ᠬᠠᠬᠢᠷ ᠬᠦᠢᠲᠡᠨ ᠠᠭᠤᠷ ᠠᠮᠢᠰᠬᠤᠯ ᠳᠤ ︽ᠨᠤᠭᠤᠭᠠᠷᠠᠭᠤᠯᠤᠯᠳᠠ ᠶᠢ ᠬᠠᠮᠠᠭᠠᠯᠠᠬᠤ︾ ᠠᠵᠢᠯᠯᠠᠭ᠎ᠠ ᠶᠢ ᠰᠠᠶᠢᠳᠦᠷ ᠡᠷᠬᠢᠯᠡᠬᠦ ᠬᠡᠷᠡᠭᠳᠡᠢ
ᠨᠡᠶᠢᠲᠡᠯᠡᠭᠰᠡᠨ ᠴᠠᠭ᠄
2024/12/2
      ᠴᠡᠴᠡᠷᠯᠢᠭ ᠤᠨ ᠴᠠᠭ ᠠᠭᠤᠷ ᠤᠨ ᠦᠢᠯᠡᠴᠢᠯᠡᠭᠡ       ᠵᠣᠬᠢᠬᠤ ᠭᠠᠵᠠᠷ ᠣᠷᠣᠨ ᠳᠤ᠂ ᠴᠠᠭ ᠠᠭᠤᠷ ᠤᠨ ᠡᠯ᠎ᠡ ᠡᠯᠧᠮᠧᠨ᠋ᠲ ᠤᠨ ᠬᠤᠭᠤᠷᠣᠨᠳᠣᠬᠢ ᠴᠠᠭ ᠬᠤᠭᠤᠴᠠᠭᠠᠨ ᠤ ᠲᠠᠯ᠎ᠠ ᠪᠠᠷ ᠬᠢ ᠬᠤᠪᠢᠷᠠᠯᠲᠠ ᠨᠢ ᠵᠢᠮ᠎ᠡ ᠶᠣᠰᠣ ᠲᠠᠢ ᠪᠠᠶᠢᠳᠠᠭ᠂ ᠤᠷᠭᠤᠮᠠᠯ ᠠᠮᠢ ᠨᠠᠰᠤᠨ ᠤ ᠤᠯᠠᠷᠢᠯ ᠬᠤᠪᠢᠰᠤᠯ ᠳᠤᠮᠳᠠ ᠣᠷᠣᠰᠢᠨ ᠠᠮᠢᠳᠤᠷᠠᠵᠤ ᠪᠠᠶᠢᠭ᠎ᠠ ᠭᠠᠵᠠᠷ ᠣᠷᠣᠨ ᠤ ᠪᠠᠨ ᠠᠭᠤᠷ ᠠᠮᠢᠰᠬᠤᠯ ᠤᠨ ᠣᠷᠴᠢᠨ ᠲᠣᠭᠤᠷᠢᠨ ᠢ ᠦᠨᠳᠦᠰᠦᠯᠡᠨ ᠦᠪᠡᠷ ᠢ ᠪᠠᠨ ᠲᠣᠬᠢᠷᠠᠭᠤᠯᠤᠯᠲᠠ ᠬᠢᠳᠡᠭ᠃ ᠴᠡᠴᠡᠷᠯᠢᠭ ᠤᠨ ᠪᠠᠶᠢᠭᠤᠯᠤᠯᠲᠠ ᠶᠢᠨ ᠪᠠᠶᠢᠷᠢᠰᠢᠯ ᠪᠠ ᠤᠷᠭᠤᠮᠠᠯ ᠤᠨ ᠡᠳᠦᠷ ᠲᠤᠲᠤᠮ ᠤᠨ ᠬᠠᠮᠢᠶᠠᠷᠤᠯᠲᠠ ᠬᠠᠮᠠᠭᠠᠯᠠᠯᠳᠠ ᠳᠤ ᠶᠠᠭᠤᠨ ᠤ ᠡᠮᠦᠨ᠎ᠡ ᠴᠡᠴᠡᠷᠯᠢᠭ ᠤᠨ ᠤᠷᠭᠤᠮᠠᠯ ᠤᠨ ᠠᠩᠬᠠᠨ ᠤ ᠣᠷᠴᠢᠨ ᠲᠣᠭᠤᠷᠢᠨ ᠪᠠ ᠤᠷᠤᠰᠢᠵᠦ ᠪᠠᠶᠢᠭ᠎ᠠ ᠭᠠᠵᠠᠷ ᠣᠷᠣᠨ ᠤ ᠠᠮᠢᠳᠤᠷᠠᠯ ᠤᠨ ᠣᠷᠴᠢᠨ ᠲᠣᠭᠤᠷᠢᠨ ᠤ ᠵᠥᠷᠢᠶ᠎ᠡ ᠶᠢ ᠣᠶᠢᠯᠠᠭᠠᠬᠤ ᠬᠡᠷᠡᠭᠲᠡᠢ ᠂ ᠡᠶᠢᠮᠦ ᠠᠴᠠ ᠡᠷᠬᠡᠪᠰᠢ ᠤᠷᠭᠤᠮᠠᠯ ᠤᠨ ᠠᠮᠢ ᠨᠠᠰᠤᠨ ᠤ ᠠᠵᠢᠯᠯᠠᠭ᠎ᠠ ᠪᠠ ᠴᠠᠭ ᠠᠭᠤᠷ ᠤᠨ ᠨᠦᠯᠦᠭᠡ ᠶᠢᠨ ᠬᠤᠭᠤᠷᠣᠨᠳᠣᠬᠢ ᠬᠠᠷᠢᠴᠠᠭ᠎ᠠ ᠶᠢ ᠲᠠᠨᠢᠬᠤ ᠬᠡᠷᠡᠭᠲᠡᠢ᠃ ᠵᠢᠱᠢᠶᠡᠯᠡᠪᠡᠯ ᠮᠠᠨ ᠤ ᠤᠯᠤᠰ ᠤᠨ ᠤᠮᠠᠷᠠᠲᠤ ᠣᠷᠣᠨ ᠳᠤ ᠤᠷᠭᠤᠮᠠᠯ ᠤᠨ ᠬᠠᠮᠢᠶᠠᠷᠤᠯᠲᠠ ᠳᠤ ᠡᠩ ᠲᠡᠷᠢᠭᠦᠨ ᠳᠤ ᠳᠤᠯᠠᠭᠠᠨ ᠤ ᠬᠡᠮᠵᠢᠶ᠎ᠡ ᠪᠠ ᠤᠰᠤᠨ ᠤ ᠬᠡᠮᠵᠢᠶ᠎ᠡ ᠶᠢ ᠪᠤᠳᠤᠯᠬᠢᠯᠠᠨ᠎ᠠ᠃       ᠭᠠᠮᠰᠢᠭᠲᠤ ᠴᠠᠭ ᠠᠭᠤᠷ ᠨᠢ ᠴᠡᠴᠡᠷᠯᠢᠭ ᠤᠨ ᠨᠤᠭᠤᠭᠠᠷᠠᠭᠤᠯᠤᠯᠳᠠ ᠳᠤ ᠲᠤᠶᠢᠯ ᠤᠨ ᠠᠮᠠᠷᠬᠠᠨ ᠠᠰᠢᠭ ᠦᠭᠡᠢ ᠨᠥᠯᠥᠭᠡ ᠦᠵᠡᠭᠦᠯᠵᠦ᠂ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠦᠷ᠎ᠡ ᠪᠦᠲᠦᠭᠡᠯ ᠳᠤ ᠬᠤᠬᠢᠷᠠᠯ ᠤᠴᠠᠷᠠᠭᠤᠯᠵᠤ᠂ ᠴᠢᠨᠠᠭᠰᠢᠯᠠᠪᠠᠯ ᠬᠤᠲᠠ ᠶᠢᠨ ᠵᠠᠮ ᠬᠠᠷᠢᠯᠴᠠᠭᠠᠨ ᠤ ᠰᠢᠰᠲ᠋ᠧᠮ ᠳᠤ ᠳᠥᠭᠦᠮ ᠦᠭᠡᠢ ᠪᠣᠯᠭᠠᠳᠠᠭ᠃ ᠡᠶᠢᠮᠦ ᠠᠴᠠ᠂ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠴᠠᠭ ᠠᠭᠤᠷ ᠤᠨ ᠲᠦᠭᠰᠢᠭᠦᠷᠢ ᠶᠢ ᠦᠨᠡᠯᠡᠨ ᠵᠢᠱᠢᠬᠦ᠂ ᠭᠠᠮᠰᠢᠭᠲᠤ ᠴᠠᠭ ᠠᠭᠤᠷ ᠢ ᠤᠷᠢᠳᠴᠢᠯᠠᠨ ᠰᠡᠷᠡᠮᠵᠢᠯᠡᠭᠦᠯᠬᠦ᠂ ᠴᠡᠴᠡᠷᠯᠢᠭ ᠢ ᠠᠷᠠᠴᠢᠯᠠᠨ ᠬᠠᠮᠠᠭᠠᠯᠠᠬᠤ ᠮᠡᠳᠡᠯᠭᠡ ᠶᠢ ᠴᠠᠭ ᠲᠤᠬᠠᠢ ᠳᠤᠨᠢ ᠨᠡᠶᠢᠲᠡᠯᠡᠬᠦ ᠨᠢ ᠴᠡᠴᠡᠷᠯᠢᠭ ᠤᠨ ᠨᠣᠭᠤᠭᠠᠷᠠᠭᠤᠯᠤᠯᠲᠠ ᠶᠢ ᠨᠠᠷᠢᠯᠢᠭᠵᠢᠭᠤᠯᠤᠨ ᠬᠠᠮᠢᠶᠠᠷᠴᠤ ᠠᠷᠠᠴᠢᠯᠠᠬᠤ ᠳᠤ ᠬᠦᠴᠦᠨ ᠨᠡᠮᠡᠷᠢᠯᠡᠵᠦ᠂ ᠪᠣᠬᠢᠷᠲᠤᠯ ᠦᠭᠡᠢ ᠬᠤᠲᠠ ᠶᠢᠨ ᠪᠦᠲᠦᠭᠡᠨ ᠪᠠᠶᠢᠭᠤᠯᠤᠯᠲᠠ ᠶᠢ ᠪᠦᠲᠦᠮᠵᠢᠲᠡᠶ ᠠᠬᠢᠭᠤᠯᠵᠤ ᠴᠢᠳᠠᠨ᠎ᠠ᠃ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠰᠠᠯᠠᠭ᠎ᠠ ᠮᠥᠴᠢᠷ ᠲᠤ᠂ ᠴᠠᠭ ᠠᠭᠤᠷ ᠤᠨ ᠤᠷᠢᠳᠴᠢᠯᠠᠭᠰᠠᠨ ᠮᠡᠳᠡᠭᠡ ᠵᠠᠩᠭᠢ ᠶᠢ ᠴᠠᠭ ᠲᠤᠬᠠᠢ ᠳᠤᠨᠢ ᠠᠩᠬᠠᠷᠴᠤ᠂ ᠡᠪᠦᠯ ᠤᠨ ᠤᠯᠠᠷᠢᠯ ᠳᠤ ᠤᠷᠭᠤᠮᠠᠯ ᠤᠨ ᠬᠦᠢᠲᠡᠨ ᠢ ᠰᠡᠷᠭᠡᠶᠢᠯᠡᠨ ᠲᠤᠯᠠᠭᠠᠯᠭ᠎ᠠ ᠶᠢᠨ ᠠᠷᠭ᠎ᠠ ᠬᠡᠮᠵᠢᠶ᠎ᠡ ᠶᠢ ᠰᠠᠶᠢᠲᠤᠷ ᠬᠢᠬᠦ ᠬᠡᠷᠡᠭᠳᠡᠢ ᠭᠡᠵᠦ ᠰᠠᠨᠠᠭᠤᠯᠵᠦ ᠪᠠᠶᠢᠨ᠎ᠠ᠃        ᠴᠠᠭ ᠠᠭᠤᠷ ᠤᠨ ᠪᠠᠶᠢᠳᠠᠯ ᠤᠨ ᠠᠵᠢᠭᠯᠠᠯᠲᠠ       23 ᠤ ᠡᠳᠦᠷ ᠠᠴᠠ ᠡᠬᠢᠯᠡᠨ᠂ ᠥᠪᠥᠷ ᠮᠣᠩᠭᠤᠯ ᠬᠦᠴᠦᠲᠡᠢ ᠬᠦᠢᠲᠡᠨ  ᠤᠷᠤᠰᠬᠠᠯ ᠤᠨ ᠨᠦᠯᠦᠭᠡ ᠪᠠᠷ᠂ ᠠᠭᠠᠷ ᠤᠨ ᠲᠤᠯᠠᠭᠠᠨ ᠪᠠᠭᠤᠷᠠᠵᠦ ᠶᠡᠭᠡ ᠰᠠᠯᠬᠢ᠂ ᠪᠣᠷᠣᠭᠠᠨ ᠴᠠᠰᠤ ᠲᠠᠢ ᠠᠭᠤᠷ ᠠᠮᠢᠰᠬᠤᠯ ᠢᠯᠡᠷᠡᠵᠦ᠂ ᠪᠥᠬᠦ ᠣᠷᠣᠨ ᠤ ᠶᠡᠬᠡᠩᠬᠢ ᠭᠠᠵᠠᠷ ᠤᠨ ᠠᠭᠠᠷ ᠤᠨ ᠳᠤᠯᠠᠭᠠᠨ 8 ᠠᠴᠠ 10℃ ᠪᠠᠭᠤᠷᠠᠪᠠ᠃ ᠵᠡᠭᠦᠨ ᠬᠤᠶᠢᠲᠤ ᠤᠷᠤᠨ ᠤ ᠬᠡᠰᠡᠭ ᠭᠠᠵᠠᠷ ᠲᠤ ᠶᠡᠭᠡ ᠴᠠᠰᠤ ᠣᠷᠣᠵᠤ᠂ ᠬᠥᠮᠥᠰ ᠤᠨ ᠦᠢᠯᠡᠳᠪᠦᠷᠢᠯᠡᠯ ᠠᠮᠢᠳᠤᠷᠠᠯ ᠳᠤ ᠨᠡᠯᠢᠶᠡᠳ ᠶᠡᠭᠡ ᠨᠥᠯᠥᠭᠡ ᠪᠤᠯᠵᠠᠢ᠃ ᠵᠢᠱᠢᠯᠲᠡ ᠪᠠᠷ ᠲᠣᠰ ᠭᠠᠷᠠᠭ ᠤᠨ ᠳᠤᠮᠳᠠ ᠪᠠ ᠰᠡᠭᠦᠯᠴᠢ ᠶᠢᠨ ᠬᠤᠭᠤᠴᠠᠭᠠᠨ ᠤ ᠠᠭᠤᠷ ᠠᠮᠢᠰᠬᠤᠯ ᠠᠭᠠᠵᠢᠮ ᠢᠶᠠᠷ ᠳᠤᠯᠠᠭᠠᠷᠠᠵᠤ ᠮᠡᠳᠡᠨ᠎ᠡ᠂ ᠭᠡᠪᠡᠴᠦ ᠬᠥᠮᠥᠰ ᠮᠥᠨ ᠯᠡ ᠲᠤᠯᠠᠭᠠᠯᠭ᠎ᠠ ᠶᠢ ᠠᠩᠬᠠᠷᠬᠤ ᠴᠢᠬᠤᠯᠠᠲᠠᠢ ᠪᠠᠶᠢᠨ᠎ᠠ᠃ 25 ᠤ ᠡᠳᠦᠷ ᠠᠴᠠ ᠡᠬᠢᠯᠡᠨ᠂ ᠬᠥᠯᠥᠨ ᠪᠤᠶᠢᠷ ᠬᠤᠲᠠ᠂ ᠰᠢᠯᠢ ᠶᠢᠨ ᠭᠤᠣᠯ ᠠᠶᠢᠮᠠᠭ᠂ ᠪᠤᠭᠤᠲᠤ ᠬᠤᠲᠠ ᠵᠡᠷᠭᠡ ᠭᠠᠵᠠᠷ ᠲᠤ ᠪᠣᠷᠣᠭᠠᠨ ᠴᠠᠰᠤ ᠲᠠᠢ ᠴᠠᠭ ᠠᠭᠤᠷ ᠢᠯᠡᠷᠡᠵᠡᠢ᠂ ᠡᠭᠦᠨ ᠳᠤ ᠲᠦᠩᠯᠢᠶᠣᠣ ᠬᠤᠲᠠ ᠶᠢᠨ ᠵᠡᠭᠦᠨ ᠡᠮᠦᠨ᠎ᠡ ᠬᠡᠰᠡᠭ᠂ ᠬᠢᠩᠭᠠᠨ ᠠᠶᠢᠮᠠᠭ ᠤᠨ ᠬᠤᠶᠢᠲᠤ ᠬᠡᠰᠡᠭ ᠪᠠ ᠵᠡᠭᠦᠨ ᠬᠡᠰᠡᠭ᠂ ᠬᠥᠯᠥᠨ ᠪᠤᠶᠢᠷ ᠬᠤᠲᠠ ᠶᠢᠨ ᠶᠡᠬᠡᠩᠬᠢ ᠭᠠᠵᠠᠷ ᠲᠤ ᠶᠡᠭᠡ ᠴᠠᠰᠤ ᠣᠷᠣᠵᠤ᠂ ᠬᠤᠷᠠᠭᠰᠠᠨ ᠴᠠᠰᠤᠨ ᠤ ᠭᠦᠨ ᠨᠢ 5 ᠠᠴᠠ 10 ᠰᠠᠨᠲ᠋ᠢᠮᠧᠲᠷ᠂ ᠬᠡᠰᠡᠭ ᠭᠠᠵᠠᠷ ᠲᠤ 12 ᠰᠠᠨᠲ᠋ᠢᠮᠧᠲᠷ ᠠᠴᠠ ᠳᠡᠭᠡᠭᠰᠢ ᠪᠠᠶᠢᠵᠤ᠂ ᠮᠠᠯᠵᠢᠬᠤ ᠣᠷᠣᠨ ᠤ ᠡᠪᠡᠰᠦ ᠪᠡᠯᠴᠢᠭᠡᠷ ᠤᠨ ᠲᠡᠭᠡᠭᠡᠪᠦᠷᠢ᠂ ᠬᠠᠰᠢᠶ᠎ᠠ ᠰᠠᠷᠠᠪᠴᠢ ᠵᠠᠰᠠᠬᠤ᠂ ᠮᠠᠯ ᠬᠡᠭᠡᠯᠲᠦᠭᠦᠯᠬᠦ ᠵᠢᠴᠢ ᠮᠠᠯ ᠬᠠᠷᠢᠭᠤᠯᠬᠤ ᠵᠡᠷᠭᠡ ᠳᠤ ᠨᠡᠯᠢᠶᠡᠳ ᠶᠡᠭᠡ ᠨᠥᠯᠥᠭᠡ ᠦᠵᠡᠭᠦᠯᠬᠦ ᠪᠣᠯᠣᠨ᠎ᠠ᠃       ᠵᠢᠱᠢᠯᠲᠡ ᠪᠠᠷ ᠢᠷᠡᠬᠦ ᠭᠤᠷᠪᠠᠨ ᠡᠳᠦᠷ ᠲᠤ᠂ ᠪᠥᠬᠦ ᠣᠷᠣᠨ ᠤ ᠣᠯᠠᠨ ᠭᠠᠵᠠᠷ ᠲᠤ ᠮᠥᠨ ᠯᠡ ᠠᠳᠠᠯᠢ ᠪᠤᠰᠤ ᠬᠡᠮᠵᠢᠶ᠎ᠡ ᠪᠠᠷ ᠴᠠᠰᠤ ᠣᠷᠣᠨ᠎ᠠ᠂ ᠪᠣᠳᠠᠲᠠᠢ ᠤᠷᠢᠳᠴᠢᠯᠠᠭᠰᠠᠨ ᠮᠡᠳᠡᠭᠡ ᠨᠢ ᠳᠣᠣᠷᠠᠬᠢ ᠮᠡᠲᠦ᠄       ᠡᠨᠡ ᠡᠳᠦᠷ ᠠᠴᠠ ᠰᠥᠨᠢ ᠪᠣᠯᠲᠠᠯ᠎ᠠ᠂ ᠪᠠᠷᠠᠭᠤᠨ ᠤᠷᠤᠨ ᠤ ᠵᠡᠭᠦᠨ ᠬᠡᠰᠡᠭ ᠪᠠ ᠳᠤᠮᠳᠠ ᠵᠡᠭᠦᠨ ᠬᠡᠰᠡᠭ ᠤᠨ ᠶᠡᠬᠡᠩᠬᠢ ᠭᠠᠵᠠᠷ ᠣᠷᠣᠨ ᠳᠤ ᠡᠭᠦᠯᠡ ᠲᠠᠢ᠂ ᠪᠠᠭ᠎ᠠ ᠴᠠᠰᠤ ᠤᠷᠤᠨ᠎ᠠ᠂ ᠡᠭᠦᠨ ᠳᠤ ᠰᠢᠯᠢ ᠶᠢᠨ ᠭᠤᠣᠯ ᠠᠶᠢᠮᠠᠭ ᠤᠨ ᠵᠡᠭᠦᠨ ᠬᠡᠰᠡᠭ᠂ ᠤᠯᠠᠭᠠᠨᠬᠠᠳᠠ ᠬᠤᠲᠠ ᠶᠢᠨ ᠬᠤᠶᠢᠲᠤ ᠬᠡᠰᠡᠭ᠂ ᠲᠦᠩᠯᠢᠶᠣᠣ ᠬᠤᠲᠠ ᠶᠢᠨ ᠪᠠᠷᠠᠭᠤᠨ ᠬᠤᠶᠢᠲᠤ ᠬᠡᠰᠡᠭ ᠤᠨ ᠬᠡᠰᠡᠭ ᠭᠠᠵᠠᠷ ᠣᠷᠣᠨ᠂ ᠬᠢᠩᠭᠠᠨ ᠠᠶᠢᠮᠠᠭ ᠤᠨ ᠬᠤᠶᠢᠲᠤ ᠬᠡᠰᠡᠭ᠂ ᠬᠥᠯᠥᠨ ᠪᠤᠶᠢᠷ ᠬᠤᠲᠠ ᠶᠢᠨ ᠶᠡᠬᠡᠩᠬᠢ ᠭᠠᠵᠠᠷ ᠣᠷᠣᠨ ᠳᠤ ᠳᠤᠮᠳᠠ ᠵᠡᠷᠭᠡ ᠶᠢᠨ ᠴᠠᠰᠤ ᠲᠠᠢ᠂ ᠬᠡᠰᠡᠭ ᠭᠠᠵᠠᠷ ᠣᠷᠣᠨ ᠳᠤ ᠶᠡᠭᠡ ᠴᠠᠰᠤ ᠤᠷᠤᠨ᠎ᠠ ᠂ ᠪᠤᠰᠤᠳ ᠭᠠᠵᠠᠷ ᠣᠷᠣᠨ ᠳᠤ ᠡᠭᠦᠯᠡ ᠲᠠᠢ︔ ᠪᠥᠬᠦ ᠣᠷᠣᠨ ᠤ ᠶᠡᠬᠡᠩᠬᠢ ᠭᠠᠵᠠᠷ ᠣᠷᠣᠨ ᠳᠤ 5᠂ 6 ᠲᠠᠰ ᠤᠨ ᠰᠠᠯᠬᠢ ᠲᠠᠢ᠂ ᠬᠡᠰᠡᠭ ᠲᠡᠭᠡᠨ 7᠂ 8 ᠲᠠᠰ ᠤᠨ ᠰᠠᠯᠬᠢ ᠰᠠᠯᠬᠢᠯᠠᠵᠤ᠂ ᠬᠡᠰᠡᠭ ᠭᠠᠵᠠᠷ ᠲᠤ 9 ᠲᠠᠰ ᠤᠨ ᠪᠠᠷᠠᠭᠤᠨ ᠬᠤᠶᠢᠲᠤ ᠶᠢᠨ ᠰᠠᠯᠬᠢ ᠰᠠᠯᠬᠢᠯᠠᠨ᠎ᠠ᠂ ᠪᠠᠷᠠᠭᠤᠨ ᠤᠷᠤᠨ ᠤ ᠪᠠᠷᠠᠭᠤᠨ ᠬᠡᠰᠡᠭ ᠤᠨ ᠬᠡᠰᠡᠭ ᠭᠠᠵᠠᠷ ᠣᠷᠣᠨ ᠳᠤ ᠡᠯᠡᠰᠦᠨ ᠰᠢᠭᠤᠷᠭ᠎ᠠ ᠲᠠᠢ ᠠᠭᠤᠷ ᠠᠮᠢᠰᠬᠤᠯ ᠢᠯᠡᠷᠡᠵᠦ᠂ ᠳᠤᠮᠳᠠ ᠪᠠ ᠵᠡᠭᠦᠨ ᠬᠡᠰᠡᠭ ᠤᠨ ᠬᠡᠰᠡᠭ ᠭᠠᠵᠠᠷ ᠣᠷᠣᠨ ᠳᠤ ᠰᠢᠭᠤᠷᠭ᠎ᠠ ᠲᠠᠢ᠃ ᠴᠡᠴᠡᠷᠯᠢᠭ ᠤᠨ ᠤᠷᠭᠤᠮᠠᠯ ᠬᠥᠯᠳᠡᠬᠦ ᠭᠠᠮᠰᠢᠭ      ᠤᠷᠭᠤᠮᠠᠯ ᠬᠥᠯᠳᠡᠬᠦ ᠭᠠᠮᠰᠢᠭ ᠪᠣᠯ ᠬᠠᠯᠳᠠᠪᠦᠷᠢᠳᠦ ᠪᠤᠰᠤ ᠴᠢᠨᠠᠷᠲᠠᠢ ᠡᠪᠡᠳᠴᠢᠨ ᠤ ᠬᠥᠨᠥᠭᠡᠯ ᠳᠤ ᠪᠠᠭᠲᠠᠳᠠᠭ ᠂ ᠠᠭᠤᠷ ᠠᠮᠢᠰᠬᠤᠯ ᠤᠨ ᠨᠦᠯᠦᠭᠡ ᠠᠴᠠ ᠪᠣᠯᠤᠭᠰᠠᠨ ᠭᠠᠢ ᠭᠠᠮᠰᠢᠭ ᠮᠥᠨ᠂ ᠶᠡᠷᠦ ᠳᠡᠭᠡᠨ ᠳᠤᠮᠳᠠ ᠥᠨᠳᠥᠷ ᠥᠷᠭᠡᠷᠢᠭ ᠤᠨ ᠣᠷᠣᠨ ᠳᠤ ᠡᠭᠦᠰᠳᠡᠭ᠃      ᠬᠥᠯᠳᠡᠬᠦ ᠭᠠᠮᠰᠢᠭ ᠭᠡᠳᠡᠭ ᠨᠢ ᠠᠭᠠᠷ ᠤᠨ ᠳᠤᠯᠠᠭᠠᠨ ᠳᠣᠷᠣᠭᠰᠢᠯᠠᠭᠠᠳ 0℃ ᠠᠴᠠ ᠳᠣᠷᠣᠭᠰᠢ ᠪᠣᠯᠤᠭᠰᠠᠨ ᠠᠴᠠ ᠤᠷᠭᠤᠮᠠᠯ ᠤᠨ ᠡᠰ ᠤᠨ ᠵᠠᠪᠰᠠᠷ ᠲᠤ ᠮᠥᠰᠥ ᠬᠥᠯᠳᠡᠵᠦ᠂ ᠮᠣᠳᠣᠨ ᠤ ᠡᠰ᠂ ᠨᠡᠬᠡᠳᠡᠰᠦ᠂ ᠡᠷᠬᠡᠲᠡᠨ ᠢ ᠭᠡᠮᠲᠦᠭᠡᠬᠦ ᠦᠵᠡᠭᠳᠡᠯ ᠢ ᠵᠢᠭᠠᠵᠤ ᠪᠠᠶᠢᠨ᠎ᠠ᠃ ᠡᠶᠢᠮᠦᠷᠬᠦᠦ ᠳᠣᠣᠷ᠎ᠠ ᠳᠤᠯᠠᠭᠠᠨ ᠤ ᠬᠤᠣᠷ ᠬᠥᠨᠥᠭᠡᠯ ᠨᠢ ᠴᠡᠴᠡᠷᠯᠢᠭ ᠤᠨ ᠮᠣᠳᠣᠨ ᠳᠤ ᠬᠠᠮᠤᠭ ᠤᠨ ᠶᠡᠭᠡ ᠬᠤᠣᠷ ᠬᠥᠨᠥᠭᠡᠯ ᠤᠴᠠᠷᠠᠭᠤᠯᠳᠠᠭ᠂ ᠭᠤᠣᠯ ᠢᠯᠡᠷᠡᠯ ᠨᠢ ᠴᠡᠴᠡᠭ ᠨᠠᠬᠢᠶ᠎ᠠ ᠬᠥᠯᠳᠡᠵᠦ ᠰᠢᠷᠬᠠᠲᠤᠭᠠᠳ ᠳᠣᠲᠣᠷ᠎ᠠ ᠨᠢ ᠬᠦᠷᠡᠩ ᠪᠣᠯᠵᠤ᠂ ᠡᠬᠢᠨ ᠤ ᠬᠤᠭᠤᠴᠠᠭᠠᠨ ᠳᠤ ᠨᠠᠬᠢᠶ᠎ᠠ ᠨᠢ ᠰᠤᠯᠠᠷᠠᠵᠤ᠂ ᠰᠡᠭᠦᠯᠴᠢ ᠶᠢᠨ ᠬᠤᠭᠤᠴᠠᠭᠠᠨ ᠳᠤ ᠴᠡᠴᠡᠭ ᠨᠠᠬᠢᠶ᠎ᠠ ᠰᠣᠶᠣᠭᠠᠯᠠᠬᠤ ᠶᠢᠨ ᠠᠷᠭ᠎ᠠ ᠦᠭᠡᠢ ᠪᠣᠯᠵᠤ᠂ ᠡᠴᠦᠰ ᠲᠡᠭᠡᠨ ᠬᠠᠳᠠᠵᠤ ᠦᠬᠦᠳᠡᠭ᠃      ᠬᠥᠯᠳᠡᠬᠦ ᠭᠠᠮᠰᠢᠭ ᠤᠨ ᠨᠥᠯᠥᠭᠡ      ᠤᠷᠭᠤᠮᠠᠯ ᠤᠨ ᠡᠰ ᠲᠤ ᠭᠡᠮᠲᠦᠯ ᠤᠴᠠᠷᠠᠭᠤᠯᠤᠨ᠎ᠠ      ᠳᠤᠯᠠᠭᠠᠨ ᠤ ᠬᠡᠮᠵᠢᠶ᠎ᠡ ᠳᠣᠷᠣᠭᠰᠢᠯᠠᠬᠤ ᠦᠶ᠎ᠡ ᠳᠤ᠂ ᠤᠷᠭᠤᠮᠠᠯ ᠤᠨ ᠡᠰ ᠤᠨ ᠳᠣᠲᠣᠷᠠᠬᠢ ᠤᠰᠤ ᠨᠢ ᠬᠥᠯᠳᠡᠵᠦ᠂ ᠮᠥᠰᠥᠨ ᠲᠠᠯᠠᠰᠲᠤ ᠶᠢᠨ ᠪᠦᠷᠢᠯᠳᠦᠯ ᠨᠢ ᠡᠰ ᠢ ᠲᠡᠯᠡᠵᠦ᠂ ᠡᠰ ᠤᠨ ᠪᠦᠲᠦᠴᠡ ᠶᠢ ᠡᠪᠳᠡᠵᠦ᠂ ᠡᠰ ᠤᠨ ᠬᠡᠪ ᠤᠨ ᠠᠵᠢᠯᠯᠠᠭ᠎ᠠ ᠶᠢ ᠠᠯᠳᠠᠭᠤᠯᠳᠠᠭ᠃      ᠤᠷᠭᠤᠮᠠᠯ ᠤᠨ ᠨᠡᠬᠡᠳᠡᠰᠦ ᠶᠢ ᠨᠦᠯᠦᠭᠡᠯᠡᠨ᠎ᠡ      ᠤᠷᠭᠤᠮᠠᠯ ᠤᠨ ᠡᠰᠢ᠂ ᠰᠠᠯᠠᠭ᠎ᠠ ᠮᠥᠴᠢᠷ ᠵᠡᠷᠭᠡ ᠨᠡᠬᠡᠳᠡᠰᠦ ᠬᠥᠯᠳᠡᠵᠦ ᠭᠠᠮᠰᠢᠭᠳᠠᠭᠰᠠᠨ ᠤ ᠳᠠᠷᠠᠭ᠎ᠠ᠂ ᠬᠠᠯᠢᠰᠤ ᠨᠢ ᠠᠩ ᠭᠠᠷᠴᠤ ᠬᠤᠪᠬᠤᠷᠠᠨ ᠤᠨᠠᠵᠤ ᠤᠷᠭᠤᠮᠠᠯ ᠤᠨ ᠭᠠᠳᠠᠷ ᠪᠠᠶᠢᠳᠠᠯ ᠢ ᠨᠥᠯᠥᠭᠡᠯᠡᠬᠦ ᠶᠢᠨ ᠬᠠᠮᠲᠤ ᠨᠡᠩ ᠠᠮᠠᠷᠬᠠᠨ ᠡᠪᠡᠳᠴᠢᠨ ᠬᠤᠷᠣᠬᠠᠢ ᠶᠢᠨ ᠬᠥᠨᠥᠭᠡᠯ ᠳᠤ ᠲᠠᠭᠠᠷᠢᠭᠳᠡᠵᠤ ᠮᠡᠳᠡᠨ᠎ᠡ᠃ ᠵᠢᠱᠢᠶᠡᠯᠡᠪᠡᠯ᠂ ᠤᠯᠢᠶᠠᠰᠤᠨ ᠮᠣᠳᠣ ᠵᠡᠷᠭᠡ ᠮᠣᠳᠣ ᠬᠥᠯᠳᠡᠵᠦ ᠭᠠᠮᠰᠢᠭᠳᠠᠭᠰᠠᠨ ᠤ ᠳᠠᠷᠠᠭ᠎ᠠ᠂ ᠮᠣᠳᠣᠨ ᠤ ᠬᠠᠯᠢᠰᠤ ᠨᠢ ᠪᠤᠰᠤᠭ᠎ᠠ ᠪᠠᠷ ᠬᠠᠭᠠᠷᠠᠨ᠎ᠠ᠃      ᠤᠷᠭᠤᠮᠠᠯ ᠤᠨ ᠥᠰᠦᠯᠲᠡ ᠪᠤᠶᠢᠵᠢᠯᠲᠠ ᠶᠢ ᠨᠦᠯᠦᠭᠡᠯᠡᠨ᠎ᠡ      ᠬᠥᠯᠳᠡᠬᠦ ᠭᠠᠮᠰᠢᠭ ᠨᠢ ᠤᠷᠭᠤᠮᠠᠯ ᠤᠨ ᠦᠨᠳᠦᠰᠦ ᠶᠢᠨ ᠰᠢᠰᠲ᠋ᠧᠮ ᠤᠨ ᠤᠰᠤ ᠪᠠ ᠰᠢᠮ᠎ᠡ ᠲᠡᠵᠢᠭᠡᠯ ᠤᠨ ᠰᠢᠩᠭᠡᠭᠡᠯᠲᠡ ᠶᠢ ᠬᠤᠷᠢᠭᠯᠠᠵᠤ᠂ ᠤᠷᠭᠤᠮᠠᠯ ᠤᠨ ᠥᠰᠦᠯᠲᠡ ᠶᠢ ᠤᠳᠠᠭᠠᠰᠢᠷᠠᠭᠤᠯᠳᠠᠭ᠃ ᠬᠦᠨᠳᠦ ᠨᠣᠴᠢᠲᠠᠢ ᠦᠶ᠎ᠡ ᠳᠤ᠂ ᠭᠠᠵᠠᠷ ᠳᠡᠭᠡᠷᠡᠬᠢ ᠬᠡᠰᠡᠭ ᠨᠢ ᠦᠬᠦᠰᠢᠷᠡᠬᠦ᠂ ᠦᠬᠦᠬᠦ ᠵᠡᠷᠭᠡ ᠪᠠᠶᠢᠳᠠᠯ ᠭᠠᠷᠤᠨ᠎ᠠ᠂ ᠣᠨᠴᠠᠭᠠᠶᠢᠯᠠᠨ ᠵᠠᠷᠢᠮ ᠬᠦᠢᠲᠡᠨ ᠢ ᠥᠯᠥ ᠳᠠᠭᠠᠭᠠᠬᠤ ᠴᠡᠴᠡᠭ ᠬᠤᠸᠠᠷ ᠨᠢ ᠦᠬᠦᠰᠢᠷᠡᠬᠦ᠂ ᠦᠬᠦᠬᠦ ᠵᠡᠷᠭᠡ ᠪᠠᠶᠢᠳᠠᠯ ᠭᠠᠷᠳᠠᠭ᠃      ᠤᠷᠭᠤᠮᠠᠯ ᠤᠨ ᠴᠡᠴᠡᠭᠯᠡᠬᠦ ᠬᠤᠭᠤᠴᠠᠭ᠎ᠠ ᠪᠠ ᠦᠷᠡᠵᠢᠯ ᠢ ᠬᠡᠪ ᠤᠨ ᠪᠤᠰᠤ ᠪᠤᠯᠭᠠᠨ᠎ᠠ      ᠬᠡᠷᠪᠡ ᠴᠡᠴᠡᠭ ᠨᠠᠬᠢᠶ᠎ᠠ ᠬᠥᠯᠳᠡᠬᠦ ᠳᠤ ᠬᠦᠷᠪᠡᠯ ᠴᠡᠴᠡᠭ ᠤᠨ ᠲᠤᠭ᠎ᠠ ᠬᠡᠮᠵᠢᠶ᠎ᠡ ᠪᠠ ᠴᠢᠨᠠᠷ ᠢ ᠨᠥᠯᠥᠭᠡᠯᠡᠵᠦ᠂ ᠴᠢᠨᠠᠭᠰᠢᠯᠠᠪᠠᠯ ᠴᠡᠴᠡᠭᠯᠡᠵᠦ ᠴᠢᠳᠠᠬᠤ ᠦᠭᠡᠢ ᠪᠣᠯᠣᠨ᠎ᠠ᠃ ᠵᠠᠷᠢᠮ ᠵᠢᠮᠢᠰ ᠤᠨ ᠤᠷᠭᠤᠮᠠᠯ ᠳᠤ ᠠᠪᠴᠤ ᠬᠡᠯᠡᠪᠡᠯ᠂ ᠬᠥᠯᠳᠡᠬᠦ ᠭᠠᠮᠰᠢᠭ ᠨᠢ ᠵᠢᠮᠢᠰ ᠤᠨ ᠤᠨᠠᠯᠲᠠ ᠶᠢ ᠪᠠᠭᠤᠷᠠᠭᠤᠯᠵᠤ᠂ ᠵᠢᠮᠢᠰ ᠤᠨ ᠴᠢᠨᠠᠷ ᠴᠢᠨᠰᠠᠭ᠎ᠠ ᠶᠢ ᠴᠤ ᠮᠠᠭᠤᠳᠠᠭᠤᠯᠳᠠᠭ᠃       ᠴᠡᠴᠡᠷᠯᠢᠭ ᠤᠨ ᠬᠥᠯᠳᠡᠬᠦ ᠭᠠᠮᠰᠢᠭ ᠢ ᠰᠡᠷᠭᠡᠶᠢᠯᠡᠬᠦ ᠠᠷᠭ᠎ᠠ ᠬᠡᠮᠵᠢᠶ᠎ᠡ       ᠪᠤᠭᠤᠬᠤ      ᠬᠦᠢᠲᠡᠨ ᠢ ᠳᠠᠭᠠᠭᠠᠬᠤ ᠦᠭᠡᠢ ᠮᠣᠳᠣ ᠶᠢ ᠡᠪᠡᠰᠦᠨ ᠳᠡᠭᠡᠰᠦ ᠪᠠᠷ ᠳᠣᠣᠷ᠎ᠠ ᠠᠴᠠ ᠳᠡᠭᠡᠭᠰᠢ ᠪᠠᠨ ᠭᠤᠣᠯ ᠡᠰᠢ ᠶᠢ ᠣᠷᠢᠶᠠᠬᠤ ᠪᠤᠶᠤ ᠬᠦᠢᠲᠡᠨ ᠠᠴᠠ ᠰᠡᠷᠭᠡᠶᠢᠯᠡᠬᠦ ᠪᠥᠰ᠂ ᠬᠥᠪᠥᠩ ᠬᠥᠨᠵᠢᠯᠡ ᠪᠠᠷ ᠪᠠᠭᠯᠠᠨ᠎ᠠ᠃ ᠵᠢᠵᠢᠭ ᠬᠡᠯᠪᠡᠷᠢ ᠶᠢᠨ ᠨᠣᠭᠤᠭᠠᠨ ᠤᠷᠭᠤᠮᠠᠯ᠂ ᠬᠤᠸᠠᠷ ᠴᠡᠴᠡᠭ ᠢ ᠰᠦᠯᠢᠶᠥᠦ ᠤᠭᠤᠲᠠᠨ ᠳᠤ ᠪᠦᠷᠬᠦᠵᠦ᠂ ᠠᠭᠠᠷ ᠨᠡᠪᠲᠡᠷᠡᠬᠦ ᠬᠡᠳᠦᠨ ᠨᠦᠬᠡ ᠭᠠᠷᠭᠠᠨ᠎ᠠ᠃       ᠦᠨᠳᠦᠰᠦ ᠶᠢᠨ ᠬᠡᠰᠡᠭ ᠤᠨ ᠲᠤᠯᠠᠭᠠᠨ ᠢ ᠬᠠᠮᠠᠭᠠᠯᠠᠨ᠎ᠠ      ᠮᠣᠳᠣᠨ ᠤ ᠦᠨᠳᠦᠰᠦ ᠶᠢᠨ ᠬᠡᠰᠡᠭ ᠲᠤ ᠰᠢᠷᠣᠢ ᠨᠡᠮᠡᠵᠦ ᠣᠪᠣᠭᠠᠯᠠᠨ᠂ ᠥᠨᠳᠥᠷ ᠤᠨ ᠬᠡᠮᠵᠢᠶ᠎ᠡ ᠨᠢ ᠪᠠᠷᠤᠭ 30 — 40 ᠰᠠᠨᠲ᠋ᠢᠮᠧᠲᠷ᠂ ᠳ᠋ᠢᠶᠠᠮᠧᠲᠷ ᠨᠢ ᠮᠣᠳᠣᠨ ᠤ ᠶᠡᠭᠡ ᠪᠠᠭ᠎ᠠ ᠪᠠᠷ ᠲᠣᠭᠲᠠᠭᠠᠭᠳᠠᠨ᠎ᠠ᠃ ᠪᠠᠰᠠ ᠬᠠᠭᠤᠷᠠᠢ ᠡᠪᠡᠰᠦ᠂ ᠮᠣᠳᠣᠨ ᠨᠠᠪᠴᠢ ᠵᠡᠷᠭᠡ ᠶᠢ ᠳᠡᠪᠢᠰᠴᠦ᠂ ᠳᠠᠬᠢᠨ ᠰᠦᠯᠢᠶᠥᠦ ᠪᠦᠷᠬᠦᠪᠴᠢ ᠶᠢ ᠪᠦᠷᠬᠦᠵᠦ᠂ ᠳᠦᠷᠪᠡᠨ ᠲᠠᠯ᠎ᠠ ᠪᠠᠷ ᠨᠢ ᠳᠠᠷᠤᠰᠢᠭᠤᠯᠵᠤ ᠪᠣᠯᠣᠨ᠎ᠠ᠃       ᠤᠰᠤᠯᠠᠬᠤ      ᠬᠥᠷᠥᠰᠥ ᠬᠥᠯᠳᠡᠬᠦ ᠠᠴᠠ ᠡᠮᠦᠨ᠎ᠡ᠂ ᠨᠢᠭᠡ ᠤᠳᠠᠭ᠎ᠠ ᠤᠰᠤᠯᠠᠨ᠎ᠠ᠂ ᠴᠠᠭ ᠨᠢ ᠡᠳᠦᠷ ᠤᠨ ᠠᠭᠠᠷ ᠤᠨ ᠳᠤᠯᠠᠭᠠᠨ 5℃ ᠠᠴᠠ ᠥᠨᠳᠥᠷ ᠦᠶ᠎ᠡ ᠳᠤ᠂ ᠤᠰᠤ ᠶᠢ ᠨᠡᠪᠴᠢᠭᠦᠯᠵᠦ᠂ ᠬᠥᠷᠥᠰᠥᠨ ᠤ ᠢᠯᠴᠢ ᠶᠢ ᠬᠠᠳᠠᠭᠠᠯᠠᠵᠤ᠂ ᠴᠢᠭᠢᠭ ᠢ ᠪᠠᠲᠤᠯᠠᠨ᠎ᠠ᠃       ᠰᠠᠯᠠᠭ᠎ᠠ ᠨᠠᠮᠠᠭ᠎ᠠ ᠶᠢ ᠬᠠᠶᠢᠴᠢᠯᠠᠵᠦ ᠵᠠᠰᠠᠬᠤ      ᠬᠠᠳᠠᠭᠰᠠᠨ ᠰᠠᠯᠠᠭ᠎ᠠ᠂ ᠡᠪᠡᠳᠴᠢᠯᠡᠭᠰᠡᠨ ᠰᠠᠯᠠᠭ᠎ᠠ᠂ ᠬᠡᠳᠦ ᠨᠢᠭᠲᠠ ᠰᠠᠯᠠᠭ᠎ᠠ ᠶᠢ ᠤᠷᠢᠳᠴᠢᠯᠠᠨ ᠬᠠᠶᠢᠴᠢᠯᠠᠵᠤ ᠂ ᠤᠰᠤᠨ ᠤ ᠠᠭᠤᠷᠰᠢᠯᠲᠠ ᠪᠠ ᠰᠢᠮ᠎ᠡ ᠲᠡᠵᠢᠭᠡᠯ ᠤᠨ ᠬᠤᠷᠣᠭᠳᠠᠯ ᠢ ᠪᠠᠭᠠᠰᠬᠠᠵᠤ᠂ ᠰᠢᠷᠬ᠎ᠠ ᠶᠢ ᠴᠠᠭ ᠲᠤᠬᠠᠢ  ᠳᠤᠨᠢ ᠬᠠᠮᠠᠭᠠᠯᠠᠬᠤ ᠡᠳ᠋ ᠲᠦᠷᠬᠢᠨ᠎ᠡ᠃       ᠰᠠᠯᠬᠢᠨ ᠤ ᠬᠠᠯᠬᠠᠪᠴᠢ ᠲᠤᠬᠢᠷᠠᠭᠤᠯᠬᠤ      ᠰᠠᠯᠬᠢᠨ ᠤ ᠠᠮᠠ᠂ ᠡᠵᠡᠭᠦᠢ ᠭᠠᠵᠠᠷ ᠤᠨ ᠴᠡᠴᠡᠷᠯᠢᠭ ᠲᠤ ᠬᠤᠯᠤᠰᠤᠨ ᠡᠰᠢ᠂ ᠰᠠᠯᠬᠢ ᠬᠠᠯᠬᠠᠯᠠᠬᠤ ᠪᠥᠰ ᠵᠡᠷᠭᠡ ᠥᠨᠳᠥᠷ ᠤᠨ ᠬᠡᠮᠵᠢᠶ᠎ᠡ ᠨᠢ ᠮᠣᠳᠣᠨ ᠤ ᠬᠠᠭᠠᠰ ᠠᠴᠠ ᠲᠠᠪᠠᠭᠰᠠᠨ᠂ ᠭᠠᠵᠠᠷ ᠤᠨ ᠭᠠᠳᠠᠷᠭᠤ ᠲᠠᠢ 70 — 80 ᠭᠷᠡᠳᠦ᠋ᠰ ᠨᠠᠯᠠᠤᠴᠠ ᠲᠠᠢ ᠬᠠᠯᠬᠠᠪᠴᠢ ᠪᠤᠰᠬᠠᠵᠦ᠂ ᠨᠠᠯᠠᠨ ᠤᠨᠠᠬᠤ ᠠᠴᠠ ᠰᠡᠷᠭᠡᠶᠢᠯᠡᠨ᠎ᠡ᠃ ᠬᠤᠷᠠᠭᠰᠠᠨ ᠴᠠᠰᠤ ᠶᠢ ᠴᠡᠪᠡᠷᠯᠡᠬᠦ      ᠴᠠᠰᠤ ᠣᠷᠣᠭᠰᠠᠨ ᠤ ᠳᠠᠷᠠᠭ᠎ᠠ ᠮᠣᠳᠣᠨ ᠤ ᠰᠠᠯᠠᠭ᠎ᠠ ᠨᠠᠮᠠᠭ᠎ᠠ ᠶᠢᠨ ᠬᠤᠷᠠᠭᠰᠠᠨ ᠴᠠᠰᠤ ᠶᠢ ᠴᠠᠭ ᠲᠤᠬᠠᠢ  ᠳᠤᠨᠢ ᠴᠡᠪᠡᠷᠯᠡᠵᠦ᠂ ᠰᠠᠯᠠᠭ᠎ᠠ ᠨᠠᠮᠠᠭ᠎ᠠ ᠶᠢ ᠳᠠᠷᠤᠵᠤ ᠲᠠᠰᠤᠯᠬᠤ ᠠᠴᠠ ᠰᠡᠷᠭᠡᠶᠢᠯᠡᠨ᠎ᠡ᠂ ᠴᠡᠪᠡᠷᠯᠡᠬᠦ ᠳᠡᠭᠡᠨ ᠬᠥᠩᠭᠡᠨ ᠱᠠᠯᠠᠮᠠᠭᠠᠢ᠂ ᠭᠡᠮᠲᠦᠭᠡᠬᠦ ᠠᠴᠠ ᠰᠡᠷᠭᠡᠶᠢᠯᠡᠬᠦ ᠬᠡᠷᠡᠭᠲᠡᠢ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠲᠢᠩᠬᠢᠮ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠤᠪᠴᠢᠶ᠎ᠠ ᠬᠠᠮᠳᠤᠷᠠᠨ ᠦᠢᠯᠡᠳᠪᠡ ᠢᠷᠡᠯᠲᠡ᠄ ᠥᠪᠥᠷ ᠮᠣᠩᠭᠤᠯ ᠤᠨ ᠴᠠᠭ ᠠᠭᠤᠷ ᠲᠤᠪᠴᠢᠶ᠎ᠠ ᠶᠢᠨ ᠨᠡᠶᠢᠲᠡ ᠶᠢᠨ ᠳ᠋ᠤᠭᠠᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1