ᠰᠢᠨᠬᠤᠸᠠ ᠬᠤᠷᠢᠶ᠎ᠠ ᠶᠢᠨ ᠰᠠᠨᠶᠠ ᠶᠢᠨ 12 ᠰᠠᠷ᠎ᠠ ᠶᠢᠨ 17 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠠᠶᠢᠨᠠᠨ ᠮᠤᠵᠢ ᠶᠢᠨ ᠨᠠᠮ ᠤᠨ ᠬᠤᠷᠢᠶ᠎ᠠ ᠪᠠ ᠮᠤᠵᠢ ᠶᠢᠨ | ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠳᠠᠭᠠᠨ ᠨᠠᠮ ᠤᠨ ᠬᠤᠷᠢᠳᠤᠭᠠᠷ ᠶᠡᠭᠡ ᠬᠤᠷᠠᠯ | ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠬᠠᠶᠢᠨᠠᠨ ᠤ ᠴᠢᠯᠦᠭᠡᠲᠦ ᠠᠷᠠᠯᠵᠢᠶᠠᠨ ᠤ ᠭᠠᠷᠠᠮ ᠤᠨ ᠪᠦᠲᠦᠭᠡᠨ | ᠪᠠᠶᠢᠭᠤᠯᠤᠯᠲᠠ ᠶᠢᠨ ᠲᠤᠬᠠᠢ ᠨᠠᠮ ᠤᠨ ᠲᠥᠪ ᠬᠤᠷᠢᠶ᠎ᠠ ᠶᠢᠨ ᠡᠯ᠎ᠡ ᠵᠦᠢᠯ ᠤᠨ ᠪᠠᠶᠢᠷᠢᠯᠠᠭᠤᠯᠤᠯᠲᠠ ᠶᠢ ᠬᠢᠨᠠᠮᠠᠭᠠᠢ | ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠲᠤᠷᠰᠢᠯᠲᠠ ᠶᠢᠨ ᠣᠷᠣᠨ᠂ | ᠤᠯᠤᠰ ᠤᠨ ᠠᠮᠢ ᠠᠬᠤᠢ ᠶᠢᠨ ᠪᠣᠯᠪᠠᠰᠤᠨ ᠤ ᠲᠤᠷᠰᠢᠯᠲᠠ ᠶᠢᠨ ᠣᠷᠣᠨ᠂ ᠣᠯᠠᠨ ᠤᠯᠤᠰ ᠤᠨ ᠵᠢᠭᠤᠯᠴᠢᠯᠠᠯ ᠤᠨ | ᠬᠡᠷᠡᠭᠯᠡᠭᠡ ᠶᠢᠨ ᠲᠥᠪ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠦᠢᠯᠡᠴᠢᠯᠡᠭᠡ ᠪᠠᠲᠤᠯᠠᠭ᠎ᠠ ᠶᠢᠨ | ᠣᠷᠣᠨ ᠢ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ ᠪᠣᠭᠤᠮᠲᠠ | ᠪᠢᠲᠡᠭᠦᠮᠵᠢᠯᠡᠬᠦ ᠶᠢᠨ ᠡᠮᠦᠨ᠎ᠡ ᠬᠤᠶᠢᠨᠠᠬᠢ ᠥᠭᠡᠷᠡᠴᠢᠯᠡᠯᠲᠡ ᠨᠡᠭᠡᠭᠡᠯᠲᠡ ᠪᠠ ᠴᠢᠨᠠᠷ ᠰᠠᠶᠢᠲᠠᠢ ᠬᠥᠭᠵᠢᠯᠲᠡ ᠶᠢᠨ ᠠᠵᠢᠯ ᠢ | ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠦᠷᠭᠦᠯᠵᠢᠯᠡᠨ ᠦᠵᠡᠯ ᠰᠠᠨᠠᠭ᠎ᠠ ᠪᠠᠨ ᠴᠢᠯᠦᠭᠡᠯᠡᠵᠦ᠂ ᠵᠡᠮ ᠨᠡᠭᠡᠭᠡᠨ | ᠰᠢᠨ᠎ᠡ ᠶᠢ ᠡᠭᠦᠳᠴᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠠᠵᠢᠯ ᠢᠶᠠᠨ ᠯᠠᠪᠳᠠᠭᠤᠨ ᠢᠶᠠᠷ ᠠᠬᠢᠭᠤᠯᠵᠤ᠂ | ᠬᠠᠶᠢᠨᠠᠨ ᠤ ᠴᠢᠯᠦᠭᠡᠲᠦ ᠠᠷᠠᠯᠵᠢᠶᠠᠨ ᠤ ᠭᠠᠷᠠᠮ ᠢ ᠮᠠᠨ ᠤ ᠤᠯᠤᠰ ᠤᠨ ᠰᠢᠨ᠎ᠡ ᠴᠠᠭ ᠦᠶ᠎ᠡ ᠶᠢᠨ ᠭᠠᠳᠠᠭᠠᠳᠤ ᠨᠡᠭᠡᠭᠡᠯᠲᠡ ᠶᠢ | ᠬᠥᠲᠥᠯᠥᠨ ᠳᠠᠭᠠᠭᠤᠯᠬᠤ ᠴᠢᠬᠤᠯᠠ ᠡᠭᠦᠳᠡ ᠪᠣᠯᠭᠠᠨ ᠴᠣᠭᠴᠠᠯᠠᠬᠤ ᠪᠠᠷ ᠴᠢᠷᠮᠠᠶᠢᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠬᠠᠶᠢᠨᠠᠨ ᠤ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠵᠠᠢ᠃ | | | | | | 12 ᠰᠠᠷ᠎ᠠ ᠶᠢᠨ 17 ᠤ ᠦᠳᠡ ᠶᠢᠨ ᠬᠤᠶᠢᠨ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠬᠠᠶᠢᠨᠠᠨ ᠤ ᠰᠠᠨᠶᠠ ᠳᠤ ᠬᠠᠶᠢᠨᠠᠨ ᠮᠤᠵᠢ ᠶᠢᠨ ᠨᠠᠮ ᠤᠨ ᠬᠤᠷᠢᠶ᠎ᠠ ᠪᠠ ᠮᠤᠵᠢ ᠶᠢᠨ ᠵᠠᠰᠠᠭ ᠤᠨ | ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠳ᠋ᠢᠩ ᠬᠠᠢ ᠲᠤᠤ ᠰᠡᠭᠦᠳᠡᠷᠯᠡᠪᠡ | | 12 ᠰᠠᠷ᠎ᠠ ᠶᠢᠨ 17 ᠤ ᠦᠳᠡ ᠶᠢᠨ ᠬᠤᠶᠢᠨ᠎ᠠ᠂ ᠰᠢ ᠶᠢᠨ ᠫᠢᠩ ᠬᠠᠶᠢᠨᠠᠨ ᠮᠤᠵᠢ ᠶᠢᠨ ᠰᠠᠨᠶᠠ ᠬᠤᠲᠠ ᠳᠤ | ᠬᠠᠶᠢᠨᠠᠨ ᠮᠤᠵᠢ ᠶᠢᠨ ᠨᠠᠮ ᠤᠨ ᠬᠤᠷᠢᠶ᠎ᠠ ᠪᠠ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ | ᠰᠣᠨᠣᠰᠪᠠ᠃ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠹᠧᠩ ᠹᠧᠢ ᠬᠠᠷᠢᠭᠤ ᠮᠡᠳᠡᠭᠦᠯᠦᠯᠲᠡ ᠬᠢᠵᠦ᠂ ᠮᠤᠵᠢ ᠶᠢᠨ | ᠳᠠᠷᠤᠭ᠎ᠠ ᠯᠢᠦ ᠰᠢᠶᠣᠣ ᠮᠢᠩ ᠨᠠᠷ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ᠃ | ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠤ᠂ ᠬᠠᠶᠢᠨᠠᠨ ᠤ | ᠡᠯ᠎ᠡ ᠵᠦᠢᠯ ᠤᠨ ᠠᠵᠢᠯ ᠤᠨ ᠣᠯᠣᠭᠰᠠᠨ ᠠᠮᠵᠢᠯᠲᠠ ᠶᠢ ᠨᠤᠲᠠᠯᠠᠵᠤ᠂ ᠳᠠᠷᠠᠭᠠᠴᠢ ᠶᠢᠨ ᠠᠯᠬᠤᠮ ᠤᠨ ᠠᠵᠢᠯ ᠳᠤ ᠲᠣᠳᠣᠷᠬᠠᠢ | ᠱᠠᠭᠠᠷᠳᠠᠯᠭ᠎ᠠ ᠳᠤᠷᠠᠳᠪᠠ᠃ | | | | | | 12 ᠰᠠᠷ᠎ᠠ ᠶᠢᠨ 17 ᠤ ᠦᠳᠡ ᠶᠢᠨ ᠬᠤᠶᠢᠨ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠬᠠᠶᠢᠨᠠᠨ ᠤ ᠰᠠᠨᠶᠠ ᠳᠤ ᠬᠠᠶᠢᠨᠠᠨ ᠮᠤᠵᠢ ᠶᠢᠨ ᠨᠠᠮ ᠤᠨ ᠬᠤᠷᠢᠶ᠎ᠠ ᠪᠠ ᠮᠤᠵᠢ ᠶᠢᠨ ᠵᠠᠰᠠᠭ ᠤᠨ | ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠲᠤᠤ ᠰᠡᠭᠦᠳᠡᠷᠯᠡᠪᠡ | | ᠰᠢ ᠶᠢᠨ ᠫᠢᠩ᠂ ᠬᠠᠶᠢᠨᠠᠨ ᠤ ᠣᠨᠴᠠᠯᠢᠭ ᠪᠠ ᠳᠠᠪᠠᠭᠤᠯᠢᠭ ᠲᠠᠢ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ | ᠬᠦᠴᠦᠯᠡᠨ ᠪᠠᠶᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ | ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠵᠢᠭᠤᠯᠴᠢᠯᠠᠯ ᠤᠨ ᠦᠢᠯᠡᠰ᠂ ᠤᠳᠤ | ᠦᠶ᠎ᠡ ᠶᠢᠨ ᠦᠢᠯᠡᠴᠢᠯᠡᠭᠡᠨ ᠤ ᠦᠢᠯᠡᠰ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ᠂ ᠬᠠᠯᠠᠭᠤᠨ ᠪᠦᠰᠡ ᠶᠢᠨ | ᠣᠨᠴᠠᠯᠢᠭᠲᠤ ᠥᠨᠳᠥᠷ ᠪᠦᠲᠦᠮᠵᠢᠲᠡᠢ ᠲᠠᠷᠢᠶᠠᠯᠠᠩ ᠵᠡᠷᠭᠡ ᠭᠤᠣᠯᠯᠠᠬᠤ ᠠᠵᠤ ᠦᠢᠯᠡᠰ ᠤᠨ ᠬᠡᠯᠬᠢᠶ᠎ᠡ ᠶᠢ ᠨᠥᠬᠦᠪᠦᠷᠢᠯᠡᠨ | ᠤᠷᠲᠤᠳᠬᠠᠬᠤ᠂ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠠᠬᠢᠭᠤᠯᠬᠤ ᠬᠡᠷᠡᠭᠲᠡᠢ᠃ ᠤᠯᠤᠰ ᠤᠨ ᠪᠠᠶᠢᠯᠳᠤᠬᠤ | ᠪᠣᠳᠣᠯᠭ᠎ᠠ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠦᠴᠦᠨ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ | ᠤᠯᠠᠨ ᠤᠯᠤᠰ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠠᠮᠲᠤᠷᠠᠯᠴᠠᠭ᠎ᠠ ᠶᠢ ᠴᠢᠩᠭᠠᠳᠬᠠᠨ᠂ ᠨᠡᠩ ᠨᠡᠭᠡᠭᠡᠯᠲᠡᠲᠡᠢ | ᠴᠢᠳᠠᠪᠤᠷᠢᠲᠠᠨ ᠤᠷᠢᠬᠤ ᠲᠣᠭᠲᠠᠴᠠ ᠶᠢ ᠪᠠᠶᠢᠭᠤᠯᠵᠤ᠂ ᠤᠯᠠᠨ ᠲᠡᠰ ᠳᠠᠪᠬᠤᠷᠭ᠎ᠠ ᠶᠢᠨ ᠰᠢᠨᠵᠢᠯᠡᠬᠦ ᠤᠬᠠᠭᠠᠨ ᠲᠸᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠢ ᠪᠠᠶᠢᠭᠤᠯᠤᠨ᠂ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ | ᠡᠷᠴᠢᠮ ᠢᠶᠠᠨ ᠴᠢᠩᠭᠠᠷᠠᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠦᠷ᠎ᠡ ᠪᠦᠲᠦᠭᠡᠯ ᠤᠨ | ᠤᠨᠳᠤᠤᠰᠢᠭᠤᠯᠤᠯᠳᠠ ᠶᠢ ᠴᠢᠩᠭᠠᠳᠬᠠᠨ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠬᠡᠷᠡᠭᠲᠡᠢ᠃ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ | ᠦᠭᠡᠢ ᠬᠥᠭᠵᠢᠭᠦᠯᠬᠦ ᠶᠢ ᠪᠠᠷᠢᠮᠲᠠᠯᠠᠵᠤ᠂ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠢ ᠴᠡᠭᠴᠡᠯᠡᠨ ᠵᠠᠰᠠᠬᠤ ᠶᠢ | ᠴᠢᠩᠭᠠᠳᠬᠠᠵᠤ᠂ ᠨᠣᠮᠢᠨ ᠤᠰᠤ ᠬᠥᠬᠡᠮᠳᠦᠭ ᠠᠭᠤᠯᠠ᠂ ᠴᠡᠩᠬᠡᠷ ᠲᠡᠯᠡᠶ ᠬᠥᠬᠡ ᠣᠭᠲᠠᠷᠭᠤᠢ ᠶᠢ ᠰᠠᠶᠢᠲᠤᠷ ᠰᠠᠬᠢᠨ | ᠬᠠᠮᠠᠭᠠᠯᠠᠬᠤ ᠬᠡᠷᠡᠭᠲᠡᠢ᠃ ᠰᠣᠶᠣᠯ᠂ ᠪᠡᠶ᠎ᠡ ᠶᠢᠨ ᠲᠠᠮᠢᠷ᠂ ᠵᠢᠭᠤᠯᠴᠢᠯᠠᠯ᠂ ᠡᠷᠡᠭᠦᠯᠵᠢᠯ ᠰᠤᠪᠢᠯᠠᠯᠲᠠ ᠵᠡᠷᠭᠡ ᠠᠵᠤ | ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠵᠢᠭᠤᠯᠴᠢᠯᠠᠯ ᠤᠨ ᠦᠢᠯᠡᠰ ᠤᠨ ᠨᠡᠭᠡᠭᠡᠯᠲᠡᠲᠤ ᠬᠠᠮᠲᠤᠷᠠᠯᠴᠠᠭ᠎ᠠ ᠶᠢ | ᠠᠬᠢᠭᠤᠯᠬᠤ ᠬᠡᠷᠡᠭᠲᠡᠢ᠃ ᠰᠢᠨ᠎ᠡ ᠭᠡᠯᠪᠡᠷᠢ ᠶᠢᠨ ᠬᠡᠷᠡᠭᠯᠡᠭᠡ ᠶᠢ ᠪᠣᠶᠢᠵᠢᠭᠤᠯᠤᠨ ᠪᠤᠵᠠᠭᠠᠶᠢᠷᠠᠭᠤᠯᠵᠤ᠂ ᠬᠡᠷᠡᠭᠯᠡᠭᠡ ᠶᠢᠨ | ᠭᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠬᠤ ᠬᠡᠷᠡᠭᠲᠡᠢ᠃ ᠡᠬᠡ ᠬᠠᠭᠤᠷᠠᠢ ᠪᠠ ᠳᠠᠯᠠᠢ ᠲᠠᠩᠭᠢᠰ ᠢ | ᠨᠢᠭᠡᠳᠦᠯᠲᠡᠢ ᠲᠥᠯᠥᠪᠵᠢᠭᠦᠯᠬᠦ᠂ ᠠᠭᠤᠯᠠᠷᠬᠠᠭ ᠣᠷᠣᠨ ᠪᠠ ᠳᠠᠯᠠᠢ ᠲᠠᠩᠭᠢᠰ ᠢ ᠬᠤᠷᠰᠢᠯᠴᠠᠭᠤᠯᠬᠤ᠂ ᠡᠬᠢ ᠪᠠᠶᠠᠯᠢᠭ ᠢ | ᠠᠭᠤᠰᠤᠯᠴᠠᠭᠤᠯᠤᠨ ᠨᠡᠪᠲᠡᠷᠡᠭᠦᠯᠬᠦ ᠶᠢ ᠪᠠᠷᠢᠮᠲᠠᠯᠠᠵᠤ᠂ ᠳᠠᠯᠠᠢ ᠲᠠᠩᠭᠢᠰ ᠤᠨ ᠨᠡᠭᠡᠭᠡᠨ ᠬᠥᠭᠵᠢᠭᠦᠯᠦᠯᠲᠡ ᠶᠢ ᠰᠠᠶᠢᠲᠤᠷ | ᠠᠳᠬᠤᠵᠤ᠂ ᠳᠠᠯᠠᠢ ᠲᠠᠩᠭᠢᠰ ᠠᠴᠠ ᠦᠢᠯᠡᠳᠪᠦᠷᠢᠯᠡᠯ ᠤᠨ ᠬᠦᠴᠦᠨ ᠢ ᠣᠯᠵᠤ᠂ ᠰᠢᠨ᠎ᠡ ᠨᠡᠮᠡᠭᠳᠡᠯ ᠤᠨ ᠴᠡᠭ ᠢ ᠡᠷᠢᠯᠬᠢᠯᠡᠵᠦ᠂ | ᠳᠠᠯᠠᠢ ᠲᠠᠩᠭᠢᠰ ᠤᠨ ᠬᠦᠴᠦᠷᠬᠡᠭ ᠮᠤᠵᠢ ᠶᠢ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ | ᠴᠢᠯᠦᠭᠡᠲᠦ ᠠᠷᠠᠯᠵᠢᠶᠠᠨ ᠤ ᠭᠠᠷᠠᠮ ᠤᠨ ᠲᠦᠷᠦ ᠶᠢᠨ ᠪᠣᠳᠣᠯᠭ᠎ᠠ ᠳᠦᠷᠢᠮ ᠤᠨ ᠰᠢᠰᠲ᠋ᠧᠮ ᠢ ᠪᠦᠭᠦ ᠲᠠᠯ᠎ᠠ ᠪᠠᠷ | ᠬᠡᠷᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠭᠡᠭᠡᠯᠲᠡ ᠬᠢᠬᠦ ᠠᠬᠢᠴᠠ ᠪᠣᠯᠣᠨ ᠠᠶᠢᠵᠠᠮ ᠢ ᠨᠢᠭᠡᠳᠦᠯᠲᠡᠢ | ᠲᠥᠯᠥᠪᠵᠢᠭᠦᠯᠦᠨ ᠰᠠᠶᠢᠲᠤᠷ ᠲᠣᠬᠢᠷᠠᠭᠤᠯᠬᠤ ᠬᠡᠷᠡᠭᠲᠡᠢ᠃ ᠠᠷᠠᠯᠵᠢᠶ᠎ᠠ᠂ ᠪᠡᠯᠡ ᠣᠷᠣᠭᠤᠯᠤᠯᠲᠠ᠂ ᠬᠢᠯᠢ ᠠᠯᠤᠰᠯᠠᠭᠰᠠᠨ | ᠪᠡᠯᠡ ᠮᠥᠩᠭᠦ ᠶᠢᠨ ᠭᠦᠢᠯᠭᠡᠭᠡ᠂ ᠬᠥᠮᠥᠨ ᠬᠠᠷ᠎ᠠ ᠶᠢᠨ ᠣᠷᠣᠵᠤ ᠭᠠᠷᠬᠤ᠂ ᠲᠡᠭᠡᠭᠡᠪᠦᠷᠢ ᠶᠢᠨ ᠶᠠᠪᠤᠯᠴᠠᠭ᠎ᠠ ᠴᠢᠯᠦᠭᠡᠲᠡᠢ | ᠪᠥᠭᠡᠳ ᠳᠥᠭᠦᠮ ᠳᠥᠲᠡ ᠪᠠᠶᠢᠬᠤ ᠪᠠ ᠲᠤᠭ᠎ᠠ ᠪᠠᠷᠢᠮᠲᠠ ᠶᠢᠨ ᠠᠮᠤᠷ ᠲᠦᠪᠰᠢᠨ ᠡᠮᠬᠢ ᠵᠢᠷᠤᠮ ᠲᠠᠢ ᠭᠦᠢᠯᠭᠡᠭᠡ ᠶᠢ | ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠳᠡᠯᠡᠬᠡᠢ ᠶᠢᠨ ᠥᠨᠳᠥᠷ ᠲᠦᠪᠰᠢᠨ ᠪᠦᠬᠦᠢ ᠠᠵᠤ ᠠᠬᠤᠢ | ᠠᠷᠠᠯᠵᠢᠶᠠᠨ ᠤ ᠳᠦᠷᠢᠮ ᠢᠶᠠᠷ ᠪᠠᠷᠢᠮᠵᠢᠶᠠᠯᠠᠵᠤ᠂ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠶᠡᠭᠡ ᠪᠠᠷ ᠠᠬᠢᠭᠤᠯᠵᠤ᠂ ᠵᠠᠬ᠎ᠠ | ᠳᠡᠯᠭᠡᠭᠦᠷᠴᠢᠯᠡᠭᠰᠡᠨ᠂ ᠬᠠᠤᠯᠢ ᠪᠠᠷ ᠵᠠᠰᠠᠬᠤ᠂ ᠳᠡᠯᠡᠬᠡᠶᠢᠵᠢᠭᠰᠡᠨ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠭᠦ ᠣᠷᠴᠢᠨ | ᠨᠥᠬᠦᠴᠡᠯ ᠢ ᠪᠤᠢ ᠪᠤᠯᠭᠠᠬᠤ ᠬᠡᠷᠡᠭᠲᠡᠢ᠃ ᠡᠯ᠎ᠡ ᠲᠥᠷᠥᠯ ᠤᠨ ᠨᠡᠭᠡᠭᠡᠯᠲᠡ ᠶᠢᠨ ᠲᠠᠪᠴᠠᠩ ᠢ ᠪᠣᠳᠠᠲᠠᠶᠢᠵᠢᠭᠤᠯᠤᠨ | ᠰᠢᠯᠢᠳᠡᠭᠵᠢᠭᠦᠯᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠤᠯᠤᠰ ᠤᠳ ᠪᠠ ᠭᠠᠵᠠᠷ | ᠣᠷᠣᠨ ᠤ ᠴᠢᠯᠦᠭᠡᠲᠦ ᠠᠷᠠᠯᠵᠢᠶᠠᠨ ᠤ ᠬᠦᠷᠢᠶᠡᠯᠡᠩ ᠲᠣᠭᠤᠷᠢᠭ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠ | ᠴᠢᠳᠠᠮᠵᠢ ᠶᠢᠨ ᠵᠣᠯᠭᠠᠯᠴᠠᠭ᠎ᠠ ᠶᠢ ᠴᠢᠩᠭᠠᠳᠬᠠᠬᠤ ᠬᠡᠷᠡᠭᠲᠡᠢ᠃ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ | ᠣᠷᠣᠨ ᠯᠤᠭ᠎ᠠ ᠶᠢᠨ ᠬᠤᠯᠪᠣᠯᠳᠤᠨ ᠬᠥᠭᠵᠢᠬᠦ ᠶᠢ ᠴᠢᠩᠭᠠᠳᠬᠠᠵᠤ᠂ ᠬᠥᠬᠡᠮᠥ᠋ᠷᠡᠨ ᠤ ᠠᠵᠤ ᠠᠬᠤᠢ ᠶᠢᠨ ᠪᠦᠰᠡ᠂ | ᠬᠥᠬᠡᠮᠥ᠋ᠷᠡᠨ ᠤ ᠭᠤᠷᠪᠠᠯᠵᠢᠨ ᠬᠤᠶᠢᠭ ᠵᠡᠷᠭᠡ ᠣᠷᠣᠨ ᠪᠦᠰᠡ ᠯᠦᠭᠡ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠬᠡᠷᠡᠭᠲᠡᠢ᠃ | ᠬᠠᠶᠢᠨᠠᠨ ᠤ ᠴᠢᠯᠦᠭᠡᠲᠦ ᠠᠷᠠᠯᠵᠢᠶᠠᠨ ᠤ ᠭᠠᠷᠠᠮ ᠤᠨ ᠭᠤᠣᠯ ᠪᠤᠯᠬᠤ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ | ᠱᠠᠯᠠᠪᠳᠠᠭᠤᠯᠤᠨ ᠠᠬᠢᠭᠤᠯᠵᠤ᠂ ᠡᠯ᠎ᠡ ᠵᠦᠢᠯ ᠤᠨ ᠪᠡᠯᠡᠳᠬᠡᠯ ᠠᠵᠢᠯ ᠢ ᠨᠢᠮᠪᠠᠢ ᠰᠠᠶᠢᠲᠤᠷ ᠬᠢᠵᠦ᠂ ᠪᠣᠭᠤᠮᠲᠠ ᠬᠠᠭᠠᠬᠤ | ᠠᠵᠢᠯᠯᠠᠭᠠᠨ ᠤ ᠲᠣᠭᠲᠠᠭᠤᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠰᠠᠭᠤᠭᠠᠯᠢ ᠠᠷᠠᠳ ᠤᠨ ᠪᠣᠯᠪᠠᠰᠤᠨ ᠤ ᠬᠡᠪ ᠪᠣᠯᠪᠠᠰᠤᠷᠠᠯ ᠪᠣᠯᠣᠨ ᠨᠡᠶᠢᠭᠡᠮ ᠤᠨ ᠪᠣᠯᠪᠠᠰᠤᠨ ᠤ | ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ᠃ ᠨᠠᠮ ᠤᠨ ᠰᠢᠨ᠎ᠡ ᠡᠭᠦᠳᠦᠯᠲᠡ ᠶᠢᠨ ᠤᠨᠤᠯ ᠢᠶᠠᠷ | ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠨᠡᠶᠢᠭᠡᠮ ᠵᠢᠷᠤᠮ ᠤᠨ | ᠭᠤᠣᠯᠯᠠᠭᠴᠢ ᠦᠷᠳᠡᠭ ᠤᠨ ᠦᠵᠡᠯᠲᠡ ᠶᠢ ᠪᠣᠶᠢᠵᠢᠭᠤᠯᠤᠨ ᠪᠠᠳᠠᠷᠠᠭᠤᠯᠵᠤ᠂ ᠤᠯᠠᠨ ᠲᠦᠮᠡᠨᠴᠢ ᠴᠢᠨᠠᠷᠲᠠᠢ ᠤᠶᠤᠨ ᠤ | ᠪᠣᠯᠪᠠᠰᠤᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠪᠣᠳᠠᠰ ᠤᠨ ᠪᠣᠯᠪᠠᠰᠤᠨ ᠪᠠ ᠤᠶᠤᠨ ᠤ | ᠪᠣᠯᠪᠠᠰᠤᠨ ᠤ ᠬᠤᠣᠰ ᠳᠡᠭᠡᠭᠰᠢᠯᠡᠯᠲᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠲᠡᠦᠬᠡ ᠰᠣᠶᠣᠯ᠂ ᠬᠤᠪᠢᠰᠬᠠᠯᠲᠤ ᠰᠣᠶᠣᠯ᠂ | ᠳᠠᠯᠠᠢ ᠲᠠᠩᠭᠢᠰ ᠤᠨ ᠰᠣᠶᠣᠯ᠂ ᠠᠷᠠᠳ ᠤᠨ ᠵᠠᠩ ᠦᠢᠯᠡ ᠶᠢᠨ ᠰᠣᠶᠣᠯ ᠤᠨ ᠡᠬᠢ ᠪᠠᠶᠠᠯᠢᠭ ᠢ ᠰᠠᠶᠢᠲᠤᠷ ᠬᠠᠮᠠᠭᠠᠯᠠᠨ | ᠰᠠᠶᠢᠲᠤᠷ ᠠᠰᠢᠭᠯᠠᠵᠤ᠂ ᠰᠣᠶᠣᠯ ᠤᠨ ᠰᠢᠨ᠎ᠡ ᠶᠢ ᠡᠭᠦᠳᠬᠦ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠴᠢᠩᠭᠠᠳᠬᠠᠵᠤ᠂ | ᠰᠣᠶᠣᠯ ᠤᠨ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠬᠤ ᠬᠡᠷᠡᠭᠲᠡᠢ᠃ ᠬᠤᠳᠠ ᠬᠥᠳᠡᠭᠡ ᠶᠢᠨ ᠤᠯᠠᠨ | ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠬᠤᠳᠠ ᠬᠥᠳᠡᠭᠡ ᠶᠢᠨ ᠤᠯᠠᠨ ᠲᠦᠮᠡᠨ ᠤ | ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠂ ᠬᠡᠪ ᠵᠠᠩᠰᠢᠯ ᠢ ᠥᠭᠡᠷᠡᠴᠢᠯᠡᠬᠦ ᠶᠢ ᠦᠷᠭᠦᠯᠵᠢᠯᠡᠨ ᠠᠬᠢᠭᠤᠯᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠠᠷᠠᠳ ᠤᠨ ᠠᠮᠢᠳᠤᠷᠠᠯ ᠤᠨ ᠪᠠᠲᠤᠯᠠᠭ᠎ᠠ ᠪᠣᠯᠣᠨ ᠨᠡᠶᠢᠭᠡᠮ ᠤᠨ ᠵᠠᠰᠠᠯᠲᠠ ᠶᠢᠨ ᠲᠦᠪᠰᠢᠨ ᠢ ᠪᠦᠭᠦ | ᠲᠠᠯ᠎ᠠ ᠪᠠᠷ ᠳᠡᠭᠡᠭᠰᠢᠯᠡᠭᠦᠯᠭᠦ ᠬᠡᠷᠡᠭᠲᠡᠢ᠃ ᠰᠠᠭᠤᠷᠢ ᠴᠢᠨᠠᠷᠲᠠᠢ᠂ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠦᠨᠳᠦᠰᠦᠨ | ᠵᠦᠢᠯ ᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠬᠤᠳᠠ ᠬᠥᠳᠡᠭᠡ ᠶᠢᠨ | ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ | ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠬᠦ | ᠬᠡᠷᠡᠭᠲᠡᠢ᠃ ᠭᠤᠣᠯᠳᠠᠯᠭ᠎ᠠ ᠲᠠᠢ ᠬᠥᠮᠥᠰ ᠤᠨ ᠠᠵᠢᠯ ᠣᠯᠬᠤ ᠪᠠ ᠦᠢᠯᠡᠰ ᠪᠣᠰᠬᠠᠬᠤ ᠶᠢ ᠳᠡᠮᠵᠢᠬᠦ ᠪᠠᠨ ᠴᠢᠩᠭᠠᠳᠬᠠᠵᠤ᠂ | ᠠᠵᠢᠯ ᠣᠯᠭᠤᠯᠲᠠ ᠶᠢᠨ ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ ᠬᠤᠳᠠ ᠬᠥᠳᠡᠭᠡ ᠶᠢᠨ | ᠰᠠᠭᠤᠷᠢ ᠲᠥᠬᠦᠭᠡᠷᠦᠮᠵᠢ ᠪᠠ ᠤᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠷᠢᠰᠢᠭᠤᠯᠤᠯᠲᠠ ᠶᠢ ᠨᠢᠭᠡᠳᠦᠯᠲᠡᠢ | ᠲᠥᠯᠥᠪᠵᠢᠭᠦᠯᠵᠦ᠂ ᠬᠤᠳᠠ ᠪᠠᠯᠭᠠᠰᠤᠵᠢᠯᠲᠠ ᠶᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ᠃ ᠶᠠᠳᠠᠭᠤ ᠠᠴᠠ | ᠠᠩᠭᠢᠵᠢᠷᠠᠭᠰᠠᠨ ᠬᠥᠮᠥᠨ ᠠᠮᠠ ᠶᠢ ᠬᠠᠪᠰᠤᠷᠤᠨ ᠲᠡᠳᠬᠦᠬᠦ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ | ᠬᠡᠪᠴᠢᠶᠡᠵᠢᠯ ᠤᠨ ᠴᠢᠨᠠᠷᠲᠠᠢ ᠳᠠᠭᠢᠨ ᠶᠠᠳᠠᠭᠤᠷᠠᠬᠤ ᠦᠭᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ | ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ | ᠰᠢᠰᠲ᠋ᠧᠮ ᠢ ᠲᠡᠭᠦᠯᠳᠡᠷᠵᠢᠭᠦᠯᠦᠨ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠦᠨᠳᠦ ᠶᠡᠭᠡ ᠠᠶᠤᠯ ᠲᠦᠭᠰᠢᠭᠦᠷᠢ ᠥᠷᠢᠰᠦᠯᠳᠦᠭᠡᠨ ᠢ ᠠᠷᠭᠠᠴᠠᠭᠠᠬᠤ | ᠴᠢᠳᠠᠪᠤᠷᠢ ᠪᠠᠨ ᠳᠡᠭᠡᠭᠰᠢᠯᠡᠭᠦᠯᠭᠦ ᠬᠡᠷᠡᠭᠲᠡᠢ᠃ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠰᠲ᠋ᠧᠮ ᠢ | ᠲᠡᠭᠦᠯᠳᠡᠷᠵᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠡᠯ᠎ᠡ | ᠵᠦᠢᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠵᠠᠯᠬᠠᠭᠠᠨ ᠰᠢᠢᠳᠬᠡᠬᠦ ᠬᠡᠷᠡᠭᠲᠡᠢ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠨᠠᠮ ᠤᠨ ᠪᠠᠶᠢᠭᠤᠯᠤᠯᠲᠠ ᠶᠢᠨ ᠡᠯ᠎ᠡ | ᠵᠦᠢᠯ ᠤᠨ ᠠᠵᠢᠯ ᠢ ᠶᠡᠷᠦᠩᠬᠡᠶᠢᠯᠡᠨ ᠵᠢᠯᠣᠭᠤᠳᠤᠭᠤᠯᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ | ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ᠃ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ ᠤᠷᠳᠤ | ᠬᠤᠭᠤᠴᠠᠭ᠎ᠠ ᠪᠦᠲᠦᠮᠵᠢᠲᠡᠢ ᠪᠠᠶᠢᠯᠭᠠᠬᠤ ᠶᠢ ᠠᠬᠢᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠦᠷᠭᠦᠯᠵᠢᠯᠡᠨ ᠨᠠᠶᠢᠳᠠᠪᠤᠷᠢᠵᠢᠭᠤᠯᠵᠤ ᠰᠤᠷᠲᠠᠯ ᠢᠶᠠᠨ ᠬᠤᠪᠢᠷᠠᠭᠤᠯᠬᠤ ᠶᠢ ᠠᠬᠢᠭᠤᠯᠵᠤ᠂ ᠥᠷᠭᠡᠨ ᠤᠯᠠᠨ ᠺᠠᠳ᠋ᠷ ᠤᠨ | ᠵᠣᠷᠢᠭᠲᠠᠢ ᠬᠢᠵᠦ ᠵᠣᠷᠢᠭᠲᠠᠢ ᠲᠤᠷᠰᠢᠬᠤ᠂ ᠪᠤᠰᠤᠳ ᠠᠴᠠ ᠲᠦᠷᠦᠭᠦᠯᠡᠨ ᠬᠢᠬᠦ᠂ ᠰᠢᠷᠭᠠᠭᠤ ᠬᠠᠲᠠᠭᠤᠵᠢᠯᠲᠠᠢ ᠠᠵᠢᠯᠯᠠᠬᠤ | ᠣᠨᠴᠠᠭᠠᠢ ᠣᠷᠣᠨ ᠤ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠬᠤ ᠶᠢ ᠵᠣᠷᠢᠭᠵᠢᠭᠤᠯᠵᠤ᠂ ᠵᠥᠪ ᠠᠵᠢᠯ ᠤᠨ | ᠠᠮᠵᠢᠯᠲᠠ ᠪᠦᠳᠦᠮᠵᠢ ᠶᠢᠨ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠬᠦ ᠬᠡᠷᠡᠭᠲᠡᠢ᠃ ᠢᠯᠵᠢᠷᠡᠯ ᠢ ᠡᠰᠡᠷᠭᠦᠴᠡᠬᠦ | ᠲᠡᠮᠡᠴᠡᠯ ᠢ ᠰᠢᠨᠲᠠᠷᠠᠰᠢ ᠦᠭᠡᠢ ᠰᠠᠶᠢᠲᠤᠷ ᠠᠳᠬᠤᠵᠤ᠂ ᠢᠯᠵᠢᠷᠡᠯ ᠤᠨ ᠡᠭᠦᠰᠦᠨ ᠳᠡᠯᠭᠡᠷᠡᠬᠦ ᠬᠥᠷᠥᠰᠥ ᠰᠢᠷᠣᠢ ᠪᠠ | ᠨᠥᠬᠦᠴᠡᠯ ᠢ ᠬᠦᠴᠦᠯᠡᠨ ᠠᠷᠢᠯᠭᠠᠬᠤ ᠬᠡᠷᠡᠭᠲᠡᠢ᠃ ᠡᠷᠬᠡ ᠶᠢᠨ ᠠᠵᠢᠯᠯᠠᠭᠠᠨ ᠢ ᠬᠢᠵᠠᠭᠠᠷᠯᠠᠬᠤ ᠪᠠ ᠲᠡᠭᠦᠨ ᠳᠤ ᠬᠢᠨᠠᠯᠲᠠ | ᠲᠠᠯᠪᠢᠬᠤ ᠶᠢ ᠴᠢᠩᠭᠠᠳᠬᠠᠵᠤ᠂ ᠺᠠᠳ᠋ᠷᠴᠤᠳ ᠢ ᠬᠥᠮᠥᠵᠢᠭᠦᠯᠦᠨ ᠵᠢᠯᠤᠭᠤᠳᠴᠤ ᠢᠯᠵᠢᠷᠡᠬᠦ ᠶᠢ ᠡᠰᠡᠷᠭᠦᠴᠡᠵᠦ ᠴᠢᠨᠠᠷ | ᠬᠤᠪᠢᠷᠠᠬᠤ ᠶᠢ ᠰᠡᠷᠭᠡᠶᠢᠯᠡᠬᠦ ᠴᠢᠳᠠᠪᠤᠷᠢ ᠶᠢ ᠨᠢ ᠨᠡᠮᠡᠭᠳᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠰᠢᠨ᠎ᠡ ᠵᠢᠯ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ ᠡᠯ᠎ᠡ ᠱᠠᠲᠤᠨ ᠤ ᠨᠠᠮ ᠤᠨ ᠬᠤᠷᠢᠶ᠎ᠠ | ᠪᠣᠯᠣᠨ ᠵᠠᠰᠠᠭ ᠤᠨ ᠣᠷᠳᠣᠨ ︽ᠠᠮᠤ ᠪᠤᠳᠠᠭ᠎ᠠ︾᠂ ︽ᠬᠤᠯᠢᠰᠢᠨ ᠢᠳᠡᠭᠡᠨ︾ ᠵᠡᠷᠭᠡ ᠠᠷᠠᠳ ᠤᠨ ᠠᠮᠢᠳᠤᠷᠠᠯ ᠤᠨ | ᠪᠠᠲᠤᠯᠠᠭ᠎ᠠ ᠶᠢ ᠰᠠᠶᠢᠲᠤᠷ ᠠᠳᠬᠤᠵᠤ᠂ ᠡᠳ᠋ ᠪᠣᠳᠠᠰ᠂ ᠡᠨᠧᠷᠭᠢ ᠵᠡᠷᠭᠡ ᠬᠠᠩᠭᠠᠯᠭ᠎ᠠ ᠶᠢ ᠪᠠᠲᠤᠯᠠᠬᠤ ᠠᠵᠢᠯ ᠢ ᠰᠠᠶᠢᠲᠤᠷ | ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠭᠦᠨᠵᠡᠭᠡᠢ ᠥᠷᠨᠢᠭᠦᠯᠵᠦ᠂ ᠨᠡᠶᠢᠭᠡᠮ ᠤᠨ ᠶᠡᠭᠡ | ᠲᠠᠯ᠎ᠠ ᠶᠢᠨ ᠲᠣᠭᠲᠠᠭᠤᠨ ᠢ ᠬᠠᠮᠠᠭᠠᠯᠠᠬᠤ ᠬᠡᠷᠡᠭᠲᠡᠢ᠃ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠬᠢᠨᠠᠮᠠᠭᠠᠢ ᠲᠤᠭᠤᠰᠢᠯᠠᠭᠤᠯᠵᠤ᠂ ᠢᠷᠡᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠢ | ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠰᠢᠨ᠎ᠡ ᠵᠢᠯ ᠤᠨ ᠰᠠᠶᠢᠨ ᠡᠭᠢᠯᠡᠯᠲᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ | ᠭᠡᠵᠦ ᠴᠢᠬᠤᠯᠠᠴᠢᠯᠠᠪᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ | ᠪᠠᠶᠢᠩᠭᠤ ᠶᠢᠨ ᠭᠡᠰᠢᠭᠦᠨ᠂ ᠲᠥᠪ ᠤᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠬᠠᠷᠢᠭᠤ ᠮᠡᠳᠡᠭᠦᠯᠦᠯᠲᠡ ᠶᠢᠨ | ᠬᠤᠷᠠᠯ ᠳᠤ ᠣᠷᠣᠯᠴᠠᠪᠠ᠃ | ᠾᠧ ᠯᠢ ᠹᠧᠩ ᠵᠢᠴᠢ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠨᠥᠬᠦᠳ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ᠃ | |