ᠬᠤᠲᠠ ᠶᠢᠨ ᠪᠣᠬᠢᠷ ᠦᠮᠡᠬᠡᠢ ᠤᠰᠤᠨ ᠴᠣᠭᠴᠠ ᠶᠢ ᠵᠠᠰᠠᠬᠤ ᠠᠵᠢᠯ ᠪᠤᠯ ᠠᠮᠢ ᠠᠬᠤᠢ ᠶᠢᠨ ᠪᠦᠲᠦᠭᠡᠨ | ᠪᠠᠶᠢᠭᠤᠯᠤᠯᠲᠠ᠂ ᠬᠤᠲᠠ ᠶᠢᠨ ᠬᠥᠭᠵᠢᠯᠲᠡ᠂ ᠠᠷᠠᠳ ᠤᠨ ᠠᠮᠢᠳᠤᠷᠠᠯ ᠤᠨ ᠠᠵᠠ ᠵᠢᠷᠭᠠᠯ ᠲᠠᠢ ᠬᠤᠯᠪᠣᠭᠳᠠᠨ᠎ᠠ᠃ | ᠬᠤᠲᠠ ᠶᠢᠨ ᠪᠣᠬᠢᠷ ᠦᠮᠡᠬᠡᠢ ᠤᠰᠤᠨ ᠴᠣᠭᠴᠠ ᠶᠢ ᠵᠠᠰᠠᠬᠤ ᠠᠵᠢᠯ ᠢ ᠤᠯᠠᠮ ᠨᠢᠭᠡ ᠠᠯᠬᠤᠮ ᠲᠦᠯᠬᠢᠨ | ᠠᠬᠢᠭᠤᠯᠬᠤ ᠶᠢᠨ ᠲᠥᠯᠥᠭᠡ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠶᠠᠮᠤᠨ ᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠵᠤᠷᠭᠠᠨ ᠣᠶᠢᠷ᠎ᠠ ᠳᠤ᠂ ᠹᠦᠵᠢᠶᠠᠨ ᠮᠤᠵᠢ ᠶᠢᠨ ᠰᠢᠶᠠᠮᠧᠨ | ᠬᠤᠲᠠ ᠳᠤ ᠬᠤᠲᠠ ᠶᠢᠨ ᠪᠣᠬᠢᠷ ᠦᠮᠡᠬᠡᠢ ᠤᠰᠤᠨ ᠴᠣᠭᠴᠠ ᠶᠢ ᠵᠠᠰᠠᠬᠤ ᠠᠵᠢᠯ ᠤᠨ ᠠᠬᠤᠢ ᠲᠠᠯᠠᠪᠠᠢ ᠶᠢᠨ ᠬᠤᠷᠠᠯ | ᠬᠤᠷᠠᠯᠳᠤᠭᠤᠯᠵᠤ᠂ ᠦᠵᠡᠯ ᠰᠠᠨᠠᠭ᠎ᠠ ᠪᠠᠨ ᠨᠢᠭᠡᠳᠬᠡᠨ᠂ ᠵᠣᠭᠰᠣᠴᠠ ᠪᠠᠨ ᠳᠡᠭᠡᠭᠰᠢᠯᠡᠭᠦᠯᠵᠦ᠂ ᠨᠠᠩ ᠶᠡᠭᠡ ᠡᠷᠴᠢᠮ᠂ | ᠨᠠᠩ ᠪᠦᠲᠦᠮᠵᠢᠲᠡᠶ ᠠᠷᠭ᠎ᠠ ᠬᠡᠮᠵᠢᠶ᠎ᠡ ᠪᠠᠷ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ | ᠵᠠᠰᠠᠬᠤ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠬᠤ | ᠬᠡᠷᠡᠭᠲᠡᠢ ᠭᠡᠵᠦ ᠴᠢᠬᠤᠯᠠᠴᠢᠯᠠᠪᠠ᠃ | ᠬᠤᠳᠠ ᠶᠢᠨ ᠪᠣᠬᠢᠷ ᠦᠮᠡᠬᠡᠢ ᠤᠰᠤᠨ ᠴᠣᠭᠴᠠ ᠶᠢ ᠵᠠᠰᠠᠬᠤ ᠠᠵᠢᠯ ᠪᠣᠯ ᠠᠷᠠᠳ ᠲᠦᠮᠡᠨ ᠢᠶᠠᠷ ᠭᠤᠣᠯ | ᠪᠤᠯᠭᠠᠬᠤ ᠬᠥᠭᠵᠢᠯᠲᠡ ᠶᠢᠨ ᠣᠶᠢᠯᠠᠭᠠᠭᠳᠠᠬᠤᠨ ᠢ ᠨᠠᠶᠢᠳᠠᠪᠤᠷᠢᠵᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ | ᠪᠠᠰᠠ ᠴᠤ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠠᠮᠢ ᠠᠬᠤᠢ ᠪᠠ ᠠᠮᠤᠷ ᠲᠦᠪᠰᠢᠨ ᠢ | ᠨᠡᠩ ᠲᠣᠪᠣᠶᠢᠮ᠎ᠠ ᠪᠠᠶᠢᠷᠢᠨ ᠳᠤ ᠲᠠᠯᠪᠢᠬᠤ ᠴᠢᠬᠤᠯᠠ ᠠᠷᠭ᠎ᠠ ᠬᠡᠮᠵᠢᠶ᠎ᠡ ᠮᠥᠨ᠃ ᠨᠠᠮ ᠤᠨ ᠬᠤᠷᠢᠳᠤᠭᠠᠷ | ᠬᠤᠭᠤᠴᠠᠭᠠᠨ ᠤ ᠶᠡᠭᠡ ᠬᠤᠷᠠᠯ ᠠᠴᠠ ︽ᠬᠤᠳᠠ ᠶᠢᠨ ᠪᠣᠬᠢᠷ ᠦᠮᠡᠬᠡᠢ ᠤᠰᠤᠨ ᠴᠣᠭᠴᠠ ᠶᠢ ᠦᠨᠳᠦᠰᠦᠨ ᠳᠡᠭᠡᠨ | ᠠᠷᠢᠯᠭᠠᠬᠤ︾ ᠡᠭᠦᠷᠭᠡ ᠱᠠᠭᠠᠷᠳᠠᠯᠭ᠎ᠠ ᠶᠢ ᠳᠤᠷᠠᠳᠤᠨ ᠭᠠᠷᠭᠠᠪᠠ᠃ ᠣᠳᠣᠬᠠᠨ ᠳᠤ᠂ ᠪᠥᠬᠦ ᠤᠯᠤᠰ ᠤᠨ ᠲᠤᠰᠬᠠᠢ | ᠣᠷᠣᠨ ᠤ ᠲᠠᠰ ᠵᠢᠴᠢ ᠲᠡᠭᠦᠨ ᠠᠴᠠ ᠳᠡᠭᠡᠭᠰᠢᠬᠢ ᠬᠤᠲᠠ ᠶᠢᠨ ᠪᠠᠶᠢᠭᠤᠯᠤᠭᠰᠠᠨ ᠲᠣᠭᠤᠷᠢᠭ ᠤᠨ ᠪᠣᠬᠢᠷ ᠦᠮᠡᠬᠡᠢ | ᠤᠰᠤᠨ ᠴᠣᠭᠴᠠ ᠶᠢ ᠦᠨᠳᠦᠰᠦᠨ ᠳᠡᠭᠡᠨ ᠠᠷᠢᠯᠭᠠᠵᠤ᠂ ᠲᠤᠰᠬᠠᠢ ᠣᠷᠣᠨ ᠤ ᠲᠠᠰ ᠵᠢᠴᠢ ᠲᠡᠭᠦᠨ ᠠᠴᠠ ᠳᠡᠭᠡᠭᠰᠢᠬᠢ | ᠬᠤᠲᠠ ᠶᠢᠨ ᠵᠠᠰᠠᠯᠲᠠ ᠶᠢᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠵᠦ᠂ ᠣᠷᠳᠣ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢ ᠪᠠᠶᠢᠭᠤᠯᠬᠤ ᠶᠢ ᠲᠦᠯᠬᠢᠨ ᠠᠬᠢᠭᠤᠯᠪᠠ︔ ᠰᠢᠶᠠᠨ ᠤ ᠱᠠᠲᠤᠨ ᠤ ᠬᠤᠳᠠ ᠳᠤ ᠪᠣᠬᠢᠷ | ᠦᠮᠡᠬᠡᠢ ᠤᠰᠤᠨ ᠴᠣᠭᠴᠠ ᠶᠢ ᠵᠠᠰᠠᠬᠤ ᠠᠵᠢᠯ ᠢ ᠯᠠᠪᠳᠠᠭᠤᠨ ᠢᠶᠠᠷ ᠠᠬᠢᠭᠤᠯᠵᠤ᠂ ᠵᠢᠯ ᠤᠨ ᠠᠵᠢᠯ ᠤᠨ | ᠬᠠᠷᠠᠯᠲᠠ ᠶᠢᠨ 80% ᠶᠢ ᠪᠡᠶᠡᠯᠡᠭᠦᠯᠪᠡ᠃ ᠡᠭᠦᠨ ᠤ ᠬᠠᠮᠲᠤ ᠣᠷᠣᠰᠢᠵᠤ ᠪᠠᠶᠢᠭ᠎ᠠ ᠠᠰᠠᠭᠤᠳᠠᠯ ᠳᠤ ᠵᠥᠪ ᠢᠶᠠᠷ | ᠬᠠᠨᠳᠤᠬᠤ ᠬᠡᠷᠡᠭᠲᠡᠢ᠂ ᠵᠢᠱᠢᠶᠡᠯᠡᠪᠡᠯ ᠤᠰᠤᠨ ᠴᠣᠭᠴᠠ ᠬᠠᠷᠠᠯᠠᠵᠤ ᠦᠮᠡᠬᠡᠶᠢᠷᠡᠬᠦ᠂ ︽ᠦᠩᠭᠡᠨ ᠲᠠᠯ᠎ᠠ ᠶᠢ ᠵᠠᠰᠠᠬᠤ ᠶᠢ | ᠴᠢᠬᠤᠯᠠᠴᠢᠯᠠᠵᠤ ᠦᠨᠳᠦᠰᠦ ᠠᠴᠠ ᠨᠢ ᠵᠠᠰᠠᠬᠤ ᠶᠢ ᠬᠥᠩᠭᠡᠪᠴᠢᠯᠡᠬᠦ︾᠂ ︽ᠪᠦᠲᠦᠭᠡᠨ ᠪᠠᠶᠢᠭᠤᠯᠤᠯᠲᠠ ᠶᠢ | ᠴᠢᠬᠤᠯᠠᠴᠢᠯᠠᠵᠤ ᠬᠠᠮᠢᠶᠠᠷᠤᠯᠲᠠ ᠶᠢ ᠬᠥᠩᠭᠡᠪᠴᠢᠯᠡᠬᠦ︾᠂ ︽ᠢᠨᠵᠧᠨᠧᠷᠢᠩ ᠢ ᠴᠢᠬᠤᠯᠠᠴᠢᠯᠠᠵᠤ ᠲᠦᠷᠢᠮ ᠢ | ᠬᠥᠩᠭᠡᠪᠴᠢᠯᠡᠬᠦ︾ ᠵᠡᠷᠭᠡ ᠠᠰᠠᠭᠤᠳᠠᠯ ᠳᠤ ᠵᠥᠪ ᠢᠶᠠᠷ ᠬᠠᠨᠳᠤᠵᠤ᠂ ᠬᠤᠳᠠ ᠶᠢᠨ ᠪᠤᠬᠢᠷᠳᠦᠵᠦ ᠦᠮᠡᠬᠡᠶᠢᠷᠡᠭᠰᠡᠨ | ᠤᠰᠤᠨ ᠴᠣᠭᠴᠠ ᠶᠢ ᠵᠠᠰᠠᠬᠤ ᠳᠤ ᠲᠤᠯᠭᠠᠷᠠᠵᠤ ᠪᠠᠶᠢᠭ᠎ᠠ ᠬᠦᠨᠳᠦ ᠨᠣᠴᠢᠲᠠᠢ ᠪᠠᠶᠢᠳᠠᠯ ᠢ ᠰᠡᠷᠭᠡᠭ ᠢᠶᠠᠷ ᠲᠠᠨᠢᠬᠤ | ᠬᠡᠷᠡᠭᠲᠡᠢ᠃ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠᠷ᠂ ᠨᠡᠩ ᠶᠡᠭᠡ ᠡᠷᠴᠢᠮ᠂ | ᠨᠡᠩ ᠪᠦᠲᠦᠮᠵᠢᠲᠡᠢ ᠠᠷᠭ᠎ᠠ ᠬᠡᠮᠵᠢᠶ᠎ᠡ ᠪᠠᠷ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠬᠤᠳᠠ ᠶᠢᠨ ᠪᠣᠬᠢᠷ | ᠦᠮᠡᠬᠡᠢ ᠤᠰᠤᠨ ᠴᠣᠭᠴᠠ ᠶᠢ ᠵᠠᠰᠠᠬᠤ ᠪᠣᠭᠤᠮᠲᠠ ᠰᠢᠪᠲᠤᠯᠬᠤ ᠠᠵᠢᠯ ᠢ ᠡᠷᠡᠰ ᠰᠠᠶᠢᠲᠤᠷ ᠬᠢᠬᠦ ᠬᠡᠷᠡᠭᠲᠡᠢ᠃ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠬᠢᠨᠠᠯᠲᠠ ᠲᠠᠯᠪᠢᠵᠤ ᠰᠢᠯᠭᠠᠨ ᠬᠢᠨᠠᠬᠤ ᠶᠢ | ᠴᠢᠩᠭᠠᠳᠬᠠᠨ᠂ ᠬᠤᠲᠠ ᠶᠢᠨ ᠪᠣᠬᠢᠷ ᠦᠮᠡᠬᠡᠢ ᠤᠰᠤᠨ ᠴᠣᠭᠴᠠ ᠶᠢ ᠵᠠᠰᠠᠬᠤ ᠦᠷ᠎ᠡ ᠪᠦᠲᠦᠮᠵᠢ ᠶᠢ ᠪᠠᠬᠢᠵᠢᠭᠦᠯᠦᠨ᠎ᠡ᠃ | ᠡᠯ᠎ᠡ ᠮᠤᠵᠢ ᠶᠢᠨ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠤᠲᠠ ᠶᠢᠨ ᠪᠣᠬᠢᠷ ᠦᠮᠡᠬᠡᠢ | ᠤᠰᠤᠨ ᠴᠣᠭᠴᠠ ᠶᠢ ᠵᠠᠰᠠᠬᠤ ᠶᠢ ᠵᠢᠯᠣᠭᠤᠳᠤᠨ ᠰᠢᠪᠠᠳᠠᠬᠤ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠣᠷᠣᠨ | ᠪᠦᠰᠡ ᠶᠢᠨ ᠳᠣᠲᠣᠷᠠᠬᠢ ᠬᠤᠲᠠ ᠶᠢᠨ ᠪᠣᠬᠢᠷ ᠦᠮᠡᠬᠡᠢ ᠤᠰᠤᠨ ᠴᠣᠭᠴᠠ ᠶᠢ ᠵᠠᠰᠠᠬᠤ ᠠᠬᠢᠴᠠ ᠶᠢᠨ ᠪᠠᠶᠢᠳᠠᠯ ᠢ | ᠲᠣᠭᠲᠠᠮᠠᠯ ᠬᠤᠭᠤᠴᠠᠭ᠎ᠠ ᠲᠠᠢ ᠪᠠᠷ ᠨᠡᠶᠢᠭᠡᠮ ᠳᠤ ᠢᠯᠡ ᠪᠣᠯᠭᠠᠬᠤ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠠᠵᠢᠯ ᠤᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠬᠢᠨᠠᠨ ᠵᠢᠯᠤᠭᠤᠳᠴᠤ ᠬᠢᠨᠠᠨ | ᠰᠢᠯᠭᠠᠬᠤ ᠪᠠᠨ ᠴᠢᠩᠭᠠᠳᠬᠠᠨ᠂ ᠬᠤᠲᠠ ᠶᠢᠨ ᠪᠣᠬᠢᠷ ᠦᠮᠡᠬᠡᠢ ᠤᠰᠤᠨ ᠴᠣᠭᠴᠠ ᠶᠢ ᠵᠠᠰᠠᠬᠤ ᠠᠵᠢᠯ ᠤᠳᠠᠭᠠᠰᠢᠷᠠᠵᠤ | ᠂ ᠪᠤᠬᠢᠷᠳᠦᠵᠦ ᠦᠮᠡᠭᠡᠶᠢᠷᠡᠬᠦ ᠠᠰᠠᠭᠤᠳᠠᠯ ᠣᠷᠣᠰᠢᠵᠤ ᠪᠠᠶᠢᠪᠠᠯ᠂ ᠨᠠᠩ ᠴᠢᠩᠭ᠎ᠠ ᠠᠷᠭ᠎ᠠ ᠬᠡᠮᠵᠢᠶ᠎ᠡ ᠠᠪᠴᠤ ᠪᠠᠶᠢᠭᠠᠳ | ᠰᠢᠮᠳᠠᠭᠤᠯᠤᠨ ᠰᠠᠶᠢᠵᠢᠷᠠᠭᠤᠯᠬᠤ ᠬᠡᠷᠡᠭᠲᠡᠢ᠃ ᠡᠭᠦᠨ ᠠᠴᠠ ᠭᠠᠳᠠᠨ᠎ᠠ᠂ ᠤᠯᠠᠨ ᠨᠡᠶᠢᠲᠡ ᠶᠢᠨ ᠣᠷᠣᠯᠴᠠᠬᠤ ᠶᠢ | ᠬᠥᠲᠥᠯᠥᠨ ᠵᠢᠯᠤᠭᠤᠳᠴᠤ᠂ ᠥᠷᠭᠡᠨ ᠤᠯᠠᠨ ᠲᠦᠮᠡᠨ ᠳᠤ ᠬᠠᠨᠳᠤᠭᠤᠯᠤᠨ ᠤᠯᠠᠨ ᠵᠦᠢᠯ ᠤᠨ ᠬᠡᠯᠪᠡᠷᠢ ᠶᠢᠨ | ᠤᠬᠠᠭᠤᠯᠭ᠎ᠠ ᠶᠢᠨ ᠠᠵᠢᠯ ᠢ ᠥᠷᠨᠢᠭᠦᠯᠵᠦ᠂ ᠤᠯᠠᠨ ᠱᠠᠲᠤ ᠬᠤᠯᠪᠤᠭᠠᠯᠠᠨ ᠬᠥᠳᠡᠯᠦᠯᠴᠡᠭᠰᠡᠨ ᠤᠯᠠᠨ ᠲᠦᠮᠡᠨ ᠤ | ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ | ᠲᠤᠳᠠᠭᠳᠠᠯ ᠢ ᠨᠦᠬᠦᠪᠦᠷᠢᠯᠡᠵᠦ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ | ᠪᠣᠬᠢᠷ ᠦᠮᠡᠬᠡᠢ ᠤᠰᠤᠨ ᠴᠣᠭᠴᠠ ᠶᠢ ᠵᠠᠰᠠᠬᠤ ᠬᠠᠷᠠᠯᠲᠠ ᠶᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ | ᠬᠤᠳᠠ ᠶᠢᠨ ᠪᠤᠬᠢᠷ ᠦᠮᠡᠬᠡᠢ ᠤᠰᠤᠨ ᠴᠣᠭᠴᠠ ᠶᠢ ᠵᠠᠰᠠᠬᠤ ᠪᠣᠯ ᠨᠢᠭᠡ ᠵᠦᠢᠯ ᠤᠨ ᠰᠢᠰᠲ᠋ᠧᠮᠲᠦ ᠢᠨᠵᠧᠨᠧᠷᠢᠩ | ᠪᠣᠯᠣᠨ᠎ᠠ᠂ ︽2025 ᠣᠨ ᠳᠤ᠂ ᠰᠢᠶᠠᠨ ᠤ ᠱᠠᠲᠤᠨ ᠤ ᠬᠤᠳᠠ ᠶᠢᠨ ᠪᠦᠲᠦᠭᠡᠨ ᠪᠠᠶᠢᠭᠤᠯᠤᠯᠲᠠ ᠶᠢᠨ | ᠲᠣᠭᠤᠷᠢᠭ ᠤᠨ ᠪᠤᠬᠢᠷ ᠦᠮᠡᠬᠡᠢ ᠤᠰᠤᠨ ᠴᠣᠭᠴᠠ ᠶᠢ ᠠᠷᠢᠯᠭᠠᠬᠤ ᠬᠠᠷᠢᠴᠠᠯ ᠢ 90% ᠳᠤ ᠬᠦᠷᠭᠡᠵᠦ᠂ ᠨᠢᠭᠡᠨᠲᠡ | ᠵᠠᠰᠠᠵᠤ ᠲᠠᠭᠤᠰᠬᠠᠭᠰᠠᠨ ᠰᠢᠶᠠᠨ ᠤ ᠱᠠᠲᠤ ᠵᠢᠴᠢ ᠲᠡᠭᠦᠨ ᠠᠴᠠ ᠳᠡᠭᠡᠭᠰᠢᠬᠢ ᠬᠤᠳᠠ ᠳᠤ ᠬᠤᠳᠠ ᠶᠢᠨ ᠪᠤᠬᠢᠷ | ᠦᠮᠡᠬᠡᠢ ᠤᠰᠤᠨ ᠴᠣᠭᠴᠠ ᠶᠢ ᠵᠠᠰᠠᠬᠤ ᠦᠷ᠎ᠡ ᠪᠦᠲᠦᠮᠵᠢ ᠶᠢ ᠪᠠᠲᠤᠳᠬᠠᠬᠤ︾ ᠬᠠᠷᠠᠯᠲᠠ ᠶᠢ ᠪᠡᠶᠡᠯᠡᠭᠦᠯᠬᠦ ᠳᠤ᠂ | ᠡᠷᠬᠡᠪᠰᠢ ᠬᠤᠳᠠ ᠶᠢᠨ ᠪᠤᠬᠢᠷ ᠦᠮᠡᠬᠡᠢ ᠤᠰᠤᠨ ᠴᠣᠭᠴᠠ ᠶᠢ ᠵᠠᠰᠠᠬᠤ ᠠᠵᠢᠯ ᠢ ᠴᠢᠨᠠᠷ ᠰᠠᠶᠢᠲᠠᠢ ᠭᠦᠨᠵᠡᠭᠡᠢ | ᠠᠬᠢᠭᠤᠯᠬᠤ ᠬᠡᠷᠡᠭᠲᠡᠢ᠃ ᠨᠢᠭᠡ ᠲᠠᠯ᠎ᠠ ᠪᠠᠷ ᠤᠰᠤ ᠶᠢ ᠰᠢᠰᠲ᠋ᠧᠮ ᠲᠠᠢ ᠪᠠᠷ ᠵᠠᠰᠠᠬᠤ ᠶᠢ ᠴᠢᠬᠤᠯᠠᠴᠢᠯᠠᠬᠤ ᠬᠡᠷᠡᠭᠲᠡᠢ᠃ | ᠬᠤᠲᠠ ᠶᠢᠨ ᠪᠣᠬᠢᠷ ᠦᠮᠡᠬᠡᠢ ᠤᠰᠤᠨ ᠴᠣᠭᠴᠠ ᠶᠢ ᠵᠠᠰᠠᠬᠤ ᠪᠠ ᠪᠣᠬᠢᠷ ᠤᠰᠤ ᠶᠢ ᠰᠢᠢᠳᠪᠦᠷᠢᠯᠡᠬᠦ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠨᠢᠭᠡᠳᠦᠯᠲᠡᠢ ᠲᠥᠯᠥᠪᠯᠡᠵᠦ᠂ ᠪᠡᠯᠡᠳᠬᠡᠮᠵᠢ ᠪᠠᠷ ᠲᠤᠳᠠᠭᠳᠠᠯ ᠢ | ᠨᠥᠬᠦᠪᠦᠷᠢᠯᠡᠬᠦ ᠶᠢ ᠲᠦᠷᠭᠡᠳᠬᠡᠨ ᠠᠬᠢᠭᠤᠯᠵᠤ᠂ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠦᠷ᠎ᠡ ᠪᠦᠲᠦᠮᠵᠢ ᠶᠢ | ᠳᠡᠭᠡᠭᠰᠢᠯᠡᠭᠦᠯᠦᠨ᠂ ᠭᠤᠣᠯ ᠳᠤ ᠴᠢᠳᠬᠤᠬᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠨ᠎ᠠ︔ ︽ᠪᠣᠬᠢᠷᠲᠤᠯ | ᠤᠰᠤᠲᠤᠯ ᠢ ᠨᠢᠭᠡᠳᠦᠯᠲᠡᠢ ᠲᠥᠯᠥᠪᠯᠡᠬᠦ︾ ᠶᠢ ᠴᠢᠩᠭᠠᠳᠬᠠᠵᠤ᠂ ᠠᠮᠤᠷ ᠲᠦᠪᠰᠢᠨ ᠤ ᠲᠠᠩᠰᠠ᠂ ᠣᠷᠴᠢᠨ | ᠲᠣᠭᠤᠷᠢᠨ ᠤ ᠲᠠᠩᠰᠠ᠂ ᠠᠵᠤ ᠠᠬᠤᠢ ᠶᠢᠨ ᠲᠠᠩᠰᠠ ᠶᠢ ᠰᠠᠶᠢᠲᠤᠷ ᠪᠤᠳᠤᠵᠤ᠂ ︽ᠪᠣᠷᠣᠭᠠᠨ ᠤ ᠤᠰᠤ ᠶᠢ ᠰᠠᠭᠠᠳ | ᠦᠭᠡᠢ ᠭᠠᠳᠠᠭᠰᠢᠯᠠᠭᠤᠯᠬᠤ᠂ ᠭᠤᠣᠯ ᠤᠨ ᠤᠰᠤ ᠶᠢ ᠭᠡᠳᠡᠷᠭᠦ ᠴᠢᠳᠬᠤᠬᠤ ᠦᠭᠡᠢ᠂ ᠪᠣᠬᠢᠷ ᠤᠰᠤ ᠶᠢ ᠰᠠᠶᠢᠲᠤᠷ | ᠰᠢᠢᠳᠪᠦᠷᠢᠯᠡᠬᠦ︾ ᠶᠢ ᠦᠨᠡᠨᠬᠦ ᠪᠠᠲᠤᠯᠠᠬᠤ ᠬᠡᠷᠡᠭᠲᠡᠢ᠃ ᠨᠦᠭᠦᠭᠡ ᠲᠠᠯ᠎ᠠ ᠪᠠᠷ ᠳᠦᠷᠢᠮ ᠢᠶᠠᠷ ᠤᠰᠤ ᠶᠢ ᠵᠠᠰᠠᠬᠤ ᠶᠢ | ᠴᠢᠬᠤᠯᠠᠴᠢᠯᠠᠬᠤ ᠬᠡᠷᠡᠭᠲᠡᠢ᠃ ᠬᠤᠲᠠ ᠶᠢᠨ ᠪᠣᠬᠢᠷ ᠦᠮᠡᠬᠡᠢ ᠤᠰᠤᠨ ᠴᠣᠭᠴᠠ ᠶᠢ ᠵᠠᠰᠠᠬᠤ ᠳᠤ ᠭᠤᠷᠪᠠᠨ ᠬᠤᠪᠢ ᠨᠢ | ᠪᠠᠶᠢᠭᠤᠯᠵᠤ᠂ ᠲᠤᠯᠤᠭᠠᠨ ᠬᠤᠪᠢ ᠨᠢ ᠬᠠᠮᠢᠶᠠᠷᠬᠤ ᠪᠣᠶ᠂ ᠦᠢᠯᠡᠳᠪᠦᠷᠢ ᠪᠠ ᠲᠣᠣᠷ ᠢ ᠨᠢᠭᠡ ᠴᠣᠭᠴᠠᠵᠢᠭᠤᠯᠤᠭᠰᠠᠨ | ᠲᠤᠰᠬᠠᠶᠢᠵᠢᠭᠰᠠᠨ ᠠᠵᠢᠯᠯᠠᠭ᠎ᠠ ᠶᠢᠨ ᠪᠠᠳᠤᠯᠠᠭ᠎ᠠ ᠶᠢᠨ ᠵᠠᠭᠪᠤᠷ ᠢ ᠢᠳᠡᠪᠬᠢᠲᠡᠢ ᠬᠡᠷᠡᠭᠵᠢᠭᠦᠯᠵᠦ᠂ ᠵᠠᠭᠠᠭ ᠬᠢᠵᠠᠭᠠᠷ ᠨᠢ | ᠲᠣᠳᠣᠷᠬᠠᠢ᠂ ᠡᠷᠬᠡ ᠬᠠᠷᠢᠭᠤᠴᠠᠯᠭ᠎ᠠ ᠨᠢ ᠲᠣᠳᠣᠷᠬᠠᠢ᠂ ᠦᠷ᠎ᠡ ᠪᠦᠲᠦᠮᠵᠢ ᠪᠠᠷ ᠨᠢ ᠵᠠᠷᠤᠳᠠᠯ ᠲᠤᠰᠢᠶᠠᠬᠤ ᠬᠢᠨᠠᠨ | ᠰᠢᠯᠭᠠᠬᠤ ᠰᠢᠰᠲ᠋ᠧᠮᠵᠢ ᠶᠢ ᠪᠠᠶᠢᠭᠤᠯᠬᠤ ᠬᠡᠷᠡᠭᠲᠡᠢ︔ ᠤᠰᠤ ᠲᠠᠲᠠᠷᠠᠭᠤᠯᠬᠤ᠂ ᠪᠣᠬᠢᠷᠲᠤᠯ ᠭᠠᠳᠠᠭᠰᠢᠯᠠᠭᠤᠯᠬᠤ | ᠵᠥᠪᠰᠢᠶᠡᠷᠡᠯ ᠤᠨ ᠬᠠᠮᠢᠶᠠᠷᠤᠯᠲᠠ ᠶᠢ ᠴᠢᠩᠳᠠᠯᠠᠵᠤ᠂ ᠦᠨᠡᠮᠯᠡᠯ ᠤᠯᠭᠤᠭᠰᠠᠨ ᠳᠠᠷᠠᠭᠠᠬᠢ ᠬᠢᠨᠠᠯᠲᠠ ᠬᠠᠮᠢᠶᠠᠷᠤᠯᠲᠠ ᠪᠠ | ᠵᠠᠯᠬᠠᠭᠠᠯ ᠰᠢᠢᠳᠬᠡᠯ ᠢ ᠴᠢᠩᠭᠠᠳᠬᠠᠨ᠂ ᠪᠣᠬᠢᠷ ᠦᠮᠡᠬᠡᠢ ᠤᠰᠤᠨ ᠴᠣᠭᠴᠠ ᠶᠢᠨ ︽ᠣᠷᠳᠣ ᠬᠤᠭᠤᠴᠠᠭ᠎ᠠ ᠪᠠᠷ | ᠦᠢᠯᠡᠳᠴᠦ ᠣᠷᠳᠣ ᠬᠤᠭᠤᠴᠠᠭ᠎ᠠ ᠪᠠᠷ ᠴᠡᠪᠡᠷᠯᠡᠬᠦ︾ ᠰᠠᠭᠤᠷᠢ ᠶᠢ ᠪᠠᠬᠢᠵᠢᠭᠦᠯᠦᠨ᠎ᠡ᠃ ᠡᠭᠦᠨ ᠠᠴᠠ ᠭᠠᠳᠠᠨ᠎ᠠ᠂ | ᠪᠡᠯᠡ ᠮᠥᠩᠭᠦ ᠶᠢᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠵᠤ᠂ ᠢᠯᠠᠩᠭᠤᠶ᠎ᠠ ᠠᠵᠠ ᠲᠣᠬᠢᠶᠠᠯ ᠢ ᠠᠮᠵᠢᠨ | ᠠᠳᠬᠤᠵᠤ᠂ ︽ᠬᠤᠶᠠᠷ ᠢ ᠴᠢᠬᠤᠯᠠᠴᠢᠯᠠᠬᠤ︾ ︽ᠬᠤᠶᠠᠷ ᠢ ᠰᠢᠨᠡᠴᠢᠯᠡᠬᠦ︾ ᠪᠡᠯᠡ ᠮᠥᠩᠭᠦ ᠶᠢᠨ ᠳᠡᠮᠵᠢᠯᠭᠡ ᠶᠢᠨ | ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ | ᠤᠳᠤᠷᠢᠳᠤᠮᠵᠢ ᠪᠣᠯᠭᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠲᠥᠷᠥᠯ ᠵᠦᠢᠯ ᠢ ᠰᠢᠰᠲ᠋ᠧᠮ ᠲᠠᠢ | ᠲᠥᠯᠥᠪᠵᠢᠭᠦᠯᠵᠦ᠂ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠬᠤᠲᠠ ᠶᠢᠨ ᠪᠣᠬᠢᠷ ᠦᠮᠡᠬᠡᠢ | ᠤᠰᠤᠨ ᠴᠣᠭᠴᠠ ᠶᠢ ᠵᠠᠰᠠᠬᠤ ᠠᠵᠢᠯ ᠢ ᠦᠷᠭᠦᠯᠵᠢᠯᠡᠨ ᠴᠢᠩᠭᠠᠳᠬᠠᠬᠤ ᠬᠡᠷᠡᠭᠲᠡᠢ᠃ | ᠶᠡᠭᠡ ᠭᠤᠣᠯ ᠮᠥᠷᠡᠨ ᠲᠠᠢ ᠠᠳᠠᠯᠢᠳᠬᠠᠪᠠᠯ᠂ ᠭᠡᠷ ᠪᠠᠶᠢᠰᠢᠩ ᠤᠨ ᠤᠷᠴᠢᠨ ᠲᠤᠭᠤᠷᠢᠨ ᠤ ᠪᠤᠬᠢᠷ ᠦᠮᠡᠬᠡᠢ | ᠤᠰᠤᠨ ᠴᠣᠭᠴᠠ ᠶᠢᠨ ᠣᠯᠠᠨ ᠲᠦᠮᠡᠨ ᠤ ᠡᠷᠡᠭᠦᠯ ᠮᠡᠨᠳᠦ ᠪᠠ ᠦᠢᠯᠡᠳᠪᠦᠷᠢᠯᠡᠯ ᠠᠮᠢᠳᠤᠷᠠᠯ ᠳᠤ ᠦᠵᠡᠭᠦᠯᠬᠦ | ᠨᠥᠯᠥᠭᠡ ᠨᠢ ᠨᠡᠩ ᠰᠢᠭᠤᠳ ᠪᠠᠶᠢᠵᠤ᠂ ᠣᠯᠠᠨ ᠲᠦᠮᠡᠨ ᠤ ᠲᠥᠷᠥᠭᠳᠡᠯ ᠴᠦ ᠨᠡᠩ ᠭᠦᠨ ᠪᠠᠶᠢᠳᠠᠭ᠃ ᠣᠶᠢᠷ᠎ᠠ ᠶᠢᠨ | ᠵᠢᠯ ᠤᠳ ᠤᠨ ᠬᠦᠴᠦᠲᠡᠢ ᠴᠡᠭᠴᠡᠯᠡᠨ ᠵᠠᠰᠠᠯᠲᠠ ᠪᠠᠷ ᠳᠡᠮᠵᠢᠨ᠂ ᠤᠯᠠᠮ ᠠᠴᠠ ᠤᠯᠠᠮ ᠣᠯᠠᠨ ᠬᠤᠲᠠ ᠳᠤ ᠤᠰᠤ ᠨᠢ | ᠲᠤᠩᠭᠠᠯᠠᠭ ᠡᠷᠭᠢ ᠨᠢ ᠨᠣᠭᠤᠭᠠᠨ᠂ ᠵᠢᠭᠠᠰᠤ ᠵᠢᠷᠠᠭᠠᠬᠠᠢ ᠢᠷᠠᠯᠵᠠᠭᠰᠠᠨ ᠦᠵᠡᠰᠬᠦᠯᠡᠩᠲᠦ ᠰᠠᠶᠢᠬᠠᠨ ᠠᠮᠢ | ᠠᠬᠤᠢ ᠶᠢᠨ ᠰᠢᠨ᠎ᠡ ᠲᠦᠷᠰᠦ ᠢᠯᠡᠷᠡᠭᠰᠡᠨ ᠪᠠᠶᠢᠨ᠎ᠠ᠃ ᠣᠷᠣᠨ ᠨᠤᠲᠤᠭ ᠤᠨ ᠬᠢᠨ ᠤ ᠪᠣᠬᠢᠷ ᠦᠮᠡᠬᠡᠢ ᠤᠰᠤᠨ | ᠴᠣᠭᠴᠠ ᠶᠢ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠬᠦ ᠶᠢ ᠠᠬᠢᠭᠤᠯᠵᠤ᠂ ᠬᠤᠲᠠ ᠶᠢᠨ ᠪᠣᠬᠢᠷ ᠦᠮᠡᠬᠡᠢ | ᠤᠰᠤᠨ ᠴᠣᠭᠴᠠ ᠶᠢ ᠵᠠᠰᠠᠭᠰᠠᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠣᠯᠠᠨ ᠲᠦᠮᠡᠨ ᠳᠤ | ᠨᠠᠩ ᠣᠯᠠᠨ ᠨᠠᠩ ᠰᠠᠶᠢᠨ ᠠᠰᠢᠭ ᠬᠦᠷᠲᠡᠭᠡᠬᠦ ᠬᠡᠷᠡᠭᠲᠡᠢ᠃ | ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ |