ᠵᠢᠶᠤᠤ ᠴᠢᠶᠠᠨ
ᠨᠡᠶᠢᠲᠡᠯᠡᠭᠰᠡᠨ ᠴᠠᠭ᠄
2024/12/19
ᠵᠢᠶᠤᠤ ᠴᠢᠶᠠᠨ
      ᠲᠤᠰᠢᠶᠠᠯ᠄ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂  ᠰᠢᠶᠠᠨ ᠤ ᠪᠠᠶᠢᠩᠭᠤ ᠶᠢᠨ ᠳᠡᠳ᠋ ᠳᠠᠷᠤᠭ᠎ᠠ      ᠠᠵᠢᠯ ᠤᠨ ᠬᠤᠪᠢᠶᠠᠷᠢᠯᠠᠯ᠄ ᠰᠢᠶᠠᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ  ᠳᠤ ᠬᠠᠷᠢᠭᠤᠴᠠᠵᠤ᠂ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠶᠢ ᠬᠠᠮᠵᠢᠨ ᠵᠠᠰᠠᠭ ᠤᠨ ᠶᠠᠪᠤᠳᠠᠯ ᠢ ᠢᠯᠡ ᠪᠣᠯᠭᠠᠬᠤ᠂ ᠭᠠᠳᠠᠭᠠᠳᠤ ᠶᠠᠪᠤᠳᠠᠯ᠂ ᠡᠳ᠋ ᠤᠨ ᠵᠠᠰᠠᠭ᠂ ᠮᠥᠩᠭᠦᠨ ᠭᠦᠢᠯᠭᠡᠭᠡ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠪᠠᠶᠢᠭᠠᠯᠢ ᠶᠢᠨ ᠡᠬᠢ ᠪᠠᠶᠠᠯᠢᠭ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ᠂ ᠠᠷᠠᠳ ᠤᠨ ᠬᠥᠷᠥᠩᠭᠡ ᠶᠢᠨ ᠪᠡᠯᠡ ᠣᠷᠣᠭᠤᠯᠤᠯᠲᠠ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ᠂ ᠠᠮᠤ ᠪᠤᠳᠠᠭ᠎ᠠ ᠵᠡᠷᠭᠡ ᠲᠠᠯ᠎ᠠ ᠶᠢᠨ ᠠᠵᠢᠯ ᠳᠤ ᠬᠠᠷᠢᠭᠤᠴᠠᠨ᠎ᠠ᠃      ᠬᠤᠪᠢᠳᠠᠨ ᠬᠠᠮᠢᠶᠠᠷᠬᠤ᠄ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ᠂ ᠡᠳ᠋ ᠤᠨ ᠵᠠᠰᠠᠭ ᠤᠨ ᠲᠣᠪᠴᠢᠶ᠎ᠠ ︵ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ︶ ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠯᠪᠠᠨ ᠭᠡᠷ︶᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠭᠠᠵᠠᠷ ᠬᠥᠳᠡᠯᠦᠯᠲᠡ ᠶᠢᠨ ᠲᠣᠪᠴᠢᠶ᠎ᠠ᠂ ᠮᠥᠩᠭᠦᠨ ᠭᠦᠢᠯᠭᠡᠭᠡᠨ ᠤ ᠠᠵᠢᠯ ᠤᠨ ᠦᠢᠯᠡᠴᠢᠯᠡᠭᠡᠨ ᠤ ᠲᠥᠪ᠂ ᠥᠪᠥᠷ ᠮᠣᠩᠭᠤᠯ ᠤᠨ ᠶᠢᠨ ᠯᠦᠩ ᠠᠵᠤ ᠦᠢᠯᠡᠳᠪᠦᠷᠢ ᠶᠢᠨ ᠬᠦᠷᠢᠶᠡᠯᠡᠩ ᠤᠨ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠬᠢᠵᠠᠭᠠᠷᠲᠤ ᠺᠣᠮᠫᠠᠨᠢ᠂ ᠲᠣᠭᠲᠠᠬᠤ ᠰᠢᠶᠠᠨ ᠤ ᠴᠧᠩ ᠹᠠ ᠪᠡᠯᠡ ᠤᠷᠤᠭᠤᠯᠤᠯᠳᠠ ᠡᠵᠡᠩᠨᠡᠯᠳᠡ ᠶᠢᠨ ᠬᠢᠵᠠᠭᠠᠷᠲᠤ ᠺᠣᠮᠫᠠᠨᠢ ᠲᠠᠢ ᠬᠠᠷᠢᠯᠴᠠᠨ᠎ᠠ᠃      ᠬᠤᠪᠢᠳᠠᠨ ᠬᠠᠷᠢᠯᠴᠠᠬᠤ᠄ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠶᠢ ᠬᠠᠪᠰᠤᠷᠴᠤ ᠰᠢᠶᠠᠨ ᠤ ᠬᠢᠨᠠᠨ ᠪᠤᠳᠤᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃        ᠬᠠᠷᠢᠯᠴᠠᠬᠤ᠄ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠥᠷᠥ ᠶᠢᠨ ᠵᠥᠪᠯᠡᠯᠭᠡᠨ ᠤ ᠲᠣᠭᠲᠠᠬᠤ ᠰᠢᠶᠠᠨ ᠤ ᠵᠦᠪᠯᠡᠯ᠂ ᠬᠢᠨᠠᠨ ᠪᠠᠶᠢᠴᠠᠭᠠᠬᠤ ᠵᠥᠪᠯᠡᠯ᠂ ᠭᠠᠯ ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠲᠣᠭᠲᠠᠬᠤ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠲᠣᠭᠲᠠᠬᠤ ᠰᠠᠯᠪᠤᠷᠢ ᠲᠣᠪᠴᠢᠶ᠎ᠠ᠂ ᠲᠤᠭᠳᠠᠬᠤ ᠰᠢᠶᠠᠨ ᠳᠤ ᠰᠠᠭᠤᠭ᠎ᠠ ᠪᠤᠰᠤᠳ ᠪᠠᠩᠬᠢ᠂ ᠡᠯ᠎ᠡ ᠳᠠᠭᠠᠳᠬᠠᠯ ᠤᠨ ᠺᠣᠮᠫᠠᠨᠢ ᠲᠠᠢ ᠬᠠᠷᠢᠯᠴᠠᠨ᠎ᠠ᠃      ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃       ᠲᠣᠪᠴᠢ ᠨᠠᠮᠲᠠᠷ᠄      ᠵᠢᠶᠣᠣ ᠴᠢᠶᠠᠨ᠂ ᠡᠷᠡᠭᠲᠡᠢ᠂ ᠬᠢᠲᠠᠳ ᠦᠨᠳᠦᠰᠦᠲᠡᠨ᠂ 1975 ᠣᠨ ᠤ 9ᠳ᠋ᠤᠭᠡᠷ ᠰᠠᠷ᠎ᠠ ᠳᠤ ᠲᠦᠷᠦᠵᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠤᠳᠤ ᠲᠣᠭᠲᠠᠬᠤ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠴᠠ ᠤᠷᠳᠤᠨ ᠤ ᠪᠠᠶᠢᠩᠭᠤ ᠶᠢᠨ ᠳᠡᠳ᠋ ᠳᠠᠷᠤᠭ᠎ᠠ ᠶᠢᠨ ᠲᠤᠰᠢᠶᠠᠯ ᠲᠠᠢ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1