ᠡᠷᠳᠡᠨ ᠤ ᠪᠠᠯᠭᠠᠰᠤ ᠾᠧ ᠺᠧᠦ
ᠨᠡᠶᠢᠲᠡᠯᠡᠭᠰᠡᠨ ᠴᠠᠭ᠄
2024/12/2
      ᠥᠪᠥᠷ ᠮᠣᠩᠭᠤᠯ ᠤᠨ ᠲᠣᠭᠲᠠᠬᠤ ᠰᠢᠶᠠᠨ ᠤ ᠾᠧ ᠺᠧᠦ ᠡᠷᠲᠡᠨ ᠤ ᠪᠠᠯᠭᠠᠰᠤ ᠪᠣᠯ ᠬᠠᠲᠤᠨ ᠭᠤᠣᠯ ᠤᠨ ᠳᠤᠮᠳᠠᠳᠤ ᠤᠷᠤᠰᠬᠠᠯ ᠬᠢᠭᠡᠳ ᠳᠡᠭᠡᠳᠦ ᠤᠷᠤᠰᠬᠠᠯ ᠤᠨ ᠵᠠᠭᠠᠭ ᠴᠡᠭ ᠪᠣᠯᠣᠨ᠎ᠠ᠃ ᠮᠤᠨᠢ ᠠᠭᠤᠯᠠ ᠨᠢᠷᠤᠭᠤ ᠶᠢᠨ ᠳᠠᠯᠠᠨ ᠬᠠᠷ᠎ᠠ ᠠᠭᠤᠯᠠ ᠶᠢᠨ ᠬᠡᠰᠡᠭ ᠠᠴᠠ ᠡᠬᠢ ᠠᠪᠤᠭᠰᠠᠨ ︽ᠶᠡᠭᠡ ᠬᠠᠷ᠎ᠠ ᠭᠤᠣᠯ︾ ᠨᠢ ᠤᠮᠠᠷ᠎ᠠ ᠠᠴᠠ ᠡᠮᠦᠨᠡᠰᠢ ᠬᠠᠲᠤᠨ ᠭᠤᠣᠯ ᠳᠤ  ᠴᠢᠳᠬᠤᠳᠠᠭ᠃
     ᠾᠧ ᠺᠧᠦ ᠨᠢ ᠯᠢᠶᠣᠤ ᠤᠯᠤᠰ᠂ ᠠᠯᠲᠠᠨ ᠤᠯᠤᠰ ᠤᠨ ᠦᠶ᠎ᠡ ᠳᠤ ᠨᠢᠭᠡᠨᠲᠡ ᠡᠳ᠋ ᠪᠠᠷᠠᠭ᠎ᠠ  = ᠶᠢ ᠲᠥᠪᠯᠡᠷᠡᠭᠦᠯᠦᠨ ᠲᠠᠷᠬᠠᠭᠠᠵᠤ ᠳᠠᠮᠵᠢᠭᠤᠯᠤᠨ ᠵᠥᠭᠡᠭᠡᠪᠦᠷᠢᠯᠡᠬᠦ ᠭᠠᠵᠠᠷ ᠪᠣᠯᠵᠤ᠂ ᠶᠤᠸᠠᠨ ᠤᠯᠤᠰ ᠤᠨ ᠦᠶ᠎ᠡ ᠪᠣᠯᠬᠤ ᠳᠤ ᠪᠣᠷᠣᠳᠣᠬᠤᠢ ᠣᠷᠣᠨ ᠤ ᠶᠡᠭᠡ ᠬᠡᠮᠵᠢᠶᠡᠨ ᠤ ᠡᠳ᠋ ᠪᠣᠳᠠᠰ ᠢ ᠬᠠᠲᠤᠨ ᠭᠤᠣᠯ ᠤᠨ ᠤᠰᠤ ᠪᠠᠷ ᠳᠡᠮᠵᠢᠨ ᠵᠦᠩᠶᠤᠸᠠᠨ ᠣᠷᠣᠨ ᠳᠤ ᠵᠥᠭᠡᠭᠡᠪᠦᠷᠢᠯᠡᠨ ᠬᠦᠷᠭᠡᠵᠦ᠂ ᠬᠠᠲᠤᠨ ᠭᠤᠣᠯ ᠤᠨ ᠤᠰᠤᠨ ᠵᠠᠮ ᠤᠨ ᠵᠥᠭᠡᠭᠡᠪᠦᠷᠢ ᠶᠢᠨ ᠬᠥᠭᠵᠢᠯᠲᠡ ᠶᠢ ᠠᠬᠢᠭᠤᠯᠤᠭᠰᠠᠨ ᠪᠠᠶᠢᠨ᠎ᠠ᠃ ᠮᠢᠩ ᠤᠯᠤᠰ ᠤᠨ ᠡᠬᠢᠨ ᠤ ᠦᠶ᠎ᠡ ᠳᠤ ᠹᠧᠩᠵᠸᠦ ᠶᠢᠨ ᠲᠠᠯ᠎ᠠ ︵ᠣᠳᠣ   ᠶᠢᠨ ᠬᠥᠬᠡᠬᠤᠲᠠ ᠣᠷᠴᠢᠮ︶ ᠨᠢ ᠮᠢᠩ ᠤᠯᠤᠰ ᠪᠣᠯᠣᠨ ᠮᠣᠩᠭᠤᠯ ᠤᠯᠤᠰ ᠤᠨ ᠳᠠᠶᠢᠲᠤᠬᠤ ᠠᠴᠠ ᠡᠮᠦᠨ᠎ᠡ ᠵᠠᠬ᠎ᠠ ᠪᠣᠯᠵᠤ᠂ ᠤᠰᠤᠨ ᠲᠡᠭᠡᠭᠡᠪᠦᠷᠢ ᠨᠢᠭᠡ ᠦᠶ᠎ᠡ ᠨᠥᠯᠥᠭᠡᠯᠡᠭᠳᠡᠭᠰᠡᠨ ᠪᠣᠯᠪᠠᠴᠤ ᠪᠦᠷᠢᠮᠦᠰᠦᠨ ᠲᠠᠰᠤᠯᠳᠠᠭᠰᠠᠨ ᠦᠭᠡᠢ᠃ ᠴᠢᠩ ᠤᠯᠤᠰ ᠤᠨ ᠡᠩᠬᠡ ᠠᠮᠤᠭᠤᠯᠠᠩ ᠤᠨ ᠦᠶ᠎ᠡ ᠳᠤ᠂ ᠾᠧ ᠺᠧᠦ ᠳᠤ ᠭᠤᠸᠠᠨ ᠳ᠋ᠦ᠋ ᠶᠢ ᠪᠠᠶᠢᠭᠤᠯᠵᠠᠢ᠃  
     ᠥᠨᠥᠳᠥᠷ ᠤᠨ ᠾᠧ ᠺᠧᠦ ᠲᠣᠰᠬᠤᠨ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠴᠡᠴᠡᠭᠯᠡᠨ ᠬᠥᠭᠵᠢᠵᠦ᠂ ᠠᠷᠠᠳ ᠤᠯᠠᠨ ᠠᠮᠤᠷ ᠵᠢᠮᠤᠷ ᠠᠵᠤ ᠲᠦᠷᠦᠵᠤ ᠪᠠᠶᠢᠨ᠎ᠠ᠃ ᠥᠭᠡᠷᠡᠴᠢᠯᠡᠯᠲᠡ ᠨᠡᠭᠡᠭᠡᠯᠲᠡ ᠶᠢᠨ ᠠᠯᠬᠤᠮ ᠠᠯᠬᠤᠮ ᠢᠶᠠᠷ ᠭᠦᠨᠵᠡᠭᠡᠶᠢᠷᠡᠬᠦ ᠶᠢ ᠳᠠᠭᠠᠯᠳᠤᠨ᠂ ᠨᠠᠮ ᠤᠨ ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠬᠤ ᠶᠢ ᠳᠠᠭᠠᠯᠳᠤᠨ᠂ ᠾᠧ ᠺᠧᠦ ᠲᠣᠰᠬᠤᠨ ᠤ ᠬᠠᠭᠤᠴᠢᠨ ᠳᠦᠷᠰᠦ ᠪᠠᠶᠢᠳᠠᠯ ᠰᠢᠨ᠎ᠡ ᠳᠦᠷᠰᠦ ᠪᠠᠶᠢᠳᠠᠯ ᠲᠠᠢ ᠪᠣᠯᠵᠤ᠂ ᠠᠮᠢᠵᠢᠷᠠᠯ ᠤᠨ ᠬᠦᠴᠦᠨ ᠢᠶᠠᠨ ᠳᠠᠬᠢᠨᠲᠠ ᠪᠠᠳᠠᠷᠠᠭᠤᠯᠪᠠ᠃ ᠥᠩᠭᠡᠷᠡᠭᠰᠡᠨ ᠤ ᠾᠧ ᠺᠧᠦ ᠶᠢᠨ ᠬᠥᠭᠵᠢᠯ ᠪᠠᠳᠠᠷᠠᠯ ᠨᠢ ᠬᠠᠲᠤᠨ ᠭᠤᠣᠯ ᠤᠨ ᠤᠰᠤᠨ ᠲᠡᠭᠡᠭᠡᠪᠦᠷᠢ ᠠᠴᠠ ᠢᠷᠡᠯᠲᠡᠢ ᠶᠤᠮ᠃ ᠥᠨᠥᠳᠥᠷ ᠤᠨ ᠲᠣᠭᠲᠠᠬᠤ ᠬᠥᠮᠥᠨ ᠬᠠᠳᠤᠨ ᠭᠤᠣᠯ ᠤᠨ ᠬᠡᠰᠢᠭ ᠬᠦᠷᠲᠡᠭᠡᠯ ᠳᠤ ᠲᠦᠰᠢᠭᠯᠡᠨ᠂ ᠾᠧ ᠺᠧᠦ ᠡᠷᠲᠡᠨ ᠤ ᠪᠠᠯᠭᠠᠰᠤᠨ ᠤ ᠲᠡᠦᠬᠡ ᠰᠣᠶᠣᠯ ᠢᠷᠭᠡᠨᠰᠢᠯ ᠤᠨ ᠠᠭᠤᠯᠬᠤᠨ ᠢ ᠵᠠᠯᠭᠠᠮᠵᠢᠯᠠᠵᠤ᠂ ᠰᠣᠶᠣᠯ ᠤᠨ ᠵᠤᠭᠠᠴᠠᠯ ᠤᠨ ᠰᠢᠨ᠎ᠡ ᠶᠢ ᠡᠭᠦᠳᠬᠦ ᠪᠠᠷ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠳᠡᠰ ᠤᠨ ᠵᠤᠭᠠᠴᠠᠯ ᠰᠡᠯᠡᠭᠦᠴᠡᠯ ᠤᠨ ᠣᠷᠣᠨ ︱ ᠾᠧ ᠺᠧᠦ ᠵᠤᠭᠠᠴᠠᠯ ᠰᠡᠯᠡᠭᠦᠴᠡᠯ ᠤᠨ ᠣᠷᠣᠨ ᠢ ᠪᠠᠶᠢᠭᠤᠯᠵᠤ᠂ ᠴᠤ᠋ ᠰᠢᠨ᠎ᠡ ᠠᠶᠠᠨ ᠵᠠᠮ ᠳᠠᠭᠠᠨ ᠠᠮᠵᠢᠯᠳᠠᠳᠠᠢ ᠤᠷᠤᠭᠰᠢᠯᠠᠨ ᠳᠠᠪᠰᠢᠵᠤ ᠪᠠᠶᠢᠨ᠎ᠠ᠃
ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1