ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠪᠦᠯ ᠤᠨ ᠤᠯᠠᠷᠢᠯ ᠤᠨ ᠭᠦᠸᠧᠯᠦ ᠶᠢᠨ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/12/19
      ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢ ᠬᠡᠷᠡᠭᠯᠡᠬᠦ ᠨᠢᠭᠡᠴᠡ ᠶᠢᠨ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠥᠯᠥᠭᠡ᠂ ᠣᠶᠢᠷ᠎ᠠ ᠳᠤ᠂ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠪᠦᠯ ᠤᠨ ᠤᠯᠠᠷᠢᠯ ᠤᠨ ᠭᠦᠸᠧᠯᠦ ᠶᠢᠨ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠶᠢ ᠥᠷᠨᠢᠭᠦᠯᠵᠡᠢ᠃
     ᠪᠠᠶᠢᠴᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠭᠦᠸᠧᠯᠦ ᠶᠢᠨ ᠬᠡᠷᠡᠭᠯᠡᠯᠲᠡ ᠶᠢᠨ ᠳᠠᠩᠰᠠᠯᠠᠯ ᠢ ᠭᠤᠣᠯᠳᠠᠯᠭ᠎ᠠ ᠲᠠᠢ ᠪᠠᠶᠢᠴᠠᠭᠠᠵᠤ᠂ ᠠᠵᠢᠯᠯᠠᠵᠤ ᠪᠠᠶᠢᠭ᠎ᠠ ᠬᠥᠮᠥᠰ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠤᠭᠰᠠᠨ ᠡᠰᠡᠬᠦ᠂ ᠬᠡᠷᠡᠭᠯᠡᠬᠦ ᠲᠡᠮᠳᠡᠭ ᠵᠢᠴᠢ ᠦᠢᠯᠡᠳᠬᠦᠨ ᠤ ᠪᠢᠴᠢᠭᠡᠰᠦ ᠶᠢᠨ ᠫᠠᠶᠢᠰᠠ ᠨᠢ ᠪᠦᠷᠢᠨ ᠪᠦᠲᠦᠨ ᠪᠠᠶᠢᠬᠤ ᠡᠰᠡᠬᠦ᠂ ᠠᠮᠤᠷ ᠲᠦᠪᠰᠢᠨ ᠤ ᠨᠡᠭᠡᠯᠡᠭᠡᠢ᠂ ᠳᠠᠷᠤᠯᠲᠠ ᠶᠢᠨ ᠬᠡᠮᠵᠢᠭᠦᠷ ᠵᠡᠷᠭᠡ ᠠᠮᠤᠷ ᠲᠦᠪᠰᠢᠨ ᠤ ᠳᠠᠭᠠᠯᠲᠠ ᠲᠤᠨᠤᠭ ᠨᠢ ᠠᠮᠤᠷ ᠲᠦᠪᠰᠢᠨ ᠨᠠᠶᠢᠳᠠᠪᠤᠷᠢᠲᠠᠢ ᠪᠠᠶᠢᠬᠤ ᠡᠰᠡᠬᠦ᠂ ᠠᠭᠤᠷ ᠤᠨ ᠲᠣᠭᠤᠭᠠᠨ ᠤ ᠠᠮᠤᠷ ᠲᠦᠪᠰᠢᠨ ᠤ ᠶᠡᠷᠦᠩᠬᠡᠢ ᠬᠢᠨᠠᠭᠴᠢ ᠪᠠ ᠠᠮᠤᠷ ᠲᠦᠪᠰᠢᠨ ᠤ ᠠᠵᠢᠯᠲᠠᠨ ᠢ ᠬᠠᠤᠯᠢ ᠶᠣᠰᠣᠭᠠᠷ ᠲᠣᠬᠢᠷᠠᠭᠤᠯᠬᠤ ᠶᠢᠨ ᠬᠠᠮᠲᠤ ︽ᠡᠳᠦᠷ ᠢᠶᠠᠷ ᠬᠠᠮᠢᠶᠠᠷᠤᠨ ᠡᠵᠡᠮᠳᠡᠬᠦ᠂ ᠭᠠᠷᠠᠭ ᠢᠶᠠᠷ ᠵᠢᠭᠰᠠᠭᠠᠨ ᠪᠠᠶᠢᠴᠠᠭᠠᠬᠤ᠂ ᠰᠠᠷ᠎ᠠ ᠪᠠᠷ ᠲᠣᠬᠢᠷᠠᠭᠤᠯᠬᠤ ︾ ᠠᠵᠢᠯ ᠤᠨ ᠲᠣᠭᠲᠠᠴᠠ ᠶᠢ ᠪᠦᠲᠦᠮᠵᠢᠲᠡᠢ ᠨᠠᠶᠢᠳᠠᠪᠤᠷᠢᠵᠢᠭᠤᠯᠤᠭᠰᠠᠨ ᠡᠰᠡᠬᠦ ᠵᠡᠷᠭᠡ ᠶᠢ ᠪᠦᠲᠦᠮᠵᠢᠲᠡᠢ ᠨᠠᠶᠢᠳᠠᠪᠤᠷᠢᠵᠢᠭᠤᠯᠬᠤ ᠶᠢᠨ ᠬᠠᠮᠲᠤ᠂ ᠠᠵᠤ ᠠᠬᠤᠶᠢᠯᠠᠯ ᠢ ᠴᠠᠭ ᠢᠮᠠᠭᠲᠠ ᠠᠮᠤᠷ ᠲᠦᠪᠰᠢᠨ ᠤ ᠬᠥᠪᠴᠢ ᠪᠠᠨ ᠴᠢᠩᠭᠠᠷᠠᠭᠤᠯᠵᠤ᠂ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ ᠭᠡᠵᠦ ᠱᠠᠭᠠᠷᠳᠠᠵᠠᠢ᠃
     ᠣᠲᠣ ᠪᠣᠯᠲᠠᠯ᠎ᠠ᠂ ᠨᠡᠶᠢᠲᠡ 6 ᠭᠦᠸᠧᠯᠦ ᠶᠢ ᠪᠠᠶᠢᠴᠠᠭᠠᠵᠤ᠂ 20 ᠵᠦᠢᠯ ᠤᠨ ᠳᠠᠯᠳᠠ ᠬᠡᠮ ᠢ ᠢᠯᠡᠷᠡᠭᠦᠯᠵᠦ᠂ ᠬᠤᠭᠤᠴᠠᠭ᠎ᠠ ᠲᠣᠭᠲᠠᠭᠠᠨ ᠴᠡᠭᠴᠡᠯᠡᠨ ᠥᠭᠡᠷᠡᠴᠢᠯᠡᠭᠦᠯᠬᠦ ᠪᠠᠷ ᠵᠠᠷᠯᠢᠭᠳᠠᠪᠠ᠃      ᠲᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠭᠦᠸᠧᠯᠦ ᠶᠢᠨ ᠬᠡᠷᠡᠭᠯᠡᠯᠲᠡ ᠶᠢᠨ ᠨᠢᠭᠡᠴᠡ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠤᠰᠬᠠᠢ ᠵᠦᠢᠯ ᠤᠨ ᠪᠠᠶᠢᠴᠠᠭᠠᠯᠲᠠ ᠪᠠ ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ ᠥᠷᠨᠢᠭᠦᠯᠬᠦ ᠪᠠᠷ ᠳᠠᠮᠵᠢᠭᠤᠯᠤᠨ᠂ ᠭᠦᠸᠧᠯᠦ ᠶᠢᠨ ᠠᠮᠤᠷ ᠲᠦᠪᠰᠢᠨ ᠢᠶᠠᠷ ᠠᠵᠢᠯᠯᠠᠬᠤ ᠶᠢ ᠦᠨᠡᠨ ᠬᠦ ᠪᠠᠲᠤᠯᠠᠨ᠎ᠠ᠃ ᠢᠷᠡᠯᠲᠡ᠄ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1