ᠶᠦᠨ ᠵᠢᠶᠠᠨ ᠵᠦᠩ
ᠨᠡᠶᠢᠲᠡᠯᠡᠭᠰᠡᠨ ᠴᠠᠭ᠄
2024/12/19
ᠶᠦᠨ ᠵᠢᠶᠠᠨ ᠵᠦᠩ
     ᠲᠤᠰᠢᠶᠠᠯ᠄ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠰᠢᠶᠠᠨ ᠤ ᠳᠡᠳ᠋ ᠳᠠᠷᠤᠭ᠎ᠠ      ᠠᠵᠢᠯ ᠤᠨ ᠬᠤᠪᠢᠶᠠᠷᠢᠯᠠᠯ᠄ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠳᠤ ᠬᠠᠮᠵᠢᠨ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠬᠥᠯᠥᠰᠦᠨ ᠠᠵᠢᠯᠴᠢᠨ ᠤ ᠴᠠᠯᠢᠩ ᠤᠨ ᠥᠷᠢ ᠶᠢ ᠢᠯᠭᠠᠷᠠᠭᠤᠯᠬᠤ᠂ ᠵᠠᠬᠢᠳᠠᠯ ᠰᠣᠷᠪᠤᠯᠵᠢᠯᠠᠭ᠎ᠠ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠠᠮᠢ ᠠᠬᠤᠢ ᠣᠷᠴᠢᠨ ᠲᠣᠭᠤᠷᠢᠨ᠂ ᠵᠠᠰᠠᠭ ᠤᠨ ᠣᠷᠳᠣᠨ ᠤ ᠬᠠᠤᠯᠢ ᠳᠦᠷᠢᠮ᠂ ᠬᠠᠤᠯᠢ ᠶᠣᠰᠣᠨ ᠤ ᠴᠢᠨᠠᠷ ᠢ ᠬᠢᠨᠠᠨ ᠪᠠᠶᠢᠴᠠᠭᠠᠬᠤ᠂ ᠬᠠᠤᠯᠢ ᠴᠠᠭᠠᠵᠠ ᠶᠢᠨ ᠵᠥᠪᠯᠡᠯᠭᠡ ᠥᠭᠬᠦ ᠵᠥᠪᠯᠡᠭᠴᠢ ᠵᠡᠷᠭᠡ ᠲᠠᠯ᠎ᠠ ᠶᠢᠨ ᠠᠵᠢᠯ ᠳᠤ ᠬᠠᠷᠢᠭᠤᠴᠠᠨ᠎ᠠ᠃      ᠬᠤᠪᠢᠳᠠᠨ ᠬᠠᠮᠢᠶᠠᠷᠬᠤ᠄ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠵᠠᠬᠢᠳᠠᠯ ᠰᠣᠷᠪᠤᠯᠵᠢᠯᠠᠭ᠎ᠠ ᠶᠢᠨ ᠲᠤᠪᠴᠢᠶ᠎ᠠ ᠶᠢ ᠬᠤᠪᠢᠳᠠᠨ ᠬᠠᠮᠢᠶᠠᠷᠤᠨ᠎ᠠ᠃      ᠬᠠᠷᠢᠯᠴᠠᠬᠤ᠄ ᠰᠢᠶᠠᠨ ᠤ ᠨᠠᠮ ᠤᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠵᠥᠪᠯᠡᠯ ᠤᠨ ᠠᠯᠪᠠᠨ ᠭᠡᠷ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠰᠢᠶᠠᠨ ᠤ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠡᠯᠲᠡᠰ᠂ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠲᠥᠪ᠂ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ᠂ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ᠂ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠲᠣᠭᠲᠠᠬᠤ ᠰᠢᠶᠠᠨ ᠤ ᠬᠤᠪᠢᠶᠠᠷᠢ ᠲᠣᠪᠴᠢᠶ᠎ᠠ ᠲᠠᠢ ᠬᠠᠷᠢᠯᠴᠠᠨ᠎ᠠ᠃      ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃      ᠲᠣᠪᠴᠢ ᠨᠠᠮᠲᠠᠷ᠄     ᠶᠦᠨ ᠵᠢᠶᠠᠨ ᠵᠦᠩ᠂ ᠡᠷᠡᠭᠲᠡᠢ᠂ ᠮᠣᠩᠭᠤᠯ ᠦᠨᠳᠦᠰᠦᠲᠡᠨ᠂ 1975 ᠣᠨ ᠤ 12 ᠳ᠋ᠤᠭᠠᠷ ᠰᠠᠷ᠎ᠠ ᠳᠤ ᠲᠦᠷᠦᠵᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠰᠢᠶᠠᠨ ᠤ ᠳᠡᠳ᠋ ᠳᠠᠷᠤᠭ᠎ᠠ ᠶᠢᠨ ᠲᠤᠰᠢᠶᠠᠯ  ᠲᠠᠢ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1