ᠣᠷᠳᠣᠰ ᠬᠤᠲᠠ ᠶᠢᠨ ᠦᠦᠰᠢᠨ ᠬᠤᠰᠢᠭᠤᠨ ᠤ ᠠᠵᠤ ᠤᠶᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠣᠪᠴᠢᠶ᠎ᠠ 12 ᠰᠠᠷ᠎ᠠ ᠶᠢᠨ 16 ᠤ ᠡᠳᠦᠷ ︽ᠡᠭᠦᠯᠡᠨ ᠵᠢᠭᠤᠯᠴᠢᠯᠠᠯ ᠣᠷᠳᠣᠰ︾ ᠸᠢᠴᠠᠲ ᠤᠨ ᠵᠢᠵᠢᠭ | ᠫᠷᠤᠭ᠍ᠷᠠᠮ ᠢᠶᠠᠷ ᠲᠠᠮᠵᠢᠭᠤᠯᠤᠨ ᠮᠠᠰᠢᠨ ᠲᠡᠷᠭᠡᠨ ᠤ ᠬᠡᠷᠡᠭᠯᠡᠭᠡᠨ ᠤ ᠲᠡᠮᠳᠡᠭᠲᠦ ᠲᠠᠷᠬᠠᠭᠠᠵᠤ᠂ ᠠᠵᠢᠯᠯᠠᠭ᠎ᠠ ᠶᠢᠨ | ᠬᠤᠭᠤᠴᠠᠭᠠᠨ ᠳᠤ ᠨᠡᠶᠢᠲᠡ 95 ᠲᠦᠮᠡᠨ ᠲᠥᠭᠦᠷᠢᠭ ᠤᠨ ᠮᠠᠰᠢᠨ ᠲᠡᠷᠭᠡᠨ ᠤ ᠬᠡᠷᠡᠭᠯᠡᠭᠡᠨ ᠤ ᠲᠡᠮᠳᠡᠭᠲᠦ ᠲᠠᠯᠪᠢᠬᠤ | ᠪᠤᠯᠤᠨ᠎ᠠ᠃ 2024 ᠣᠨ ᠤ 12 ᠰᠠᠷ᠎ᠠ ᠶᠢᠨ 16 ᠤ ᠡᠳᠦᠷ —12 ᠰᠠᠷ᠎ᠠ ᠶᠢᠨ 25 ᠤ ᠡᠳᠦᠷ ᠪᠤᠯᠳᠠᠯ᠎ᠠ | ᠬᠡᠷᠡᠭᠯᠡᠭᠡᠨ ᠤ ᠲᠡᠮᠳᠡᠭᠲᠦ ᠶᠢ ᠬᠡᠷᠡᠭᠯᠡᠵᠦ ᠳᠠᠭᠤᠰᠪᠠᠯ ᠠᠵᠢᠯᠯᠠᠭ᠎ᠠ ᠠᠶᠠᠨᠳᠠᠭᠠᠨ ᠳᠠᠭᠤᠰᠤᠨ᠎ᠠ᠃ᠲᠣᠰ ᠤᠳᠠᠭᠠᠨ ᠤ | ᠮᠠᠰᠢᠨ ᠲᠡᠷᠭᠡᠨ ᠤ ᠬᠡᠷᠡᠭᠯᠡᠭᠡᠨ ᠤ ᠲᠡᠮᠳᠡᠭᠲᠦ ᠶᠢᠨ ᠠᠵᠢᠯᠯᠠᠭ᠎ᠠ ᠶᠢ ᠦᠦᠰᠢᠨ ᠬᠤᠰᠢᠭᠤᠨ ᠠᠴᠠ ᠮᠠᠰᠢᠨ ᠲᠡᠷᠭᠡ | ᠬᠤᠳᠠᠯᠳᠤᠨ ᠠᠪᠬᠤ ᠪᠣᠶ ᠪᠥᠬᠦᠶ ᠬᠥᠮᠦᠰ ᠲᠤ ᠣᠯᠭᠤᠨ᠎ᠠ᠃ ᠬᠡᠷᠡᠭᠯᠡᠭᠴᠢ ︵ᠬᠤᠪᠢ ᠬᠥᠮᠦᠨ᠂ ᠬᠤᠪᠢ ᠶᠢᠨ | ᠤᠶᠢᠯᠡᠳᠪᠦᠷᠢ ᠬᠤᠳᠠᠯᠳᠤᠭᠠᠨ ᠤ ᠡᠷᠦᠬᠡ᠂ ᠠᠵᠤ ᠠᠬᠤᠶᠢᠯᠠᠯ ᠤᠨ ᠪᠠᠶᠢᠭᠤᠯᠤᠮᠵᠢ ᠵᠡᠷᠭᠡ᠂ ᠡᠳ᠋ ᠤᠨ ᠵᠠᠰᠠᠭ ᠠᠴᠠ | ᠠᠰᠠᠷᠠᠨ ᠲᠡᠵᠢᠭᠡᠬᠦ ᠨᠢᠭᠡᠴᠡ ᠪᠠᠭᠲᠠᠬᠤ ᠥᠬᠡᠶ︶ ᠦᠦᠰᠢᠨ ᠬᠤᠰᠢᠭᠤᠨ ᠤ ᠮᠠᠰᠢᠨ ᠲᠡᠷᠭᠡ ᠪᠣᠷᠣᠯᠠᠭᠤᠯᠬᠤ ᠠᠵᠤ | ᠠᠬᠤᠶᠢᠯᠠᠯ ᠠᠴᠠ ᠴᠣ ᠰᠢᠨ᠎ᠡ ᠰᠠᠭᠤᠳᠠᠯ ᠤᠨ ᠮᠠᠰᠢᠨ ᠲᠡᠷᠭᠡ ᠬᠤᠳᠠᠯᠳᠤᠨ ᠠᠪᠬᠤ ᠶᠢᠨ ᠬᠠᠮᠲᠤ ᠦᠦᠰᠢᠨ | ᠬᠤᠰᠢᠭᠤᠨ ᠳᠤ ᠲᠣᠰ ᠭᠠᠵᠠᠷ ᠠᠴᠠ ᠬᠤᠳᠠᠯᠳᠤᠨ ᠠᠪᠤᠭᠰᠠᠨ ᠭᠠᠶᠢᠯᠢ ᠶᠢᠨ ᠪᠠᠷᠢᠮᠲᠠ ᠬᠢᠵᠦ ᠥᠭᠴᠦ᠂ ᠮᠠᠰᠢᠨ | ᠲᠡᠷᠭᠡᠨ ᠤ ᠳᠡᠩᠰᠡᠯᠡᠯᠲᠡ ᠬᠢᠯᠭᠡᠵᠦ ᠫᠠᠶᠢᠰᠠ ᠠᠪᠤᠪᠠᠯ ᠮᠠᠰᠢᠨ ᠲᠡᠷᠭᠡᠨ ᠤ ᠬᠡᠷᠡᠭᠯᠡᠭᠡᠨ ᠤ ᠲᠡᠮᠳᠡᠭᠲᠦ ᠶᠢ ᠠᠪᠴᠤ | ᠬᠡᠷᠡᠭᠯᠡᠵᠦ ᠪᠣᠯᠤᠨ᠎ᠠ᠃ᠦᠳᠡ ᠶᠢᠨ ᠡᠮᠦᠨ᠎ᠡ ᠪᠦᠷᠢ ᠶᠢᠨ 9᠄ 00᠂ ᠦᠳᠡ ᠶᠢᠨ ᠬᠤᠶᠢᠨᠡᠬᠢ 3᠄ 00 ᠲᠤ ︽ | ᠡᠭᠦᠯᠡᠨ ᠵᠢᠭᠤᠯᠴᠢᠯᠠᠯ ᠣᠷᠳᠣᠰ︾ ᠸᠢᠴᠠᠲ ᠤᠨ ᠵᠢᠵᠢᠭ ᠫᠷᠤᠭ᠍ᠷᠠᠮ ᠢᠶᠠᠷ ᠳᠠᠮᠵᠢᠭᠤᠯᠤᠨ ᠲᠠᠷᠬᠠᠭᠠᠨᠡ᠂ ᠡᠳᠦᠷ ᠲᠤ | ᠬᠥᠮᠦᠨ ᠪᠦᠷᠢ ᠳᠤ 1 ᠯᠡ ᠲᠡᠮᠳᠡᠭᠳᠦ ᠪᠠᠷ ᠬᠢᠵᠠᠭᠠᠷᠯᠠᠵᠦ᠂ ᠲᠣᠰ ᠡᠳᠦᠷ ᠲᠤᠨᠢ ᠬᠦᠴᠦᠨ ᠲᠠᠢ ᠪᠠᠶᠢᠵᠤ᠂ ᠪᠢᠯᠧᠲ | ᠪᠤᠯᠢᠶᠠᠯᠳᠤᠬᠤ ᠭᠠᠷ ᠤᠲᠠᠰᠤᠨ ᠤ ᠨᠣᠮᠧᠷ ᠪᠠ ᠮᠠᠰᠢᠨ ᠲᠡᠷᠭᠡ ᠬᠤᠳᠠᠯᠳᠤᠨ ᠠᠪᠤᠭᠴᠢ ᠨᠢ ᠡᠷᠬᠡᠪᠰᠢ ᠨᠢᠭᠡ ᠬᠥᠮᠦᠨ | ᠪᠠᠶᠢᠬᠤ ᠬᠡᠷᠡᠭᠲᠡᠶ᠃ |