ᠰᠢᠶᠧ ᠴᠦᠨ ᠯᠦᠩ | | ᠲᠤᠰᠢᠶᠠᠯ᠄ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠰᠢᠶᠠᠨ ᠤ | ᠳᠡᠳ᠋ ᠳᠠᠷᠤᠭ᠎ᠠ | ᠠᠵᠢᠯ ᠤᠨ ᠬᠤᠪᠢᠶᠠᠷᠢᠯᠠᠯ᠄ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠶᠢ ᠬᠠᠮᠵᠢᠨ ᠲᠠᠷᠢᠶᠠᠯᠠᠩ ᠮᠠᠯ | ᠠᠵᠤ ᠠᠬᠤᠢ ᠪᠠ ᠬᠥᠳᠡᠭᠡ ᠲᠣᠰᠬᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠣᠶ ᠰᠢᠭᠤᠢ ᠪᠠ | ᠨᠤᠲᠤᠭ ᠪᠡᠯᠴᠢᠭᠡᠷ᠂ ᠤᠰᠤᠨ ᠤ ᠶᠠᠪᠤᠳᠠᠯ᠂ ᠠᠷᠠᠳ ᠤᠨ ᠶᠠᠪᠤᠳᠠᠯ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ᠂ | ᠬᠤᠶᠠᠷ ᠢ ᠬᠦᠷᠢᠶᠡᠯᠡᠬᠦ ᠵᠡᠷᠭᠡ ᠲᠠᠯ᠎ᠠ ᠶᠢᠨ ᠠᠵᠢᠯ ᠳᠤ ᠬᠠᠷᠢᠭᠤᠴᠠᠨ᠎ᠠ᠃ | ᠬᠤᠪᠢᠳᠠᠨ ᠬᠠᠮᠢᠶᠠᠷᠬᠤ᠄ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ︵ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ | ᠤᠰᠤᠨ ᠤ ᠶᠠᠪᠤᠳᠠᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠴᠡᠷᠢᠭ ᠬᠠᠯᠠᠭᠳᠠᠭᠰᠠᠳ ᠤᠨ ᠬᠡᠷᠡᠭ | ᠡᠷᠬᠢᠯᠡᠬᠦ ᠲᠣᠪᠴᠢᠶ᠎ᠠ᠂ ᠬᠤᠶᠠᠷ ᠢ ᠬᠦᠷᠢᠶᠡᠯᠡᠬᠦ ᠠᠵᠢᠯ ᠤᠨ ᠦᠢᠯᠡᠴᠢᠯᠡᠭᠡᠨ ᠤ ᠲᠥᠪ᠂ ᠲᠣᠭᠲᠠᠬᠤ ᠰᠢᠶᠠᠨ ᠤ | ᠬᠠᠲᠤᠨ ᠭᠤᠣᠯ ᠤᠨ ᠤᠰᠤ ᠶᠢ ᠲᠠᠲᠠᠵᠤ ᠤᠰᠤᠯᠠᠬᠤ ᠬᠢᠵᠠᠭᠠᠷᠲᠤ ᠺᠣᠮᠫᠠᠨᠢ ᠶᠢ ᠬᠤᠪᠢᠳᠠᠨ ᠬᠠᠮᠢᠶᠠᠷᠤᠨ᠎ᠠ᠃ | ᠬᠠᠷᠢᠯᠴᠠᠬᠤ᠄ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠴᠠᠭ ᠠᠭᠤᠷ ᠤᠨ ᠲᠣᠪᠴᠢᠶ᠎ᠠ᠂ | ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠵᠡᠮᠳᠡᠭᠴᠦᠳ ᠤᠨ ᠬᠤᠯᠪᠤᠭ᠎ᠠ ᠲᠠᠢ ᠬᠠᠷᠢᠯᠴᠠᠨ᠎ᠠ᠃ | ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠲᠣᠪᠴᠢ ᠨᠠᠮᠲᠠᠷ᠄ | ᠰᠢᠶᠧ ᠴᠦᠨ ᠯᠦᠩ᠂ ᠡᠷᠡᠭᠲᠡᠢ᠂ ᠬᠢᠲᠠᠳ ᠦᠨᠳᠦᠰᠦᠲᠡᠨ᠂ 1979 ᠣᠨ ᠤ 12 ᠳ᠋ᠤᠭᠠᠷ ᠰᠠᠷ᠎ᠠ ᠳᠤ | ᠲᠦᠷᠦᠵᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠲᠤᠭᠳᠠᠬᠤ ᠰᠢᠶᠠᠨ ᠤ ᠠᠷᠠᠳ ᠤᠨ | ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠰᠢᠶᠠᠨ ᠤ ᠳᠡᠳ᠋ ᠳᠠᠷᠤᠭ᠎ᠠ ᠶᠢᠨ | ᠲᠤᠰᠢᠶᠠᠯ ᠲᠠᠢ᠃ | |