ᠭᠦ᠋ ᠴᠧᠩ ᠬᠠᠤᠯᠢ ᠴᠠᠭᠠᠵᠠ ᠶᠢᠨ ᠭᠠᠵᠠᠷ ᠠᠮᠤᠷ ᠲᠦᠪᠰᠢᠨ ᠤ ᠠᠶᠤᠯ ᠲᠦᠭᠰᠢᠭᠦᠷᠢ  ᠶᠢᠨ ᠳᠠᠯᠳᠠ ᠬᠡᠮ  ᠢ ᠭᠦᠨᠵᠡᠭᠡᠢ ᠪᠠᠶᠢᠴᠠᠭᠠᠵᠤ ᠪᠠᠶᠢᠨ᠎ᠠ
ᠨᠡᠶᠢᠲᠡᠯᠡᠭᠰᠡᠨ ᠴᠠᠭ᠄
2024/12/2
      ᠠᠶᠤᠯ ᠲᠦᠭᠰᠢᠭᠦᠷᠢ ᠶᠢ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠬᠠᠷᠢᠶ᠎ᠠ ᠣᠷᠣᠨ ᠤ ᠠᠮᠤᠷ ᠲᠦᠪᠰᠢᠨ ᠲᠣᠭᠲᠠᠭᠤᠨ ᠢ ᠪᠠᠲᠤᠯᠠᠬᠤ ᠶᠢᠨ ᠲᠥᠯᠥᠭᠡ᠂ ᠣᠶᠢᠷ᠎ᠠ ᠶᠢᠨ ᠡᠳᠦᠷ᠂ ᠭᠦ᠋ ᠴᠧᠩ ᠬᠠᠤᠯᠢ ᠴᠠᠭᠠᠵᠠ ᠶᠢᠨ ᠭᠠᠵᠠᠷ ᠤᠨ ᠬᠢᠨ ᠬᠠᠷᠢᠶ᠎ᠠ ᠣᠷᠣᠨ ᠯᠤᠭ᠎ᠠ ᠶᠢᠨ ᠰᠦᠯᠵᠢᠶᠡᠨ ᠤ ᠬᠢᠨᠠᠨ ᠵᠢᠯᠣᠭᠤᠳᠤᠯᠭ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠨᠠᠮ ᠤᠨ ᠭᠡᠰᠢᠭᠦᠨ ᠺᠠᠳ᠋ᠷᠴᠤᠳ ᠢ ᠲᠠᠶᠢᠴᠢᠯᠠᠨ ᠦᠨᠳᠦᠰᠦᠨ ᠱᠠᠲᠤᠨ ᠤ ᠡᠮᠦᠨ᠎ᠡ ᠹᠷᠣᠨᠲ ᠲᠤ ᠭᠦᠨᠵᠡᠭᠡᠶᠢᠷᠡᠭᠦᠯᠵᠦ᠂ ᠰᠠᠨᠠᠭᠠᠴᠢᠯᠠᠭ᠎ᠠ ᠠᠴᠠ ᠪᠠᠨ ᠨᠢᠭᠤᠷᠳᠠᠨ ᠠᠰᠠᠭᠤᠵᠤ᠂ ᠰᠡᠳᠬᠢᠯ ᠤᠨ ᠦᠭᠡ ᠶᠢ ᠨᠢ ᠰᠣᠨᠣᠰᠴᠤ᠂ ᠭᠤᠣᠯᠳᠠᠯᠭ᠎ᠠ ᠲᠠᠢ ᠬᠥᠮᠥᠰ ᠤᠨ ᠬᠥᠳᠡᠯᠦᠯ ᠪᠠᠶᠢᠳᠠᠯ ᠵᠢᠴᠢ ᠵᠥᠷᠢᠴᠡᠯ ᠵᠠᠭᠤᠷᠠᠯᠳᠤᠭᠠᠨ ᠤ ᠠᠮᠤᠷ ᠲᠦᠪᠰᠢᠨ ᠤ ᠬᠡᠮ ᠰᠣᠭᠤᠭ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠪᠠ᠃      ︽5 + 1 + N︾ ᠬᠤᠯᠪᠤᠭᠠᠯᠠᠨ ᠬᠥᠳᠡᠯᠦᠯᠴᠡᠬᠦ ᠲᠣᠭᠲᠠᠴᠠ ᠳᠤ ᠲᠦᠰᠢᠭᠯᠡᠨ᠂ ᠭᠦ᠋ ᠴᠧᠩ ᠬᠠᠤᠯᠢ ᠴᠠᠭᠠᠵᠠ ᠶᠢᠨ ᠭᠠᠵᠠᠷ ᠡᠯ᠎ᠡ ᠲᠣᠰᠬᠤᠨ ᠤ ︽ᠬᠤᠶᠠᠷ ᠵᠥᠪᠯᠡᠯ︾ ᠤᠨ ᠨᠠᠮ ᠤᠨ ᠭᠡᠰᠢᠭᠦᠨ ᠺᠠᠳ᠋ᠷᠴᠤᠳ ᠢ ᠨᠢᠭᠲᠠᠷᠠᠭᠤᠯᠵᠤ᠂ ᠨᠠᠨ ᠶᠤᠸᠠᠨ ᠽᠢ ᠲᠣᠰᠬᠤᠨ᠂ ᠰᠢᠷᠡᠭᠡᠳᠦ ᠲᠣᠰᠬᠤᠨ ᠵᠡᠷᠭᠡ 25 ᠵᠠᠰᠠᠭ ᠵᠠᠬᠢᠷᠭᠠᠨ ᠤ ᠲᠣᠰᠬᠤᠨ ᠳᠤ ᠭᠦᠨᠵᠡᠭᠡᠶᠢᠷᠡᠵᠦ᠂ ᠭᠡᠷ ᠲᠤᠨᠢ ᠬᠦᠷᠴᠦ ᠰᠤᠷᠪᠤᠯᠵᠢᠯᠠᠵᠤ᠂ ᠰᠠᠨᠠᠭᠠᠴᠢᠯᠠᠭ᠎ᠠ ᠠᠴᠠ ᠪᠠᠨ ᠬᠡᠷᠡᠭᠴᠡᠭᠡ ᠶᠢ ᠠᠰᠠᠭᠤᠵᠤ᠂ ᠣᠷᠤᠭ ᠭᠡᠷ ᠪᠦᠯᠢ᠂ ᠬᠥᠷᠰᠢ ᠵᠡᠷᠭᠡᠯᠡᠳᠡᠭᠡ ᠶᠢᠨ ᠬᠠᠷᠢᠴᠠᠭ᠎ᠠ᠂ ᠡᠳ᠋ ᠬᠥᠷᠥᠩᠭᠡ ᠶᠢᠨ ᠵᠠᠯᠭᠠᠮᠵᠢᠯᠠᠯ᠂ ᠭᠡᠷ ᠪᠠᠶᠢᠰᠢᠩ ᠭᠠᠵᠠᠷ ᠬᠦᠷᠦᠩᠭᠡ᠂ ᠴᠠᠯᠢᠩ ᠥᠷᠢᠲᠦᠬᠦ ᠵᠡᠷᠭᠡ ᠪᠠᠶᠢᠩᠭᠤ ᠲᠣᠬᠢᠶᠠᠯᠳᠤᠬᠤ ᠵᠢᠴᠢ ᠣᠯᠠᠨ ᠡᠭᠦᠰᠳᠡᠭ ᠵᠥᠷᠢᠴᠡᠯ ᠵᠢᠭᠤᠷᠠᠯᠳᠤᠭᠠᠨ ᠢ ᠪᠥᠬᠦ ᠲᠠᠯ᠎ᠠ ᠪᠠᠷ ᠡᠮᠬᠢᠯᠡᠨ ᠳᠢᠭᠯᠡᠬᠦ ᠶᠢᠨ ᠬᠠᠮᠲᠤ ᠪᠠᠶᠢᠴᠠᠭᠠᠨ ᠰᠢᠢᠳᠪᠦᠷᠢᠯᠡᠵᠦ᠂ ᠨᠠᠷᠢᠯᠢᠭ ᠣᠨᠣᠴᠠᠲᠠᠢ ᠪᠠᠷ ︽ᠰᠤᠳᠠᠯ ᠪᠠᠷᠢᠬᠤ︾ ᠪᠠ ︽ᠠᠰᠠᠭᠤᠨ ᠣᠨᠣᠰᠢᠯᠠᠬᠤ︾᠂ ᠬᠥᠮᠥᠨ ᠪᠠ ᠤᠴᠢᠷ ᠶᠠᠪᠤᠳᠠᠯ ᠳᠤ ᠬᠦᠷᠲᠡᠯ᠎ᠡ᠂ ᠴᠠᠭ ᠲᠤᠬᠠᠢ ᠳᠤᠨᠢ ᠬᠥᠲᠥᠯᠥᠨ ᠵᠢᠯᠤᠭᠤᠳᠴᠤ ᠬᠦᠴᠢᠷᠳᠡᠯ ᠠᠴᠠ ᠨᠢ ᠰᠢᠢᠳᠪᠦᠷᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠦᠨᠳᠦᠰᠦᠨ ᠱᠠᠲᠤᠨ ᠤ ᠮᠠᠯᠴᠢᠨ ᠲᠠᠷᠢᠶᠠᠴᠢᠨ ᠲᠦᠮᠡᠨ ᠤ ᠬᠦᠴᠢᠷ ᠲᠦᠪᠡᠭᠲᠡᠢ ᠲᠥᠭᠡᠷᠢᠭᠳᠡᠯ ᠢ ᠰᠢᠢᠳᠪᠦᠷᠢᠯᠡᠨ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠬᠢᠭᠡᠳ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢᠨ ᠭᠦᠨᠵᠡᠭᠡᠢ ᠠᠭᠤᠰᠤᠯᠴᠠᠯ ᠢ ᠲᠦᠯᠬᠢᠨ ᠠᠬᠢᠭᠤᠯᠪᠠ᠃ ᠡᠭᠦᠨ ᠤ ᠬᠠᠮᠲᠤ᠂ ᠶᠠᠰᠤ ᠴᠢᠨᠠᠷ ᠦᠷ᠎ᠡ ᠠᠰᠢᠭ ᠢ ᠵᠢᠭᠰᠠᠭᠠᠨ ᠪᠠᠶᠢᠴᠠᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠳ᠋ᠢᠶᠠᠩᠬᠤᠸᠠ ᠪᠤᠶᠤ ᠨᠢᠭᠤᠷᠳᠠᠨ ᠠᠰᠠᠭᠤᠬᠤ ᠪᠠᠷ ᠳᠠᠮᠵᠢᠭᠤᠯᠤᠨ᠂ ᠬᠤᠶᠠᠷ ᠲᠦᠷᠦᠯ ᠤᠨ ᠭᠤᠣᠯᠳᠠᠯᠭ᠎ᠠ ᠲᠠᠢ ᠬᠥᠮᠥᠰ ᠲᠤ ᠰᠡᠳᠬᠢᠴᠡ ᠶᠢᠨ ᠠᠰᠠᠭᠤᠳᠠᠯ ᠣᠷᠣᠰᠢᠵᠤ ᠪᠠᠶᠢᠬᠤ ᠡᠰᠡᠬᠦ᠂ ᠬᠡᠪ ᠤᠨ ᠪᠤᠰᠤ ᠬᠡᠷᠡᠭᠯᠡᠭᠡ᠂ ᠬᠦᠨᠳᠦ ᠨᠣᠴᠢᠲᠠᠢ ᠣᠶᠣᠨ ᠮᠡᠳᠡᠷᠡᠯ ᠤᠨ ᠬᠠᠷᠰᠢ ᠰᠠᠭᠠᠳ ᠵᠡᠷᠭᠡ ᠠᠶᠤᠯ ᠲᠦᠭᠰᠢᠭᠦᠷᠢ ᠶᠢᠨ ᠳᠠᠯᠳᠠ ᠭᠡᠮ ᠪᠠ ᠴᠤᠬᠤᠶᠢᠯᠲᠠ ᠶᠢᠨ ᠴᠢᠨᠠᠷᠲᠠᠢ ᠬᠡᠯᠪᠡᠷᠢᠯ ᠤᠨ ᠴᠢᠨᠠᠷᠲᠠᠢ ᠠᠰᠠᠭᠤᠳᠠᠯ ᠳᠤ ᠴᠢᠭᠯᠡᠭᠦᠯᠦᠨ ᠨᠢᠭᠡᠳ ᠨᠢᠭᠡ ᠪᠠᠷ ᠡᠮᠬᠢᠯᠡᠨ ᠪᠠᠶᠢᠴᠠᠭᠠᠵᠤ᠂ ᠡᠬᠡ ᠳᠠᠩᠰᠠ ᠪᠠᠶᠢᠭᠤᠯᠵᠤ᠂ ᠬᠠᠮᠢᠶᠠᠷᠤᠨ ᠡᠵᠡᠮᠳᠡᠬᠦ ᠶᠢ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢᠨ ᠳᠠᠯᠳᠠ ᠭᠡᠮ ᠢ ᠨᠡᠩ ᠣᠨᠣᠪᠴᠢᠲᠠᠢ ᠨᠡᠩ ᠥᠨᠳᠥᠷ ᠪᠦᠲᠦᠮᠵᠢᠲᠡᠢ ᠪᠠᠷ ᠠᠷᠢᠯᠭᠠᠵᠤ᠂ ᠬᠠᠷᠢᠶ᠎ᠠ ᠣᠷᠣᠨ ᠤ ᠠᠮᠤᠷ ᠲᠦᠪᠰᠢᠨ ᠲᠣᠭᠲᠠᠭᠤᠨ ᠪᠥᠭᠡᠳ ᠡᠵᠡᠮᠳᠡᠵᠦ ᠪᠣᠯᠬᠤ ᠶᠢ ᠦᠨᠡᠨ ᠬᠦ ᠪᠠᠳᠤᠯᠠᠪᠠ᠃ ᠣᠲᠣ ᠪᠣᠯᠲᠠᠯ᠎ᠠ᠂ ᠲᠠᠩᠰᠠ ᠡᠪᠬᠡᠮᠡᠯ ᠳᠤ ᠪᠠᠶᠢᠭ᠎ᠠ ᠨᠡᠶᠢᠭᠡᠮ ᠲᠣᠭᠤᠷᠢᠭ ᠤᠨ ᠵᠠᠰᠠᠨ ᠵᠠᠯᠠᠷᠠᠭᠤᠯᠬᠤ ᠡᠲᠡᠭᠡᠳ 6 ᠬᠥᠮᠥᠨ᠂ ᠡᠷᠡᠭᠦᠦ ᠶᠢᠨ ᠬᠤᠭᠤᠴᠠᠭ᠎ᠠ ᠨᠢ ᠳᠠᠭᠤᠰᠴᠤ ᠰᠤᠯᠠᠯᠠᠭᠳᠠᠭᠰᠠᠨ ᠬᠥᠮᠥᠨ 58 ᠬᠥᠮᠥᠨ ᠪᠠᠶᠢᠵᠤ᠂ ᠨᠢᠭᠡᠨᠲᠡ ᠪᠦᠬᠦᠨ ᠢ ᠰᠤᠷᠪᠤᠯᠵᠢᠯᠠᠨ ᠪᠠᠶᠢᠴᠠᠭᠠᠵᠤ ᠪᠣᠶ᠃      ᠳᠠᠷᠠᠭᠠᠴᠢ ᠶᠢᠨ ᠠᠯᠬᠤᠮ ᠳᠤ᠂ ᠭᠦ᠋ ᠴᠧᠩ ᠬᠠᠤᠯᠢ ᠴᠠᠭᠠᠵᠠ ᠶᠢᠨ ᠭᠠᠵᠠᠷ ᠤᠨ ᠬᠢᠨ ᠠᠶᠤᠯ ᠲᠦᠭᠰᠢᠭᠦᠷᠢ ᠶᠢᠨ ᠬᠡᠮ ᠰᠣᠭᠤᠭ ᠢ ᠪᠠᠶᠢᠴᠠᠭᠠᠨ ᠰᠢᠢᠳᠪᠦᠷᠢᠯᠡᠬᠦ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ︽ᠠᠷᠠᠳ ᠤᠨ ᠲᠥᠯᠥᠭᠡ ᠬᠠᠤᠯᠢ ᠪᠠᠷᠢᠬᠤ︾ ᠦᠢᠯᠡᠴᠢᠯᠡᠭᠡ ᠶᠢ ᠨᠡᠩ ᠤᠷᠲᠤᠳᠬᠠᠨ ᠨᠡᠩ ᠳᠤᠯᠠᠭᠠᠴᠠᠭᠤᠯᠬᠤ ᠶᠢ ᠦᠷᠭᠦᠯᠵᠢᠯᠡᠨ ᠠᠬᠢᠭᠤᠯᠵᠤ᠂ ᠥᠨᠳᠥᠷ ᠲᠦᠪᠰᠢᠨ ᠲᠠᠢ ᠠᠮᠤᠷ ᠲᠦᠪᠰᠢᠨ ᠢᠶᠠᠷ ᠬᠠᠷᠢᠶ᠎ᠠ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1