ᠰᠤᠷᠭᠠᠭᠤᠯᠢ ᠶᠢᠨ ᠬᠦᠷᠢᠶᠡᠨ ᠤ ᠰᠤᠶᠤᠯ ᠤᠨ ᠨᠠᠶᠢᠷ ᠠᠰᠢᠳᠠᠢ ᠰᠠᠶᠢᠬᠠᠨ ᠶᠠᠪᠤᠭᠳᠠᠪᠠ
ᠨᠡᠶᠢᠲᠡᠯᠡᠭᠰᠡᠨ ᠴᠠᠭ᠄
2024/12/18
      ᠡᠮᠥᠨᠡᠭᠡᠨ᠂ ᠬᠢᠨᠭ᠍ᠭᠠᠨ ᠠᠶᠢᠮᠠᠭ ᠤᠨ ᠬᠤᠷᠴᠢᠨ ᠪᠠᠷᠠᠭᠤᠨ  ᠭᠠᠷᠥᠨ ᠡᠮᠥᠨᠡᠳᠥ ᠬᠤᠰᠢᠭᠤᠨ ᠤ ᠭᠤᠷᠪᠠᠳᠤᠭᠠᠷ ᠪᠠᠭ᠎ᠠ ᠰᠤᠷᠭᠠᠭᠤᠯᠢ ᠰᠤᠷᠭᠠᠭᠤᠯᠢ ᠶᠢᠨ ᠬᠦᠷᠢᠶᠡᠨ ᠤ ᠰᠤᠶᠤᠯ ᠤᠨ ᠨᠠᠶᠢᠷ ᠡᠷᠬᠢᠯᠡᠵᠤ᠂ ᠪᠠᠭᠰᠢ ᠰᠤᠷᠤᠭᠴᠢᠳ ᠤᠨ  ᠬᠤᠭᠤᠷᠥᠨᠳᠥᠬᠢ ᠬᠠᠮᠳᠤᠷᠠᠯᠴᠠᠭ᠎ᠠ ᠶᠢ  ᠨᠢᠭᠳᠠᠷᠠᠭᠤᠯᠤᠭᠰᠠᠨ  ᠪᠦᠭᠡᠳ  ᠬᠡᠥᠭᠡᠳ ᠢ ᠵᠤᠬᠢᠶᠠᠨ ᠪᠠᠶᠢᠭᠤᠯᠥᠨ ᠬᠠᠮᠳᠥ ᠶᠢᠨ ᠬᠦᠳᠡᠯᠭᠡᠭᠡᠨ ᠳᠤ ᠤᠷᠤᠯᠴᠠᠭᠤᠯᠬᠤ ᠤᠷᠮ᠎ᠡ ᠵᠤᠷᠢᠭ ᠢ ᠨᠢ ᠬᠦᠭᠵᠢᠭᠡᠭᠰᠡᠨ ᠪᠠᠶᠢᠨ᠎ᠠ᠃              ᠪᠠᠭᠰᠢ ᠰᠤᠷᠤᠭᠴᠢ  ᠬᠠᠮᠳᠤᠷᠠᠨ ᠪᠡᠯᠡᠳᠭᠡᠭᠰᠡᠨ ︽ᠪᠢᠳᠡ ᠪᠤᠯ ᠡᠭᠡ ᠤᠯᠤᠰ ᠤᠨ ᠢᠷᠡᠭᠡᠳᠥᠢ︾  ︽ᠠᠨᠠᠷ ᠤᠨ ᠦᠷ᠎ᠡ ᠶᠢᠨ ᠭᠡᠷ ᠤᠷᠤᠨ︾ ︽ᠨᠠᠷᠠᠨ ᠵᠦᠭ ᠮᠦᠰᠢᠶᠡᠭᠰᠡᠨ ᠴᠡᠴᠡᠭᠡᠰ︾ ᠵᠡᠷᠭᠡ ᠳᠠᠭᠤᠤ ᠪᠦᠵᠢᠭ ᠢᠶᠠᠨ ᠪᠠᠶᠠᠷ  ᠬᠦᠷ ᠲᠠᠢ ᠪᠠᠷ ᠳᠤᠭᠯᠠᠪᠠ᠃ ᠭᠡᠷ ᠤᠨ ᠠᠬᠠᠮᠠᠳ ᠤᠨ ᠲᠦᠯᠥᠭᠡᠯᠡᠭᠴᠢ ᠶᠢ ᠵᠤᠬᠢᠶᠠᠨ ᠪᠠᠶᠢᠭᠤᠯᠥᠨ ᠲᠤᠰ ᠰᠤᠷᠭᠠᠭᠤᠯᠢ ᠶᠢᠨ ᠤᠯᠠᠨ ᠴᠢᠳᠠᠪᠬᠢᠳᠥ ᠲᠢᠩᠬᠢᠮ ᠳᠤ  ᠶᠠᠪᠤᠭᠳᠠᠭᠤᠯᠤᠭᠰᠠᠨ ᠰᠢᠨᠵᠢᠯᠡᠬᠦ ᠤᠬᠠᠭᠠᠨ ᠤ ᠦᠵᠡᠬᠦᠯᠭᠡ ᠳᠤ ᠤᠷᠤᠯᠴᠠᠭᠤᠯᠥᠨ᠂   ᠬᠡᠥᠭᠡᠳ ᠤᠨ ᠭᠠᠷ ᠤᠷᠠᠯᠠᠯ ᠤᠨ ᠪᠦᠳᠥᠭᠡᠯ᠂ ᠤᠷᠠᠨ ᠵᠢᠷᠤᠭ ᠤᠨ ᠪᠦᠳᠥᠭᠡᠯ ᠵᠡᠷᠭᠡ ᠶᠢ ᠰᠤᠨᠢᠷᠬᠠᠭᠤᠯᠵᠠᠢ᠃              ᠤᠷᠠᠨ ᠰᠠᠶᠢᠬᠠᠨ ᠤ ᠲᠤᠭᠯᠠᠯᠳᠠ ᠳᠤᠮᠳᠠ᠂ ᠬᠤᠷᠴᠢᠨ ᠪᠠᠷᠠᠭᠤᠨ ᠭᠠᠷᠥᠨ ᠡᠮᠥᠨᠡᠳᠥ ᠬᠤᠰᠢᠭᠤᠨ ᠤ ᠳᠤᠳᠤᠭᠠᠳᠥ ᠶᠢ ᠬᠠᠮᠠᠭᠠᠯᠠᠬᠤ ᠲᠤᠪᠴᠢᠶ᠎ᠠ ᠶᠢᠨ ᠬᠤᠷᠴᠢᠨ ᠳᠤᠳᠤᠭᠠᠳᠥ ᠶᠢ ᠬᠠᠮᠠᠭᠠᠯᠠᠬᠤ ᠰᠠᠯᠪᠤᠷᠢ ᠶᠢᠨ ᠬᠢᠨ ᠰᠤᠷᠤᠯᠭ᠎ᠠ ᠮᠤᠷᠠᠯ  ᠬᠤᠤᠰᠯᠠᠭᠰᠠᠨ᠂ ᠠᠮᠢᠳᠤᠷᠠᠯ ᠬᠦᠴᠢᠷᠳᠡᠢ ᠰᠤᠷᠤᠭᠴᠢᠳ ᠲᠤ ᠪᠢᠴᠢᠭ ᠤᠨ  ᠬᠡᠷᠡᠭᠰᠡᠯ ᠵᠡᠷᠭᠡ ᠶᠢ ᠬᠦᠷᠭᠡᠵᠤ᠂ ᠳᠡᠳᠡᠨᠥᠰ ᠲᠤ ᠵᠤᠷᠢᠬᠵᠢᠭᠤᠯᠤᠯ ᠪᠤᠯᠤᠭᠰᠠᠨ ᠪᠠᠶᠢᠨ᠎ᠠ᠃              ︽ᠪᠢ ᠪᠤᠯ ᠨᠢᠭᠡᠳᠥᠭᠡᠷ ᠤᠨ ᠤ ᠰᠤᠷᠤᠭᠴᠢ ᠳᠤᠯᠠᠭᠠᠨ ᠪᠤᠯᠤᠨ᠎ᠠ᠂ ᠲᠤᠰ ᠤᠳᠠᠭᠠᠨ ᠤ ᠰᠤᠷᠭᠠᠭᠤᠯᠢ ᠶᠢᠨ ᠬᠦᠷᠢᠶᠡᠨ ᠤ ᠰᠤᠶᠤᠯ ᠤᠨ ᠨᠠᠶᠢᠷ ᠲᠤ ᠤᠷᠤᠯᠴᠠᠭᠠᠳ ᠮᠠᠰᠢ ᠪᠠᠶᠠᠷᠳᠠᠢ ᠪᠠᠶᠢᠨ᠎ᠠ᠂ ᠡ᠊ᠨᠡ ᠨᠢ ᠪᠢᠳᠡᠨ ᠳᠤ ᠠᠪᠴᠥ  ᠬᠡᠯᠡᠪᠡᠯ  ᠦᠪᠠᠷ ᠢ ᠪᠠᠨ ᠪᠤᠯᠪᠠᠰᠤᠷᠠᠭᠤᠯᠬᠤ ᠰᠠᠶᠢᠨ ᠳᠤᠬᠢᠶᠠᠯ ᠪᠤᠯᠤᠨ᠎ᠠ᠂ ᠬᠤᠶᠢᠰᠢᠳᠠ  ᠡᠶᠢᠮᠥᠷᠬᠦ  ᠬᠦᠳᠡᠯᠭᠡᠭᠡᠨ ᠳᠤ ᠢᠯᠡᠬᠦᠭᠡᠨ ᠤᠷᠤᠯᠴᠠᠶ᠎ᠠ ᠭᠡᠵᠤ ᠪᠤᠳᠤᠵᠤ ᠪᠠᠶᠢᠨ᠎ᠠ︾ ᠭᠡᠵᠤ ᠰᠤᠷᠤᠭᠴᠢ ᠳᠤᠯᠠᠭᠠᠨ ᠬᠡᠯᠡᠪᠡ᠃  
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1