ᠪᠦᠬᠦ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/12/18
      12 ᠳ᠋ᠤᠭᠠᠷ ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠥᠬᠦ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠵᠤ᠂ 2024 ᠣᠨ ᠤ ᠪᠥᠬᠦ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠶᠢᠳᠠᠯ ᠢ ᠵᠠᠷᠯᠠᠨ ᠮᠡᠳᠡᠭᠳᠡᠵᠦ᠂ 2025 ᠣᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠪᠠᠶᠢᠷᠢᠯᠠᠭᠤᠯᠤᠨ ᠲᠤᠬᠢᠷᠠᠭᠤᠯᠵᠠᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃      ᠸᠠᠩ ᠯᠢ ᠰᠢᠶᠠ᠂ ᠡᠯ᠎ᠡ ᠱᠠᠲᠤᠨ ᠤ ᠵᠠᠰᠠᠭ ᠤᠨ ᠣᠷᠳᠣᠨ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠶᠢ ᠡᠵᠡᠮᠳᠡᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠲᠤᠪᠤᠶᠢᠯᠭᠠᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠦᠪᠰᠢᠨ ᠢ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ᠃ ︽ᠬᠠᠤᠯᠢ ᠪᠠᠷ ᠵᠠᠰᠠᠬᠤ ᠪᠣᠯ ᠬᠠᠮᠤᠭ ᠤᠨ ᠰᠠᠶᠢᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠮᠥᠨ︾ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠠᠵᠤ ᠠᠬᠤᠶᠢᠯᠠᠯ ᠪᠣᠯᠣᠨ ᠠᠵᠤ ᠠᠬᠤᠶᠢᠯᠠᠯᠲᠠᠨ ᠢ ᠰᠠᠨᠠᠭ᠎ᠠ ᠠᠮᠤᠷ ᠡᠵᠡᠩᠨᠡᠭᠦᠯᠵᠦ᠂ ᠰᠠᠨᠠᠭ᠎ᠠ ᠠᠮᠤᠷ ᠬᠥᠭᠵᠢᠭᠦᠯᠬᠦ ᠬᠡᠷᠡᠭᠲᠡᠢ᠃ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ᠂ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠵᠡᠷᠭᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠩ ᠤᠯᠠᠨ ᠬᠡᠷᠡᠭᠯᠡᠬᠦ ᠳᠤ ᠲᠣᠬᠢᠷᠠᠮᠵᠢᠲᠠᠢ᠂ ᠬᠡᠷᠡᠭᠴᠡᠭᠡ ᠲᠠᠢ ︽ᠵᠢᠵᠢᠭ ᠬᠡᠷᠴᠢᠭᠦᠷ᠂ ᠵᠢᠵᠢᠭ ᠲᠦᠷᠭᠡᠨ ᠬᠤᠷᠳᠤᠴᠠ︾ ᠶᠢᠨ ᠬᠠᠤᠯᠢ ᠲᠣᠭᠲᠠᠭᠠᠯᠲᠠ ᠶᠢ ᠭᠠᠷᠭᠠᠬᠤ ᠬᠡᠷᠡᠭᠲᠡᠢ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢᠨ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ︽ᠨᠢᠭᠡ ᠤᠳᠠᠭ᠎ᠠ ᠶᠡᠷᠦᠩᠬᠡᠶᠢᠯᠡᠨ ᠪᠠᠶᠢᠴᠠᠭᠠᠬᠤ︾ ᠬᠠᠮᠲᠤᠷᠠᠨ ᠬᠠᠤᠯᠢ ᠬᠡᠷᠡᠭᠵᠢᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠦᠯᠲᠡ ᠶᠢ ᠡᠷᠴᠢᠮ ᠲᠠᠢ᠂ ᠳᠤᠯᠠᠭᠠᠴᠠ ᠲᠠᠢ᠂ ᠨᠡᠩ ᠣᠨᠣᠪᠴᠢ ᠶᠢᠨ ᠬᠡᠮᠵᠢᠶ᠎ᠡ ᠲᠠᠢ ᠪᠣᠯᠭᠠᠬᠤ ᠬᠡᠷᠡᠭᠲᠡᠢ᠃ ᠨᠡᠶᠢᠭᠡᠮ ᠤᠨ ᠵᠠᠰᠠᠯᠲᠠ ᠶᠢᠨ ᠬᠠᠤᠯᠢᠵᠢᠯ ᠤᠨ ᠲᠦᠪᠰᠢᠨ ᠢ ᠳᠡᠭᠡᠭᠰᠢᠯᠡᠭᠦᠯᠵᠦ᠂ ᠵᠥᠷᠢᠴᠡᠯ ᠵᠠᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠶᠢ ᠪᠠᠶᠢᠩᠭᠤᠵᠢᠭᠤᠯᠤᠨ ᠰᠠᠶᠢᠲᠤᠷ ᠠᠳᠬᠤᠵᠤ᠂ ᠭᠡᠨᠡᠳᠲᠡ ᠶᠢᠨ ᠬᠡᠷᠡᠭ ᠢ ᠠᠷᠭᠠᠴᠠᠬᠤ ᠰᠢᠰᠲ᠋ᠧᠮ ᠢ ᠪᠦᠷᠢᠨᠰᠢᠭᠦᠯᠵᠦ᠂ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠳᠦᠷᠢᠮ᠂ ᠵᠥᠷᠢᠴᠡᠯ ᠵᠠᠭᠤᠷᠠᠯᠳᠤᠭᠠᠨ ᠢ ᠴᠠᠭ ᠲᠤᠬᠠᠢ ᠳᠤᠨᠢ ᠦᠨᠳᠦᠰᠦᠨ ᠱᠠᠲᠤᠨ ᠳᠤ ᠪᠠ ᠰᠣᠶᠣᠭᠠᠯᠠᠯ ᠤᠨ ᠪᠠᠶᠢᠳᠠᠯ ᠳᠤᠨᠢ ᠰᠢᠢᠳᠪᠦᠷᠢᠯᠡᠬᠦ ᠬᠡᠷᠡᠭᠲᠡᠢ᠃ ᠣᠯᠠᠨ ᠨᠡᠶᠢᠲᠡ ᠪᠠᠷ ᠢᠶᠠᠨ ᠣᠷᠣᠯᠴᠠᠬᠤ᠂ ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠬᠤ ᠵᠡᠷᠭᠡ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠬᠠᠤᠯᠢ ᠪᠠᠷ ᠲᠣᠭᠲᠠᠭᠠᠭᠰᠠᠨ ᠲᠠᠰ ᠳᠠᠷᠠᠭᠠᠯᠠᠯ ᠢ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ ᠶᠣᠰᠣᠭᠠᠷ ᠬᠢᠨᠠᠯᠲᠠ ᠲᠠᠯᠪᠢᠬᠤ ᠶᠢ ᠬᠦᠯᠢᠶᠡᠵᠦ᠂ ᠢᠯᠡ ᠲᠣᠳᠣ ᠪᠠᠶᠢᠯᠭᠠᠬᠤ ᠶᠢ ᠪᠡᠶᠡᠯᠡᠭᠦᠯᠬᠦ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷ ᠲᠦᠷᠦᠭᠦᠯᠡᠨ ᠬᠠᠤᠯᠢ ᠪᠠᠷ ᠵᠠᠰᠠᠬᠤ ᠶᠢ ᠡᠷᠬᠢᠮᠯᠡᠵᠦ᠂ ᠬᠠᠤᠯᠢ ᠴᠠᠭᠠᠵᠠ ᠠᠴᠠ ᠵᠢᠷᠦᠬᠡᠰᠢᠶᠡᠵᠦ᠂ ᠢᠲᠡᠭᠡᠯ ᠲᠠᠢ ᠠᠮᠠᠯᠠᠯᠲᠠ ᠪᠠᠨ ᠭᠦᠢᠴᠡᠳᠬᠡᠵᠦ᠂ ᠥᠨᠳᠥᠷ ᠲᠦᠪᠰᠢᠨ ᠪᠦᠬᠦᠢ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠨᠢ ᠸᠢᠳᠢᠤ᠋ ᠶᠢᠨ ᠬᠡᠯᠪᠡᠷᠢ ᠪᠠᠷ ᠬᠤᠷᠠᠯᠳᠤᠵᠤ᠂ ᠵᠧᠩ ᠭᠤᠸᠠᠩ ᠵᠤᠤ ᠬᠤᠷᠠᠯ ᠢ ᠡᠷᠭᠢᠯᠡᠵᠦ᠂ ᠶᠠᠩ ᠵᠢᠶᠧ ᠬᠤᠷᠠᠯ ᠳᠤ ᠣᠷᠣᠯᠴᠠᠵᠤ᠂ ᠬᠡᠰᠡᠭ ᠠᠶᠢᠮᠠᠭ ᠬᠤᠲᠠ ᠪᠣᠯᠣᠨ ᠰᠠᠯᠠᠭ᠎ᠠ ᠮᠥᠴᠢᠷ ᠤᠨ ᠬᠢᠨ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1