ᠴᠢᠬᠤᠯᠠ ᠰᠠᠨᠠᠭᠤᠯᠤᠮᠵᠢ︕ 2025 ᠣᠨ ᠤ ᠴᠡᠷᠢᠭ ᠤᠨ ᠠᠯᠪᠠ ᠳᠤ ᠪᠦᠷᠢᠳᠭᠡᠨ ᠲᠠᠩᠰᠠᠯᠠᠭᠤᠯᠬᠤ | ᠠᠵᠢᠯ 2025 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ᠎ᠡ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠴᠡᠷᠢᠭ ᠤᠨ ᠠᠯᠪᠠᠨ ᠤ ᠬᠠᠤᠯᠢ︾ ᠳᠤ ᠤᠯᠤᠰ ᠠᠴᠠ ᠴᠡᠷᠢᠭ ᠤᠨ ᠠᠯᠪᠠ ᠳᠤ ᠪᠦᠷᠢᠳᠭᠡᠨ | ᠳᠠᠩᠰᠠᠯᠠᠭᠤᠯᠬᠤ ᠲᠦᠷᠢᠮ ᠢ ᠬᠡᠷᠡᠭᠵᠢᠭᠦᠯᠵᠦ᠂ ᠡᠷᠡᠭᠲᠡᠶ ᠵᠠᠯᠠᠭᠤᠴᠤᠳ ᠨᠢᠭᠡᠪᠦᠷᠢ ᠪᠦᠬᠦᠯᠢ 18 ᠨᠠᠰᠤ ᠬᠥᠷᠬᠦ | ᠦᠶ᠎ᠡ ᠳᠤ ᠴᠥᠮ ᠴᠡᠷᠢᠭ ᠤᠨ ᠠᠯᠪᠠ ᠳᠤ ᠪᠦᠷᠢᠳᠭᠡᠨ ᠳᠠᠩᠰᠠᠯᠠᠭᠤᠯᠬᠤ ᠡᠭᠦᠷᠭᠡ ᠶᠢ ᠭᠦᠢᠴᠡᠳᠬᠡᠬᠦ ᠬᠡᠷᠡᠭᠲᠡᠶ ᠭᠡᠵᠦ | ᠲᠣᠳᠣᠷᠬᠠᠶ ᠲᠣᠭᠲᠠᠭᠠᠪᠠ᠃ ᠲᠤᠰ ᠵᠢᠯ ᠤᠨ 12 ᠰᠠᠷ᠎ᠠ ᠶᠢᠨ 31 ᠤ ᠡᠳᠦᠷ ᠠᠴᠠ ᠡᠮᠦᠨ᠎ᠡ ᠪᠦᠬᠦᠯᠢ 17 ᠨᠠᠰᠤ | ᠬᠦᠷᠦᠭᠰᠡᠨ ᠪᠠ ᠪᠦᠬᠦᠯᠢ 18 ᠨᠠᠰᠤ ᠬᠦᠷᠦᠭᠡᠳᠦᠢ ᠡᠷᠡᠭᠲᠡᠢ ᠠᠷᠠᠳ ᠢᠷᠭᠡᠨ ᠰᠡᠶᠢᠠ ᠳᠤᠷ᠎ᠠ ᠠᠴᠠ ᠪᠠᠨ ᠴᠡᠷᠢᠭ ᠤᠨ | ᠠᠯᠪᠠᠨ ᠳᠤ ᠠᠩᠬ᠎ᠠ ᠤᠳᠠᠭ᠎ᠠ ᠪᠦᠷᠢᠳᠭᠡᠨ ᠲᠠᠩᠰᠠᠯᠠᠭᠤᠯᠵᠤ ᠪᠣᠯᠤᠨ᠎ᠠ᠃ | ᠴᠡᠷᠢᠭ ᠤᠨ ᠠᠯᠪᠠᠨ ᠳᠤ ᠪᠦᠷᠢᠳᠭᠡᠨ ᠳᠠᠩᠰᠠᠯᠠᠭᠤᠯᠬᠤ ᠪᠣᠯ ᠲᠤᠬᠢᠷᠠᠬᠤ ᠨᠠᠰᠤᠨ ᠤ ᠵᠠᠯᠠᠭᠤᠴᠤᠳ | ᠨᠢᠭᠡᠪᠦᠷᠢ ᠶᠢᠨ ᠬᠢᠬᠦ ᠠᠵᠢᠯ ᠮᠥᠨ᠂ ᠲᠤᠬᠢᠷᠠᠬᠤ ᠨᠠᠰᠤᠨ ᠤ ᠠᠷᠠᠳ ᠢᠷᠭᠡᠨ ᠴᠥᠮ ᠴᠡᠷᠢᠭ ᠤᠨ ᠠᠯᠪᠠᠨ ᠳᠤ | ᠪᠦᠷᠢᠳᠭᠡᠨ ᠳᠠᠩᠰᠠᠯᠠᠭᠤᠯᠬᠤ ᠡᠭᠦᠷᠭᠡ ᠶᠢ ᠭᠦᠢᠴᠡᠳᠬᠡᠨ᠎ᠡ᠃ ᠴᠡᠷᠢᠭ ᠤᠨ ᠠᠯᠪᠠᠨ ᠳᠤ ᠪᠦᠷᠢᠳᠭᠡᠨ ᠳᠠᠩᠰᠠᠯᠠᠭᠤᠯᠬᠤ | ᠭᠡᠳᠡᠭ ᠨᠢ ᠵᠠᠪᠠᠯ ᠴᠡᠷᠢᠭ ᠠᠩᠭᠢ ᠳᠤ ᠣᠴᠢᠵᠤ ᠠᠯᠪᠠ ᠬᠠᠭᠠᠬᠤ ᠭᠡᠰᠡᠨ ᠶᠠᠪᠤᠳᠠᠯ ᠪᠢᠰᠢ᠂ ᠬᠠᠷᠢᠨ ᠤᠯᠤᠰ ᠠᠴᠠ | ᠲᠤᠬᠢᠷᠠᠬᠤ ᠨᠠᠰᠤᠨ ᠤ ᠠᠷᠠᠳ ᠢᠷᠭᠡᠨ ᠢ ᠬᠠᠤᠯᠢ ᠶᠣᠰᠣᠭᠠᠷ ᠳᠠᠩᠰᠠᠯᠠᠨ ᠬᠠᠮᠢᠶᠠᠷᠬᠤ ᠠᠵᠢᠯ ᠬᠢᠵᠦ᠂ ᠤᠯᠤᠰ ᠠᠴᠠ | ᠴᠡᠷᠢᠭ ᠤᠨ ᠳᠠᠯᠳᠠ ᠬᠦᠴᠦᠨ ᠢ ᠡᠵᠡᠮᠰᠢᠵᠦ᠂ ᠭᠠᠷᠴᠤ ᠮᠡᠳᠡᠬᠦ ᠪᠠᠴᠢᠮ ᠪᠠᠶᠢᠳᠠᠯ ᠢ ᠠᠷᠭᠠᠴᠠᠬᠤ ᠶᠢᠨ ᠲᠥᠯᠥᠭᠡ ᠶᠤᠮ | ᠃ | ᠪᠦᠬᠦᠯᠢ 18 ᠨᠠᠰᠤ ᠬᠦᠷᠦᠭᠰᠡᠨ ᠡᠷᠡᠭᠲᠡᠶ ᠵᠠᠯᠠᠭᠤᠴᠤᠳ ᠪᠥᠬᠦ ᠤᠯᠤᠰ ᠤᠨ ᠴᠡᠷᠢᠭ ᠡᠯᠰᠡᠬᠦ | ᠰᠦᠯᠵᠢᠶᠡᠨ ᠳᠤ ᠭᠠᠷᠬᠤ ᠪᠤᠶᠤ ᠴᠡᠷᠢᠭ ᠠᠩᠭᠢ ᠶᠢᠨ ᠵᠠᠭᠤᠴᠢᠯᠠᠭᠤᠷ ᠤᠨ ᠰᠢᠯᠵᠢᠮᠡᠯ ᠬᠤᠰᠢᠭᠤᠴᠢ ᠦᠵᠦᠭᠦᠷ ᠤᠨ ︽ | ᠳᠤᠮᠳᠠᠳᠤ ᠤᠯᠤᠰ ᠤᠨ ᠴᠡᠷᠢᠭ ᠤᠨ ᠳ᠋ᠤᠭᠠᠷ App︾ ᠳᠤ ᠭᠠᠷᠴᠤ ︽ᠴᠡᠷᠢᠭ ᠲᠤ ᠣᠷᠣᠬᠤ ᠪᠠᠷ ᠨᠡᠷ᠎ᠡ ᠮᠡᠳᠡᠭᠦᠯᠬᠦ︾ | ᠰᠤᠪᠠᠭ ᠤᠨ ︽ᠴᠡᠷᠢᠭ ᠤᠨ ᠠᠯᠪᠠ ᠬᠠᠭᠠᠬᠤ ᠪᠦᠷᠢᠳᠭᠡᠨ ᠳᠡᠩᠰᠡᠯᠡᠯᠲᠡ︾ ᠶᠢ ᠲᠤᠪᠰᠢᠵᠦ ᠪᠦᠷᠢᠳᠭᠡᠨ | ᠳᠠᠩᠰᠠᠯᠠᠭᠤᠯᠵᠤ ᠪᠣᠯᠤᠨ᠎ᠠ᠃ ᠴᠡᠷᠢᠭ ᠤᠨ ᠠᠯᠪᠠᠨ ᠳᠤ ᠪᠦᠷᠢᠳᠭᠡᠨ ᠳᠠᠩᠰᠠᠯᠠᠭᠤᠯᠵᠤ ᠥᠩᠭᠡᠷᠡᠭᠰᠡᠨ᠂ ᠴᠡᠷᠢᠭ ᠲᠤ | ᠣᠷᠣᠬᠤ ᠰᠠᠨᠠᠭ᠎ᠠ ᠲᠠᠢ ᠬᠦᠮᠦᠰ ᠰᠦᠯᠵᠢᠶᠡᠨ ᠳᠡᠭᠡᠷ᠎ᠡ ᠰᠢᠭᠤᠳ ᠨᠡᠷ᠎ᠡ ᠮᠡᠳᠡᠭᠦᠯᠵᠦ ᠪᠣᠯᠤᠨ᠎ᠠ᠃ |