠎ᠠ ᠶᠢ ᠨᠡᠭᠡᠭᠡᠨ ᠬᠥᠭᠵᠢᠭᠦᠯᠵᠦ ᠪᠦᠲᠦᠭᠡᠨ | ᠪᠠᠶᠢᠭᠤᠯᠬᠤ ᠠᠴᠠ ᠦᠢᠯᠡᠴᠢᠯᠡᠭᠡ ᠬᠠᠩᠭᠠᠬᠤ ᠳᠠᠰᠢ ᠰᠢᠯᠵᠢᠭᠦᠯᠬᠦ ᠶᠢ ᠲᠦᠯᠬᠢᠨ ᠠᠬᠢᠭᠤᠯᠵᠤ᠂ ᠠᠵᠢᠯ ᠲᠥᠷᠥᠯ ᠤᠨ | ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠨᠡᠮᠡᠷᠢᠯᠡᠬᠦ ᠪᠣᠯᠣᠨ᠎ᠠ᠃ | ︽ᠳᠥᠷᠪᠡᠨ ᠰᠠᠶᠢᠨ︾ ᠪᠦᠲᠦᠭᠡᠨ ᠪᠠᠶᠢᠭᠤᠯᠤᠯᠲᠠ ᠶᠢᠨ ᠰᠢᠷᠢᠰ ᠪᠠᠷᠢᠮᠵᠢᠶ᠎ᠠ ᠨᠢ ᠪᠠᠷᠢᠯᠭ᠎ᠠ ᠶᠢᠨ ᠠᠮᠤᠷ | ᠲᠦᠪᠰᠢᠨ ᠪᠠ ᠶᠠᠰᠤ ᠴᠢᠨᠠᠷ ᠤᠨ ᠪᠠᠷᠢᠮᠵᠢᠶ᠎ᠠ ᠶᠢ ᠪᠠᠲᠤ ᠰᠠᠬᠢᠵᠤ᠂ ᠬᠤᠲᠠ ᠶᠢᠨ ᠬᠥᠭᠵᠢᠯᠲᠡ ᠶᠢᠨ ᠵᠢᠮ᠎ᠡ ᠶᠣᠰᠣ ᠶᠢ | ᠵᠢᠷᠤᠮᠯᠠᠨ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠨᠳᠤᠰᠢ ᠳᠤ ᠵᠣᠬᠢᠴᠠᠭᠤᠯᠵᠤ᠂ ᠤᠯᠠᠮᠵᠢᠯᠠᠯᠲᠤ ᠣᠷᠣᠨ | ᠰᠠᠭᠤᠴᠠ ᠶᠢ ᠨᠡᠭᠡᠭᠡᠨ ᠬᠥᠭᠵᠢᠭᠦᠯᠬᠦ᠂ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠬᠤᠲᠠ ᠶᠢᠨ | ᠲᠥᠯᠦᠪᠵᠢᠭᠦᠯᠭᠡ ᠶᠢᠨ ᠣᠨᠣᠯᠵᠢᠬᠤᠨ ᠪᠠ ᠬᠤᠲᠠ ᠶᠢᠨ ᠬᠥᠭᠵᠢᠯᠲᠡ ᠶᠢᠨ ᠵᠠᠭᠪᠤᠷ ᠢ ᠰᠢᠨᠡᠴᠢᠯᠡᠬᠦ ᠶᠢᠨ ᠰᠠᠭᠤᠷᠢᠨ | ᠳᠡᠭᠡᠷ᠎ᠡ ᠰᠠᠶᠢᠨ ᠰᠠᠶᠢᠬᠠᠨ ᠠᠮᠢᠳᠤᠷᠠᠯ ᠳᠤ ᠬᠠᠨᠳᠤᠭᠤᠯᠤᠭᠰᠠᠨ᠂ ᠣᠳᠣᠬᠢᠴᠢᠯᠠᠯᠲᠠ ᠳᠤ ᠬᠠᠨᠳᠤᠭᠤᠯᠤᠭᠰᠠᠨ᠂ | ᠢᠷᠡᠭᠡᠳᠦᠢ ᠳᠤ ᠬᠠᠨᠳᠤᠭᠤᠯᠤᠭᠰᠠᠨ ᠨᠢᠭᠡᠨ ᠢᠵᠢ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠵᠢᠷᠤᠵᠤ | ᠲᠥᠯᠥᠪᠯᠡᠨ ᠪᠦᠷᠢᠯᠳᠦᠭᠦᠯᠪᠡ᠃ ᠲᠠᠷᠠᠭᠠᠴᠢ ᠶᠢᠨ ᠠᠯᠬᠤᠮ ᠳᠤ᠂ ᠪᠠᠷᠢᠮᠵᠢᠶ᠎ᠠ ᠶᠢ ᠲᠤᠷᠰᠢᠨ ᠬᠡᠷᠡᠭᠵᠢᠭᠦᠯᠬᠦ | ᠦᠢᠯᠡᠳᠦᠯᠭᠡ ᠶᠢᠨ ᠲᠤᠷᠰᠢᠯᠭ᠎ᠠ ᠳᠤ ᠰᠠᠭᠤᠷᠢᠯᠠᠨ᠂ ︽ᠳᠥᠷᠪᠡᠨ ᠰᠠᠶᠢᠨ︾ ᠪᠦᠳᠦᠭᠡᠨ ᠪᠠᠶᠢᠭᠤᠯᠤᠯᠲᠠ ᠶᠢᠨ ᠰᠢᠷᠢᠰ | ᠪᠠᠷᠢᠮᠵᠢᠶ᠎ᠠ ᠶᠢᠨ ᠰᠢᠰᠲ᠋ᠧᠮᠵᠢ ᠶᠢ ᠤᠯᠠᠮ ᠨᠢᠭᠡ ᠠᠯᠬᠤᠮ ᠪᠠᠶᠢᠭᠤᠯᠤᠨ ᠲᠡᠭᠦᠯᠳᠡᠷᠵᠢᠭᠦᠯᠵᠦ᠂ ᠠᠷᠠᠳ ᠣᠯᠠᠨ ᠳᠤ | ᠨᠠᠩ ᠥᠨᠳᠥᠷ ᠶᠠᠰᠤ ᠴᠢᠨᠠᠷ ᠲᠠᠢ ᠠᠮᠢᠳᠤᠷᠠᠯ ᠤᠨ ᠣᠷᠣᠨ ᠪᠦᠰᠡ ᠬᠠᠩᠭᠠᠬᠤ ᠶᠢ ᠲᠦᠯᠬᠢᠨ ᠠᠬᠢᠭᠤᠯᠬᠤ ᠪᠤᠯᠤᠨ᠎ᠠ᠃ | | ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ |