ᠲᠣᠭᠲᠠᠬᠤ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ᠄ ᠬᠠᠤᠯᠢ ᠶᠢ ᠰᠤᠷᠭᠠᠭᠤᠯᠢ ᠶᠢᠨ ᠬᠦᠷᠢᠶᠡᠨ ᠳᠤ ᠤᠷᠤᠭᠤᠯᠬᠤ ︽ᠦᠨᠳᠦᠰᠦᠨ ᠬᠠᠤᠯᠢ︾ ᠶᠢ ᠰᠠᠬᠢᠨ  ᠬᠠᠮᠠᠭᠠᠯᠠᠬᠤ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠠ
ᠨᠡᠶᠢᠲᠡᠯᠡᠭᠰᠡᠨ ᠴᠠᠭ᠄
2024/12/2
      ᠦᠨᠳᠦᠰᠦᠨ ᠬᠠᠤᠯᠢ ᠶᠢ ᠰᠠᠬᠢᠨ ᠬᠠᠮᠠᠭᠠᠯᠠᠬᠤ ᠪᠣᠯ ᠳᠠᠷᠤᠢ ᠪᠢᠳᠡᠨ ᠤ ᠰᠠᠶᠢᠨ ᠰᠠᠶᠢᠬᠠᠨ ᠠᠮᠢᠳᠤᠷᠠᠯ ᠢᠶᠠᠨ ᠰᠠᠬᠢᠨ ᠬᠠᠮᠠᠭᠠᠯᠠᠵᠤ ᠪᠠᠶᠢᠭ᠎ᠠ ᠶᠠᠪᠤᠳᠠᠯ ᠪᠣᠯᠣᠨ᠎ᠠ᠃ -- ᠦᠨᠳᠦᠰᠦᠨ ᠬᠠᠤᠯᠢ ᠳᠤ      ᠵᠢᠯ ᠪᠦᠷᠢ ᠶᠢᠨ 12 ᠳ᠋ᠤᠭᠠᠷ ᠰᠠᠷ᠎ᠠ ᠶᠢᠨ 4  ᠤ ᠡᠳᠦᠷ ᠪᠣᠯ ᠮᠠᠨ ᠤ ᠤᠯᠤᠰ ᠤᠨ ︽ᠤᠯᠤᠰ ᠤᠨ ᠦᠨᠳᠦᠰᠦᠨ ᠬᠠᠤᠯᠢ ᠶᠢᠨ ᠡᠳᠦᠷ︾ ᠪᠣᠯᠣᠨ᠎ᠠ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠦᠨᠳᠦᠰᠦᠨ ᠬᠠᠤᠯᠢ ᠶᠢᠨ ᠬᠥᠮᠦᠵᠢᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠶᠢ ᠠᠬᠢᠭᠤᠯᠵᠤ᠂ ᠵᠠᠯᠠᠭᠤᠴᠤᠳ ᠪᠠᠭᠠᠴᠤᠳ ᠤᠨ ᠰᠡᠳᠬᠢᠯ ᠳᠤ ᠬᠠᠤᠯᠢᠵᠢᠯ ᠤᠨ ᠦᠷ᠎ᠡ ᠶᠢ ᠰᠠᠴᠤᠬᠤ ᠶᠢᠨ ᠲᠥᠯᠥᠭᠡ᠂ 11 ᠳ᠋ᠤᠭᠡᠷ ᠰᠠᠷ᠎ᠠ ᠶᠢᠨ 27  ᠤ ᠡᠳᠦᠷ᠂ ᠠᠷᠪᠠᠨ ᠨᠢᠭᠡᠳᠦᠭᠡᠷ ︽ᠤᠯᠤᠰ ᠤᠨ ᠦᠨᠳᠦᠰᠦᠨ ᠬᠠᠤᠯᠢ ᠶᠢᠨ ᠡᠳᠦᠷ︾ ᠢ ᠤᠭᠲᠤᠬᠤ ᠲᠠᠰᠢᠷᠠᠮ ᠢᠶᠠᠷ᠂ ᠲᠣᠭᠲᠠᠬᠤ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠲᠣᠭᠲᠠᠬᠤ ᠰᠢᠶᠠᠨ ᠤ ᠬᠤᠶᠠᠳᠤᠭᠠᠷ ᠪᠠᠭ᠎ᠠ ᠰᠤᠷᠭᠠᠭᠤᠯᠢ ᠲᠠᠢ ᠬᠠᠮᠲᠤᠷᠠᠨ᠂ ︽ᠦᠨᠳᠦᠰᠦᠨ ᠬᠠᠤᠯᠢ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠲᠤᠰᠬᠠᠢ ᠰᠡᠳᠦᠪᠲᠦ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠡᠢ᠃      ᠬᠠᠤᠯᠢ ᠪᠠᠷ ᠵᠠᠰᠠᠬᠤ ᠰᠤᠷᠭᠠᠭᠤᠯᠢ ᠶᠢᠨ ᠳᠡᠳ᠋ ᠵᠠᠬᠢᠷᠤᠯ ᠰᠤᠷᠤᠭᠴᠢᠳ ᠲᠤ ᠦᠨᠳᠦᠰᠦᠨ ᠬᠠᠤᠯᠢ ᠶᠢᠨ ᠡᠳᠦᠷ ᠂ ᠦᠨᠳᠦᠰᠦᠨ ᠬᠠᠤᠯᠢ ᠶᠢᠨ ᠭᠠᠷᠠᠭ ᠤᠨ ᠢᠷᠡᠯᠲᠡ ᠪᠠ ᠦᠨᠳᠦᠰᠦᠨ ᠬᠠᠤᠯᠢ ᠶᠢᠨ ᠬᠥᠭᠵᠢᠯᠲᠡ ᠶᠢᠨ ᠶᠠᠪᠤᠴᠠ᠂ ᠦᠨᠳᠦᠰᠦᠨ ᠬᠠᠤᠯᠢ ᠶᠢᠨ ᠦᠨᠳᠦᠰᠦᠨ ᠪᠦᠷᠢᠯᠳᠦᠯ᠂ ᠴᠢᠬᠤᠯᠠ ᠪᠠᠶᠢᠷᠢ ᠰᠠᠭᠤᠷᠢ ᠵᠢᠴᠢ ᠴᠢᠬᠤᠯᠠ ᠶᠡᠭᠡ ᠠᠴᠢ ᠬᠤᠯᠪᠣᠭᠳᠠᠯ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠮᠡᠳᠡᠯᠭᠡ ᠶᠢ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠲᠠᠶᠢᠯᠪᠤᠷᠢᠯᠠᠵᠤ᠂ ᠰᠤᠷᠤᠭᠴᠢᠳ ᠲᠤ ᠦᠨᠳᠦᠰᠦᠨ ᠬᠠᠤᠯᠢ ᠨᠢ ᠪᠢᠳᠡᠨ ᠠᠴᠠ ᠶᠡᠷᠦ ᠠᠴᠠ ᠬᠤᠯᠠ ᠪᠢᠰᠢ᠂ ᠬᠥᠮᠥᠨ ᠤ ᠠᠮᠢᠳᠤᠷᠠᠯ ᠤᠨ ᠴᠢᠬᠤᠯᠠ ᠴᠠᠭ ᠮᠥᠴᠡ ᠪᠣᠯᠭᠠᠨ ᠳᠤ ᠦᠨᠳᠦᠰᠦᠨ ᠬᠠᠤᠯᠢ ᠨᠢ ᠪᠢᠳᠡᠨ ᠢ ᠬᠠᠮᠠᠭᠠᠯᠠᠨ ᠲᠡᠭᠦᠨ ᠳᠤ ᠬᠠᠨᠢ ᠪᠣᠯᠵᠤ ᠪᠠᠶᠢᠬᠤ ᠶᠢ ᠣᠶᠢᠯᠠᠭᠠᠭᠤᠯᠵᠠᠢ᠃ ᠡᠭᠦᠨ ᠤ ᠬᠠᠮᠲᠤ ᠰᠤᠷᠤᠭᠴᠢᠳ ᠤᠨ ᠬᠠᠤᠯᠢ ᠴᠠᠭᠠᠵᠠ ᠶᠢᠨ ᠦᠢᠯᠡᠳᠦᠯᠭᠡ ᠳᠤ ᠢᠳᠡᠪᠬᠢᠲᠡᠢ ᠣᠷᠣᠯᠴᠠᠵᠤ᠂ ᠪᠣᠳᠠᠲᠤ ᠠᠵᠢᠯᠯᠠᠭ᠎ᠠ ᠪᠠᠷ ᠢᠶᠠᠨ ᠦᠨᠳᠦᠰᠦᠨ ᠬᠠᠤᠯᠢ ᠶᠢᠨ ᠨᠡᠷ᠎ᠡ ᠬᠦᠨᠳᠦ ᠶᠢ ᠬᠠᠮᠠᠭᠠᠯᠠᠵᠤ᠂ ᠬᠠᠤᠯᠢᠵᠢᠯ ᠤᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠳᠤ ᠥᠪᠡᠷ ᠤᠨ ᠬᠦᠴᠦᠨ ᠴᠢᠳᠠᠯ ᠢᠶᠠᠨ ᠡᠷᠭᠦᠬᠦ ᠶᠢ  ᠵᠤᠷᠢᠭᠵᠢᠭᠤᠯᠪᠠ᠃      ᠲᠠᠶᠢᠯᠤᠮᠵᠢ ᠳᠠᠭᠤᠰᠤᠭᠰᠠᠨ ᠤ ᠳᠠᠷᠠᠭ᠎ᠠ᠂ ᠰᠤᠷᠤᠭᠴᠢᠳ ᠲᠤ ᠨᠠᠷᠢᠨ ᠨᠢᠮᠪᠠᠢ ᠵᠣᠬᠢᠶᠠᠭᠰᠠᠨ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷ ᠳᠡᠪᠲᠡᠷ ᠢ ᠲᠠᠷᠬᠠᠭᠠᠵᠤ᠂ ᠠᠭᠤᠯᠭ᠎ᠠ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠥᠯᠥ ᠭᠦᠷᠦᠭᠰᠡᠳ ᠤᠨ ᠶᠠᠯ᠎ᠠ ᠬᠢᠬᠦ ᠶᠢ ᠰᠡᠷᠭᠡᠶᠢᠯᠡᠬᠦ ᠬᠠᠤᠯᠢ︾ ᠵᠡᠷᠭᠡ ᠬᠠᠤᠯᠢ ᠴᠠᠭᠠᠵᠠ ᠶᠢᠨ ᠮᠡᠳᠡᠯᠭᠡ ᠶᠢ ᠬᠠᠮᠤᠷᠴᠤ᠂ ᠰᠤᠷᠤᠭᠴᠢᠳ ᠤᠨ ᠬᠢᠴᠢᠶᠡᠯ ᠤᠨ ᠳᠠᠷᠠᠭ᠎ᠠ ᠦᠷᠭᠦᠯᠵᠢᠯᠡᠨ ᠰᠤᠷᠤᠯᠴᠠᠬᠤ ᠪᠠ ᠪᠠᠶᠢᠴᠠᠭᠠᠨ ᠦᠵᠡᠬᠦ ᠳᠤ ᠲᠥᠬᠦᠮ ᠦᠵᠡᠭᠦᠯᠪᠡ᠃      ᠡᠨᠡ ᠵᠢᠯ ᠠᠴᠠ ᠨᠠᠰᠢ᠂ ᠲᠣᠭᠲᠠᠬᠤ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠡᠭᠦᠷᠭᠡ ᠴᠢᠳᠠᠪᠤᠷᠢ ᠪᠠᠨ ᠢᠳᠡᠪᠬᠢᠲᠡᠢ ᠪᠠᠷ ᠦᠷᠭᠦᠯᠵᠢᠯᠡᠭᠦᠯᠵᠦ᠂ ︽ᠬᠠᠤᠯᠢ ᠶᠢ ᠰᠤᠷᠭᠠᠭᠤᠯᠢ ᠶᠢᠨ ᠬᠦᠷᠢᠶᠡᠨ ᠳᠤ ᠬᠦᠷᠭᠡᠬᠦ︾ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ︽ᠤᠯᠤᠰ ᠤᠨ ᠦᠨᠳᠦᠰᠦᠨ ᠬᠠᠤᠯᠢ ᠶᠢᠨ ᠡᠳᠦᠷ︾ ᠢᠶᠠᠷ ᠠᠵᠠ ᠲᠣᠬᠢᠶᠠᠯ ᠪᠣᠯᠭᠠᠵᠤ᠂ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠨᠠᠷᠢᠯᠢᠭ ᠪᠥᠭᠡᠳ ᠪᠣᠳᠠᠲᠠᠶᠢᠵᠢᠭᠤᠯᠵᠤ᠂ ᠦᠨᠳᠦᠰᠦᠨ ᠬᠠᠤᠯᠢ ᠶᠢᠨ ᠦᠵᠡᠯ ᠤᠬᠠᠮᠰᠠᠷ ᠢ ᠴᠢᠩᠭᠠᠳᠬᠠᠨ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠠᠤᠯᠢ ᠶᠢ ᠬᠦᠨᠳᠦᠳᠬᠡᠬᠦ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠬᠠᠤᠯᠢ ᠪᠠᠷ ᠵᠠᠰᠠᠬᠤ ᠬᠦᠴᠦᠨ ᠢᠶᠠᠷ ᠨᠠᠰᠤᠨ ᠳᠤ ᠥᠯᠥ ᠭᠦᠷᠦᠭᠰᠡᠳ ᠤᠨ ᠦᠰᠦᠨ ᠪᠤᠶᠢᠵᠢᠯᠲᠠ ᠶᠢ ᠬᠠᠮᠠᠭᠠᠯᠠᠨ᠂ ᠡᠶ᠎ᠡ ᠵᠣᠬᠢᠴᠠᠯ ᠲᠠᠢ ᠰᠤᠷᠭᠠᠭᠤᠯᠢ ᠶᠢᠨ ᠬᠦᠷᠢᠶ᠎ᠡ᠂ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ ᠶᠢ ᠪᠠᠶᠢᠭᠤᠯᠬᠤ ᠶᠢ ᠠᠬᠢᠭᠤᠯᠬᠤ ᠳᠤ ᠬᠠᠤᠯᠢ ᠪᠠᠷᠢᠬᠤ ᠵᠠᠰᠠᠭ ᠵᠠᠬᠢᠷᠭᠠᠨ ᠤ ᠬᠦᠴᠦᠨ ᠴᠢᠳᠠᠯ ᠢᠶᠠᠨ ᠡᠷᠭᠦᠪᠡ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1