ᠳᠤᠮᠳᠠᠳᠤ ᠪᠠᠭ᠎ᠠ ᠰᠤᠷᠭᠠᠭᠤᠯᠢ ᠶᠢᠨ ᠠᠩᠭᠢ ᠶᠢᠨ ᠡᠷᠬᠢᠯᠡᠭᠴᠢ ᠶᠢᠨ ᠠᠩᠭᠢ ᠳᠠᠭᠠᠭᠤᠯᠤᠨ ᠬᠥᠮᠥᠨ | ᠬᠥᠮᠥᠵᠢᠭᠦᠯᠬᠦ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠤᠰᠬᠠᠢ ᠮᠡᠷᠭᠡᠵᠢᠯ ᠤᠨ ᠴᠢᠳᠠᠪᠤᠷᠢ ᠶᠢ | ᠨᠢ ᠪᠠᠲᠤᠳᠬᠠᠬᠤ ᠶᠢᠨ ᠲᠥᠯᠥᠭᠡ᠂ ᠣᠶᠢᠷ᠎ᠠ ᠳᠤ᠂ ᠲᠣᠭᠲᠠᠬᠤ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ | ᠬᠤᠶᠠᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠠᠩᠭᠢ ᠶᠢᠨ ᠡᠷᠬᠢᠯᠡᠭᠴᠢ ᠶᠢᠨ ᠤᠷ᠎ᠠ | ᠴᠢᠳᠠᠪᠤᠷᠢ ᠶᠢᠨ ᠤᠷᠤᠯᠳᠤᠭᠠᠨ ᠢ ᠡᠷᠭᠢᠯᠡᠵᠦ᠂ ᠪᠥᠬᠦ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠶᠢᠨ 26 ᠰᠢᠯᠢᠳᠡᠭ | ᠠᠩᠭᠢ ᠶᠢᠨ ᠡᠷᠬᠢᠯᠡᠭᠴᠢ ᠤᠷᠤᠯᠳᠤᠭᠠᠨ ᠳᠤ ᠣᠷᠣᠯᠴᠠᠵᠠᠢ᠃ | ᠲᠣᠰ ᠤᠳᠠᠭᠠᠨ ᠤ ᠤᠷᠤᠯᠳᠤᠭᠠᠨ ᠢ ︽ᠠᠩᠭᠢ ᠳᠠᠭᠠᠭᠤᠯᠤᠨ ᠬᠥᠮᠥᠨ ᠬᠥᠮᠥᠵᠢᠭᠦᠯᠬᠦ ᠠᠷᠭ᠎ᠠ | ᠪᠣᠳᠣᠯᠭ᠎ᠠ ᠶᠢᠨ ᠲᠣᠳᠣᠷᠬᠠᠶᠢᠯᠠᠯᠲᠠ︾᠂ ︽ᠬᠥᠮᠥᠨ ᠬᠥᠮᠥᠵᠢᠭᠦᠯᠦᠭᠰᠡᠨ ᠥᠯᠢᠭᠡᠷ ᠢ ᠬᠤᠪᠢᠶᠠᠯᠴᠠᠨ ᠡᠳ᠋ᠯᠡᠬᠦ︾᠂ ︽ | ᠬᠡᠷᠡᠭ ᠤᠨ ᠵᠢᠱᠢᠶ᠎ᠡ ᠶᠢᠨ ᠵᠠᠳᠠᠯᠤᠯᠲᠠ︾᠂ ︽ᠤᠷ᠎ᠠ ᠴᠢᠳᠠᠪᠤᠷᠢ ᠶᠢᠨ ᠦᠵᠡᠭᠦᠯᠦᠯᠭᠡ︾ ᠵᠡᠷᠭᠡ ᠳᠥᠷᠪᠡᠨ | ᠭᠤᠭᠴᠤᠭ᠎ᠠ ᠬᠤᠪᠢᠶᠠᠨ ᠶᠠᠪᠤᠭᠳᠠᠭᠤᠯᠵᠠᠢ᠃ ᠠᠩᠭᠢ ᠳᠠᠭᠠᠭᠤᠯᠤᠨ ᠬᠥᠮᠥᠨ ᠬᠥᠮᠥᠵᠢᠭᠦᠯᠬᠦ ᠠᠷᠭ᠎ᠠ ᠪᠣᠳᠣᠯᠭ᠎ᠠ ᠶᠢ | ᠲᠣᠳᠣᠷᠬᠠᠶᠢᠯᠠᠨ ᠥᠭᠦᠯᠡᠬᠦ ᠳᠤ᠂ ᠠᠩᠭᠢ ᠶᠢᠨ ᠡᠷᠬᠢᠯᠡᠭᠴᠢ ᠨᠠᠷ ᠣᠨᠣᠯ ᠤᠨ ᠰᠠᠭᠤᠷᠢ ᠳᠤ ᠲᠦᠰᠢᠭᠯᠡᠨ᠂ ᠠᠵᠢᠯ ᠤᠨ | ᠲᠤᠷᠰᠢᠯᠭ᠎ᠠ ᠲᠠᠢ ᠪᠠᠨ ᠤᠶᠠᠯᠳᠤᠭᠤᠯᠵᠤ᠂ ᠥᠪᠡᠷ ᠤᠨ ᠬᠥᠮᠥᠨ ᠬᠥᠮᠥᠵᠢᠭᠦᠯᠬᠦ ᠠᠷᠭ᠎ᠠ ᠪᠠᠨ ᠬᠤᠪᠢᠶᠠᠯᠴᠠᠭᠰᠠᠨ | ᠪᠠᠶᠢᠨ᠎ᠠ᠃ ᠬᠥᠮᠥᠨ ᠢ ᠬᠥᠮᠥᠵᠢᠭᠦᠯᠦᠭᠰᠡᠨ ᠥᠯᠢᠭᠡᠷ ᠢ ᠬᠤᠪᠢᠶᠠᠯᠴᠠᠨ ᠡᠳ᠋ᠯᠡᠬᠦ ᠶᠠᠪᠤᠴᠠ ᠳᠤ᠂ ᠠᠩᠭᠢ ᠶᠢᠨ | ᠡᠷᠬᠢᠯᠡᠭᠴᠢ ᠨᠠᠷ ᠠᠩᠭᠢ ᠶᠢᠨ ᠬᠠᠮᠢᠶᠠᠷᠤᠯᠲᠠ ᠶᠢᠨ ᠳᠤᠮᠳᠠ ᠭᠠᠷᠤᠭᠰᠠᠨ ᠦᠨᠡᠨ ᠪᠣᠳᠠᠲᠠᠢ ᠬᠡᠷᠡᠭ ᠶᠠᠪᠤᠳᠠᠯ ᠢᠶᠠᠷ | ᠵᠢᠱᠢᠶ᠎ᠡ ᠪᠣᠯᠭᠠᠨ ᠲᠣᠭᠠᠴᠢᠨ ᠥᠭᠦᠯᠡᠵᠦ᠂ ᠰᠤᠷᠤᠭᠴᠢᠳ ᠢ ᠬᠠᠯᠠᠮᠵᠢᠯᠠᠨ ᠬᠠᠶᠢᠷᠠᠯᠠᠵᠤ ᠪᠠᠶᠢᠬᠤ ᠶᠢ ᠢᠯᠡᠷᠡᠭᠦᠯᠵᠦ᠂ | ᠪᠠᠭᠰᠢ ᠰᠤᠷᠤᠭᠴᠢᠳ ᠤᠨ ᠰᠡᠳᠬᠢᠯ ᠢ ᠬᠥᠳᠡᠯᠭᠡᠮ᠎ᠡ ᠦᠨᠡᠨ ᠰᠡᠳᠬᠢᠯ ᠤᠨ ᠨᠥᠬᠦᠷᠯᠡᠯ ᠢ ᠢᠯᠡᠷᠡᠭᠦᠯᠦᠭᠰᠡᠨ ᠪᠠᠶᠢᠨ᠎ᠠ᠃ | ᠬᠡᠷᠡᠭ ᠤᠨ ᠵᠢᠱᠢᠶ᠎ᠡ ᠶᠢ ᠵᠠᠳᠠᠯᠬᠤ ᠭᠤᠭᠴᠤᠭ᠎ᠠ ᠳᠤ᠂ ᠠᠩᠭᠢ ᠶᠢᠨ ᠡᠷᠬᠢᠯᠡᠭᠴᠢ ᠨᠠᠷ ᠲᠣᠰ ᠪᠡᠶ᠎ᠡ ᠶᠢᠨ ᠯᠠᠪᠳᠠᠭᠤᠨ | ᠪᠠᠲᠤᠲᠠᠢ ᠦᠨᠳᠦᠰᠦᠨ ᠴᠢᠳᠠᠪᠤᠷᠢ ᠪᠠᠷ ᠢᠶᠠᠨ ᠡᠯ᠎ᠡ ᠲᠥᠷᠥᠯ ᠤᠨ ᠠᠩᠭᠢ ᠶᠢᠨ ᠬᠠᠮᠢᠶᠠᠷᠤᠯᠲᠠ ᠶᠢᠨ ᠠᠰᠠᠭᠤᠳᠠᠯ᠂ | ᠠᠮᠤᠷ ᠲᠦᠪᠰᠢᠨ ᠤ ᠠᠰᠠᠭᠤᠳᠠᠯ ᠳᠤ ᠴᠢᠭᠯᠡᠭᠦᠯᠦᠨ ᠭᠦᠨᠴᠡ ᠲᠠᠢ ᠨᠠᠷᠢᠨ ᠵᠦᠢᠯᠡᠰ ᠲᠠᠢ ᠯᠣᠭᠢᠭ ᠲᠠᠢ ᠬᠠᠷᠢᠭᠤᠯᠲᠠ | ᠥᠭᠴᠡᠢ᠃ ᠬᠠᠮᠤᠭ ᠰᠡᠭᠦᠯᠴᠢ ᠶᠢᠨ ᠤᠷ᠎ᠠ ᠴᠢᠳᠠᠪᠤᠷᠢ ᠶᠢᠨ ᠦᠵᠡᠭᠦᠯᠦᠯᠭᠡ ᠶᠢᠨ ᠭᠤᠭᠴᠤᠭ᠎ᠠ ᠨᠢ ᠤᠷᠤᠯᠳᠤᠭᠠᠨ ᠢ | ᠣᠷᠭᠢᠯ ᠳᠤᠨᠢ ᠬᠦᠷᠭᠡᠵᠦ᠂ ᠬᠢᠲᠠᠳ ᠵᠢᠷᠤᠭ᠂ ᠴᠠᠭᠠᠰᠤᠨ ᠬᠠᠶᠢᠴᠢᠯᠠᠮᠠᠯ᠂ ᠤᠷᠠᠨ ᠤᠩᠰᠢᠯᠭ᠎ᠠ᠂ ᠪᠥᠵᠢᠭ᠂ ᠳᠠᠭᠤᠤ | ᠵᠡᠷᠭᠡ ᠡᠯ᠎ᠡ ᠲᠥᠷᠥᠯ ᠤᠨ ᠤᠷ᠎ᠠ ᠴᠢᠳᠠᠪᠤᠷᠢ ᠶᠢᠨ ᠲᠣᠭᠯᠠᠯᠲᠠ ᠨᠢ ᠠᠩᠭᠢ ᠶᠢᠨ ᠡᠷᠬᠢᠯᠡᠭᠴᠢ ᠨᠠᠷ ᠤᠨ ᠪᠠᠶᠠᠯᠢᠭ | ᠪᠥᠭᠡᠳ ᠠᠭᠤᠯᠬᠤᠨ ᠲᠠᠢ ᠶᠡᠷᠦᠩᠬᠡᠶᠢᠯᠡᠭᠰᠡᠨ ᠴᠢᠳᠠᠪᠤᠷᠢ ᠶᠢ ᠬᠠᠷᠠᠭᠤᠯᠵᠠᠢ᠃ | ᠲᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠳᠤᠮᠳᠠᠳᠤ | ᠪᠠᠭ᠎ᠠ ᠰᠤᠷᠭᠠᠭᠤᠯᠢ ᠶᠢᠨ ᠠᠩᠭᠢ ᠶᠢᠨ ᠡᠷᠬᠢᠯᠡᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ | ᠠᠩᠭᠢ ᠶᠢᠨ ᠡᠷᠬᠢᠯᠡᠭᠴᠢ ᠶᠢᠨ ᠨᠠᠰᠤᠨ ᠳᠤ ᠥᠯᠥ ᠭᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ | ᠪᠠᠶᠢᠭᠤᠯᠤᠯᠲᠠ ᠳᠠᠬᠢ ᠴᠢᠬᠤᠯᠠ ᠦᠢᠯᠡᠳᠦᠯ ᠢ ᠦᠨᠡᠨ ᠬᠦ ᠰᠠᠶᠢᠲᠤᠷ ᠪᠠᠳᠠᠷᠠᠭᠤᠯᠵᠤ᠂ ︽ᠲᠠᠪᠤᠨ ᠬᠥᠮᠦᠵᠢᠯ ᠢ | ᠵᠡᠷᠭᠡ ᠪᠠᠷ ᠴᠢᠬᠤᠯᠠᠴᠢᠯᠠᠬᠤ︾ ᠠᠵᠢᠯ ᠢ ᠭᠦᠨᠵᠡᠭᠡᠢ ᠥᠷᠨᠢᠭᠦᠯᠵᠦ᠂ ᠶᠣᠰᠣ ᠮᠣᠷᠠᠯ ᠢ ᠪᠣᠶ ᠪᠣᠯᠭᠠᠵᠤ ᠬᠥᠮᠥᠨ ᠢ | ᠬᠥᠮᠥᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠤᠨ᠎ᠠ᠃ | ᠢᠷᠡᠯᠲᠡ᠄ ᠲᠣᠭᠲᠠᠬᠤ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ |