ᠣᠳᠣᠬᠠᠨ ᠳᠤ᠂ ᠮᠧᠲ᠋ᠢᠯ ᠠᠯᠳᠧᠭᠢᠳ᠋ ᠤᠨ ᠪᠣᠬᠢᠷᠲᠤᠯ ᠤᠨ ᠠᠰᠠᠭᠤᠳᠠᠯ ᠨᠢ ᠠᠷᠠᠳ ᠣᠯᠠᠨ ᠤ ᠭᠡᠷ | ᠪᠠᠶᠢᠰᠢᠩ ᠵᠠᠰᠠᠵᠤ ᠴᠢᠮᠡᠭᠯᠡᠭᠰᠡᠨ ᠤ ᠳᠠᠷᠠᠭᠠᠬᠢ ᠨᠡᠶᠢᠳᠡᠮ ᠤᠨ ᠠᠩᠬᠠᠷᠤᠯ ᠤᠨ ᠰᠡᠳᠦᠪ ᠪᠣᠯᠵᠤ᠂ ᠮᠧᠲ᠋ᠢᠯ | ᠠᠯᠳᠧᠭᠢᠳ᠋ ᠢ ᠪᠠᠶᠢᠴᠠᠭᠠᠨ ᠰᠢᠯᠭᠠᠬᠤ᠂ ᠮᠧᠲ᠋ᠢᠯ ᠠᠯᠳᠧᠭᠢᠳ᠋ ᠢ ᠵᠠᠰᠠᠬᠤ ᠵᠡᠷᠭᠡ ᠦᠢᠯᠡᠴᠢᠯᠡᠭᠡ ᠴᠦ ᠳᠠᠭᠠᠯᠳᠤᠨ ᠪᠣᠶ | ᠪᠣᠯᠤᠭᠰᠠᠨ ᠪᠠᠶᠢᠨ᠎ᠠ᠃ ᠭᠡᠲᠡᠯ᠎ᠡ᠂ ᠮᠧᠲ᠋ᠢᠯ ᠠᠯᠳᠧᠭᠢᠳ᠋ ᠤᠨ ︽ᠬᠠᠭᠤᠷᠮᠠᠭ ᠰᠢᠯᠭᠠᠨ ᠪᠠᠶᠢᠴᠠᠭᠠᠯᠲᠠ︾ ︽ | ᠬᠠᠭᠤᠷᠮᠠᠭ ᠵᠠᠰᠠᠯᠳᠠ︾ ᠶᠢᠨ ᠠᠰᠠᠭᠤᠳᠠᠯ ᠵᠦᠩᠳᠡᠭᠡᠨ ᠪᠠᠶᠢᠨ᠎ᠠ᠃ ᠵᠢᠱᠢᠶᠡᠯᠡᠪᠡᠯ᠂ ᠭᠤᠸᠠᠩᠳᠦ᠋ᠩ ᠤᠨ ᠱᠧᠨᠵᠧᠨ | ᠬᠤᠲᠠ ᠶᠢᠨ ᠠᠷᠠᠳ ᠵᠠᠩ ᠲᠧᠩ᠂ ᠬᠠᠤᠯᠢ ᠪᠤᠰᠤ ᠬᠤᠳᠠᠯᠳᠤᠭᠠᠴᠢᠨ ᠬᠦᠮᠦᠰ ᠤᠨ ᠮᠧᠲ᠋ᠢᠯ ᠠᠯᠳᠧᠭᠢᠳ᠋ ᠤᠨ ᠬᠤᠣᠷ | ᠬᠥᠨᠥᠭᠡᠯ ᠠᠴᠠ ᠠᠶᠤᠬᠤ ᠰᠡᠳᠬᠢᠯᠭᠡ ᠶᠢ ᠠᠰᠢᠭᠯᠠᠨ᠂ ᠵᠣᠷᠢᠭᠤᠳᠠ ᠥᠰᠬᠡᠨ ᠳᠥᠰᠬᠡᠨ ᠲᠠᠢ ᠶᠠᠷᠢᠵᠤ᠂ ︽ᠮᠧᠲ᠋ᠢᠯ | ᠠᠯᠳᠧᠭᠢᠳ᠋ ᠤᠨ ᠪᠤᠬᠢᠨᠢᠳᠤᠯ︾ ᠢ ᠪᠣᠶ ᠪᠣᠯᠭᠠᠪᠠ︔ ᠨᠥᠭᠦᠭᠡ ᠲᠠᠯ᠎ᠠ ᠪᠠᠷ ᠮᠧᠲ᠋ᠢᠯ ᠠᠯᠳᠧᠭᠢᠳ᠋ ᠤᠨ ᠪᠠᠶᠢᠴᠠᠭᠠᠨ | ᠰᠢᠯᠭᠠᠬᠤ ᠲᠤᠭ᠎ᠠ ᠬᠡᠮᠵᠢᠭᠳᠡᠯ ᠢ ᠡᠵᠡᠮᠳᠡᠵᠦ᠂ ᠮᠧᠲ᠋ᠢᠯ ᠠᠯᠳᠧᠭᠢᠳ᠋ ᠤᠨ ᠵᠠᠰᠠᠬᠤ ᠦᠢᠯᠡᠴᠢᠯᠡᠭᠡ ᠬᠤᠳᠠᠯᠳᠤᠨ | ᠠᠪᠬᠤ ᠶᠢ ᠦᠳᠦᠭᠡᠵᠦ ᠪᠠᠶᠢᠨ᠎ᠠ ᠭᠡᠵᠡᠢ᠃ ᠱᠠᠨᠳᠦ᠋ᠩ ᠤᠨ ᠵᠢᠨᠢᠩ ᠬᠤᠲᠠ ᠶᠢᠨ ᠰᠦᠯᠵᠢᠶᠡᠨ ᠤ ᠠᠨᠳᠠ᠂ ᠣᠨᠴᠠ | ᠵᠠᠷᠢᠮ ᠺᠣᠮᠫᠠᠨᠢ ᠨᠢ ᠵᠠᠰᠠᠬᠤ ᠬᠢᠷᠢ ᠬᠡᠮ ᠦᠭᠡᠢ ᠪᠠᠶᠢᠲᠠᠯ᠎ᠠ ᠬᠠᠷᠢᠨ ᠮᠧᠲ᠋ᠢᠯ ᠠᠯᠳᠧᠭᠢᠳ᠋ ᠢ ᠪᠦᠷᠢᠮᠦᠰᠦᠨ ᠠᠷᠢᠯᠭᠠᠵᠤ | ᠴᠢᠳᠠᠨ᠎ᠠ ᠭᠡᠵᠦ ᠬᠡᠷᠡᠭᠯᠡᠭᠴᠢᠳ ᠢ ᠮᠡᠬᠡᠯᠡᠵᠦ ᠪᠠᠶᠢᠨ᠎ᠠ ᠭᠡᠵᠦ ᠲᠤᠰᠬᠠᠪᠠ᠃ | ᠮᠧᠲ᠋ᠢᠯ ᠠᠯᠳᠧᠭᠢᠳ᠋ ᠤᠨ ᠪᠠᠶᠢᠴᠠᠭᠠᠨ ᠰᠢᠯᠭᠠᠵᠤ ᠵᠠᠰᠠᠬᠤ ᠵᠠᠬ᠎ᠠ ᠳᠡᠯᠭᠡᠭᠦᠷ ᠤᠨ ︽ᠬᠠᠭᠤᠷᠮᠠᠭ ᠪᠠᠶᠢᠴᠠᠭᠠᠨ | ᠰᠢᠯᠭᠠᠬᠤ᠂ ᠬᠠᠭᠤᠷᠮᠠᠭ ᠵᠠᠰᠠᠬᠤ︾ ᠠᠰᠠᠭᠤᠳᠠᠯ ᠳᠤ᠂ ᠲᠤᠰᠬᠠᠢ ᠮᠡᠷᠭᠡᠵᠢᠯᠲᠡᠨ᠂ ᠠᠷᠠᠳ ᠣᠯᠠᠨ᠄ ᠭᠡᠷ ᠳᠣᠲᠣᠷᠠᠬᠢ | ᠠᠭᠠᠷ ᠢ ᠪᠠᠶᠢᠴᠠᠭᠠᠨ ᠰᠢᠯᠭᠠᠬᠤ ᠠᠵᠢᠯ ᠲᠥᠷᠥᠯ ᠨᠢ ᠣᠯᠠᠨ ᠨᠡᠶᠢᠲᠡ ᠶᠢᠨ ᠠᠰᠢᠭ ᠲᠤᠰᠠ ᠲᠠᠢ ᠨᠢᠭᠲᠠ | ᠬᠤᠯᠪᠣᠭ᠎ᠠ ᠲᠠᠢ ᠪᠠᠶᠢᠳᠠᠭ ᠪᠣᠯᠬᠤᠷ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠪᠠᠶᠢᠴᠠᠭᠠᠨ ᠰᠢᠯᠭᠠᠬᠤ | ᠪᠠᠷᠢᠮᠵᠢᠶ᠎ᠠ ᠪᠠ ᠠᠵᠢᠯᠯᠠᠬᠤ ᠳᠦᠷᠢᠮ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ︽ᠨᠢᠭᠡ ᠲᠠᠯ᠎ᠠ ᠪᠠᠷ ᠪᠠᠶᠢᠴᠠᠭᠠᠨ | ᠰᠢᠯᠭᠠᠵᠤ᠂ ᠨᠢᠭᠡ ᠲᠠᠯ᠎ᠠ ᠪᠠᠷ ᠵᠠᠰᠠᠬᠤ︾ ᠬᠤᠳᠠᠯᠳᠤᠭᠠᠨ ᠤ ᠵᠠᠭᠪᠤᠷ ᠢ ᠲᠣᠭᠲᠠᠭᠠᠬᠤ ᠬᠡᠷᠡᠭᠲᠡᠢ︔ | ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠳᠤ ᠬᠠᠯᠳᠠᠭᠰᠠᠨ | ᠬᠤᠳᠠᠯᠳᠤᠭᠠᠴᠢᠨ ᠢ ᠴᠢᠩᠭ᠎ᠠ ᠪᠠᠶᠢᠴᠠᠭᠠᠨ ᠰᠢᠢᠳᠬᠡᠬᠦ ᠬᠡᠷᠡᠭᠲᠡᠢ ᠭᠡᠵᠦ ᠤᠷᠢᠶᠠᠯᠠᠵᠦ ᠪᠠᠶᠢᠨ᠎ᠠ᠃ | ︽ᠬᠠᠭᠤᠷᠮᠠᠭ ᠰᠢᠯᠭᠠᠨ ᠪᠠᠶᠢᠴᠠᠭᠠᠯᠲᠠ᠂ ᠬᠠᠭᠤᠷᠮᠠᠭ ᠵᠠᠰᠠᠯᠳᠠ︾ ᠠᠴᠠ ᠪᠣᠯᠵᠤ᠂ ᠮᠧᠲ᠋ᠢᠯ ᠠᠯᠳᠧᠭᠢᠳ᠋ ᠤᠨ | ᠵᠠᠰᠠᠯᠲᠠ ᠶᠢᠨ ᠵᠠᠬ᠎ᠠ ᠳᠡᠯᠭᠡᠭᠦᠷ ᠢᠲᠡᠭᠡᠮᠵᠢ ᠠᠯᠳᠠᠬᠤ ᠪᠠᠶᠢᠳᠠᠯ ᠢᠯᠡᠷᠡᠵᠦ ᠪᠠᠶᠢᠨ᠎ᠠ | ︽ᠮᠧᠲ᠋ᠢᠯ ᠠᠯᠳᠧᠭᠢᠳ᠋ ᠤᠨ ᠵᠠᠰᠠᠯᠲᠠ ᠶᠢᠨ ᠦᠢᠯᠡᠴᠢᠯᠡᠭᠡ ᠬᠤᠳᠠᠯᠳᠤᠨ ᠠᠪᠬᠤ ᠳᠤ ᠬᠦᠷᠪᠡᠯ ᠪᠠᠶᠢᠴᠠᠭᠠᠨ | ᠰᠢᠯᠭᠠᠬᠤ ᠵᠠᠷᠤᠳᠠᠯ ᠢ ᠪᠦᠬᠦᠨ ᠢ ᠬᠡᠯᠲᠦᠷᠢᠭᠦᠯᠦᠨ᠎ᠡ᠂ ᠮᠧᠲ᠋ᠢᠯ ᠠᠯᠳᠧᠭᠢᠳ᠋ ᠢ ᠠᠷᠢᠯᠭᠠᠭᠰᠠᠨ ᠤ ᠳᠠᠷᠠᠭ᠎ᠠ ᠡᠳᠦᠷ ᠨᠢ | ᠪᠠᠶᠢᠴᠠᠭᠠᠨ ᠰᠢᠯᠭᠠᠭᠠᠳ ᠬᠢᠷᠢ ᠲᠡᠩᠴᠡᠬᠦ ᠪᠠᠷ ᠪᠠᠷᠠᠬᠤ ᠦᠭᠡᠢ ᠲᠠᠷᠦᠢ ᠳᠤᠨᠢ ᠬᠥᠮᠥᠨ ᠰᠠᠭᠤᠵᠤ ᠪᠣᠯᠣᠨ᠎ᠠ ᠭᠡᠵᠦ | ᠵᠠᠷᠢᠮ ᠺᠣᠮᠫᠠᠨᠢ ᠬᠠᠭᠤᠷᠮᠠᠭ ᠤᠬᠠᠭᠤᠯᠭ᠎ᠠ ᠬᠢᠵᠦ ᠪᠠᠶᠢᠨ᠎ᠠ︾᠃ ᠭᠡᠷ ᠲᠡᠭᠡᠨ ᠠᠷᠪᠠᠨ ᠬᠡᠳᠦᠨ ᠮᠢᠨᠦ᠋ᠲ ᠰᠠᠭᠤᠮᠠᠭᠴᠠ | ᠬᠠᠮᠠᠷ ᠭᠠᠳᠠᠮ᠎ᠠ ᠦᠨᠦᠷ ᠲᠠᠢ ᠪᠣᠯᠵᠤ᠂ ᠲᠠᠷᠠᠭ᠎ᠠ ᠨᠢ ᠬᠤᠭᠤᠯᠠᠢ ᠡᠪᠡᠳᠴᠦ ᠬᠠᠨᠢᠶᠠᠯᠭᠠᠳᠠᠭ᠂ ︽ᠮᠧᠲ᠋ᠢᠯ ᠠᠯᠳᠧᠭᠢᠳ᠋ | ᠢ ᠠᠷᠢᠯᠭᠠᠵᠤ ᠳᠡᠶᠢᠯᠦᠭᠰᠡᠨ ᠦᠭᠡᠢ ᠨᠢ ᠢᠯᠡᠷᠬᠡᠢ︾ ᠭᠡᠵᠦ ᠵᠠᠩ ᠲᠧᠩ ᠬᠡᠯᠡᠵᠡᠢ᠃ | ︽ᠮᠧᠲ᠋ᠢᠯ ᠠᠯᠳᠧᠭᠢᠳ᠋ ᠤᠨ ᠪᠤᠬᠢᠨᠢᠳᠤᠯ︾ ᠢ ᠪᠤᠢ ᠪᠣᠯᠭᠠᠬᠤ ᠪᠣᠯ ᠮᠠᠰᠢ ᠤᠯᠠᠨ ᠬᠤᠳᠠᠯᠳᠤᠭᠠᠴᠢᠳ ᠤᠨ | ᠬᠡᠷᠡᠭᠯᠡᠭᠴᠢᠳ ᠢ ᠥᠳᠥᠭᠡᠵᠦ ᠦᠢᠯᠡᠴᠢᠯᠡᠭᠡ ᠬᠤᠳᠠᠯᠳᠤᠨ ᠠᠪᠤᠭᠤᠯᠬᠤ ᠶᠢᠨ ᠵᠤᠷᠰᠢᠭᠰᠠᠨ ᠠᠷᠭ᠎ᠠ ᠪᠠᠷᠢᠯ ᠪᠣᠯᠣᠨ᠎ᠠ᠃ | ︽ᠰᠢᠨ᠎ᠡ ᠪᠠᠷ ᠵᠠᠰᠠᠵᠤ ᠴᠢᠮᠡᠭᠯᠡᠭᠡᠳ ᠮᠧᠲ᠋ᠢᠯ ᠠᠯᠳᠧᠭᠢᠳ᠋ ᠢ ᠰᠢᠯᠭᠠᠨ ᠪᠠᠶᠢᠴᠠᠭᠠᠭᠰᠠᠨ ᠦᠭᠡᠢ ᠭᠡᠷ ᠲᠤ ᠰᠠᠭᠤᠵᠤ᠂ | ᠲᠦᠷᠭᠡᠨ ᠴᠢᠨᠠᠷᠲᠠᠢ ᠴᠢᠰᠤ ᠴᠠᠶᠢᠬᠤ ᠡᠪᠡᠳᠴᠢᠨ ᠳᠤ ᠨᠡᠷᠪᠡᠭᠳᠡᠵᠦ ᠪᠠᠶᠢᠨ᠎ᠠ︾ ︽ᠵᠠᠰᠠᠵᠤ ᠴᠢᠮᠡᠭᠯᠡᠬᠦ᠂ ᠭᠡᠷ ᠤᠨ | ᠬᠡᠷᠡᠭᠰᠡᠯ ᠤᠨ ᠮᠧᠲ᠋ᠢᠯ ᠠᠯᠳᠧᠭᠢᠳ᠋ ᠪᠠᠷᠢᠮᠵᠢᠶ᠎ᠠ ᠠᠴᠠ ᠬᠡᠳᠤᠷᠡᠵᠦ ᠬᠡᠦᠬᠡᠳ ᠨᠢ ᠴᠢᠰᠤᠨ ᠤ ᠥᠮᠡᠨ ᠢᠶᠠᠷ | ᠪᠠᠶᠢᠴᠠᠭᠠᠵᠤ ᠭᠠᠷᠭᠠᠵᠠᠢ︾ ᠁ ᠮᠡᠳᠦ ᠪᠠᠷ ᠵᠠᠷᠢᠮ ᠬᠤᠳᠠᠯᠳᠤᠭᠠᠴᠢᠳ ᠪᠣᠷᠤᠯᠠᠭᠤᠯᠭ᠎ᠠ ᠳᠤ ᠦᠢᠯᠡᠴᠢᠯᠡᠬᠦ ᠶᠢᠨ | ᠲᠥᠯᠥᠭᠡ ᠮᠧᠲ᠋ᠢᠯ ᠠᠯᠳᠧᠭᠢᠳ᠋ ᠤᠨ ᠬᠤᠣᠷ ᠬᠥᠨᠥᠭᠡᠯ ᠤᠨ ᠲᠠᠯ᠎ᠠ ᠪᠠᠷ ᠳᠡᠯ ᠰᠡᠭᠦᠯ ᠨᠡᠮᠡᠵᠦ᠂ ᠴᠢᠨᠠᠭᠰᠢᠯᠠᠭᠠᠳ | ᠰᠦᠯᠵᠢᠶᠡᠨ ᠳᠡᠭᠡᠷ᠎ᠡ ᠬᠥᠮᠥᠨ ᠢ ᠰᠣᠴᠢᠭᠠᠮ᠎ᠠ ᠴᠤᠤᠷᠬᠠᠯ ᠲᠠᠷᠬᠠᠭᠠᠵᠤ᠂ ᠠᠷᠠᠳ ᠣᠯᠠᠨ ᠤ ᠰᠡᠳᠬᠢᠯ ᠢ ᠵᠣᠪᠠᠭᠠᠵᠤ | ᠪᠠᠶᠢᠨ᠎ᠠ᠃ | ᠵᠠᠷᠢᠮ ᠬᠤᠳᠠᠯᠳᠤᠭᠠᠴᠢᠳ ᠪᠠᠰᠠ ᠬᠤᠳᠠᠯ ᠬᠠᠭᠤᠷᠮᠠᠭ ᠲᠤᠭ᠎ᠠ ᠪᠠᠷᠢᠮᠲᠠ ᠪᠠᠷ ᠬᠡᠷᠡᠭᠯᠡᠭᠴᠢᠳ ᠢ ᠮᠡᠬᠡᠯᠡᠬᠦ ᠪᠠᠷ | ᠤᠷᠤᠯᠳᠤᠵᠤ ᠪᠠᠶᠢᠨ᠎ᠠ᠃ ᠡᠨᠡ ᠵᠢᠯ ᠤᠨ 7 ᠳ᠋ᠤᠭᠠᠷ ᠰᠠᠷ᠎ᠠ ᠳᠤ᠂ ᠭᠤᠸᠠᠩᠳᠦ᠋ᠩ ᠤᠨ ᠭᠤᠸᠠᠩᠵᠧᠦ ᠬᠤᠲᠠ ᠶᠢᠨ | ᠴᠧᠨ ᠠᠪᠤᠭᠠᠢ ᠨᠢᠭᠡᠨ ᠣᠷᠴᠢᠨ ᠠᠬᠤᠢ ᠶᠢᠨ ᠵᠠᠰᠠᠯᠲᠠ ᠶᠢᠨ ᠪᠠᠶᠢᠭᠤᠯᠤᠮᠵᠢ ᠠᠴᠠ ᠨᠢᠭᠡ ᠤᠳᠠᠭᠠᠨ ᠤ ︽ᠪᠥᠬᠦ | ᠥᠷᠥᠭᠡᠨ ᠤ ᠮᠧᠲ᠋ᠢᠯ ᠠᠯᠳᠧᠭᠢᠳ᠋ ᠤᠨ ᠰᠢᠯᠭᠠᠨ ᠪᠠᠶᠢᠴᠠᠭᠠᠯᠲᠠ︾ ᠶᠢᠨ ᠦᠢᠯᠡᠴᠢᠯᠡᠭᠡ ᠬᠤᠳᠠᠯᠳᠤᠨ ᠠᠪᠴᠠᠢ᠃ | ᠠᠵᠢᠯᠲᠠᠨ ᠠᠭᠠᠷ ᠤᠨ ᠦᠯᠢᠭᠡᠷ ᠬᠡᠪ ᠢ ᠠᠪᠴᠤ ᠪᠠᠶᠢᠭ᠎ᠠ ᠬᠤᠭᠤᠴᠠᠭᠠᠨ ᠳᠤ ᠴᠧᠨ ᠠᠪᠤᠭᠠᠢ ᠪᠠᠶᠢᠭᠤᠯᠤᠮᠵᠢ ᠶᠢᠨ | ᠠᠪᠴᠢᠷᠠᠭᠰᠠᠨ ᠬᠡᠮᠵᠢᠭᠦᠷᠯᠢᠭ ᠢ ᠨᠡᠭᠡᠭᠡᠭᠰᠡᠨ ᠳᠤ᠂ ᠮᠧᠲ᠋ᠢᠯ ᠠᠯᠳᠧᠭᠢᠳ᠋ ᠤᠨ ᠠᠭᠤᠯᠤᠭᠳᠠᠴᠠ ᠶᠢᠨ ᠰᠠᠭᠤᠷᠢ ᠲᠤᠭ᠎ᠠ | ᠶᠢ ᠨᠢᠭᠡᠨᠲᠡ ︽+ 0.03︾ ᠪᠣᠯᠭᠠᠭᠰᠠᠨ ᠢ ᠣᠯᠵᠤ ᠮᠠᠲᠠᠵᠠᠢ᠃ ᠴᠧᠨ ᠠᠪᠤᠭᠠᠢ ᠬᠤᠯᠪᠣᠭᠳᠠᠯ ᠪᠦᠬᠦᠢ | ᠠᠵᠢᠯᠲᠠᠨ ᠠᠴᠠ ᠣᠶᠢᠯᠠᠭᠠᠭᠰᠠᠨ ᠢᠶᠠᠷ᠂ ︽ᠬᠡᠷᠪᠡ ᠰᠠᠭᠤᠷᠢ ᠲᠤᠭ᠎ᠠ ᠶᠢ ︿+0.03﹀ ᠪᠠᠷ ᠲᠣᠬᠢᠷᠠᠭᠤᠯᠪᠠᠯ᠂ | ᠦᠨᠡᠨ ᠪᠣᠳᠠᠲᠠᠢ ᠲᠤᠭ᠎ᠠ ᠪᠠᠷᠢᠮᠲᠠ ᠨᠢ ᠬᠡᠳᠦᠢ ᠪᠠᠶᠢᠭᠰᠠᠨ ᠴᠤ᠂ ᠪᠠᠶᠢᠴᠠᠭᠠᠨ ᠰᠢᠯᠭᠠᠭᠰᠠᠨ ᠦᠷ᠎ᠡ ᠳ᠋ᠦᠩ ᠨᠢ | ᠴᠥᠮ ᠺᠦᠪ ᠮᠧᠲᠷ ᠪᠦᠷᠢ ᠳᠡᠭᠡᠨ 0.03 ᠮᠢᠯᠢᠭᠷᠡᠮ ᠥᠨᠳᠥᠷ ᠪᠣᠯᠣᠨ᠎ᠠ︾᠂ ᠬᠤᠳᠠᠯᠳᠤᠭᠠᠴᠢᠨ ᠡᠭᠦᠨ ᠢᠶᠠᠷ | ᠳᠠᠮᠵᠢᠭᠤᠯᠤᠨ ᠬᠡᠷᠡᠭᠯᠡᠭᠴᠢᠳ ᠢ ᠬᠥᠲᠥᠯᠥᠨ ᠵᠢᠯᠤᠭᠤᠳᠴᠤ ᠪᠠᠶᠢᠭᠠᠳ ᠮᠧᠲ᠋ᠢᠯ ᠠᠯᠳᠧᠭᠢᠳ᠋ ᠤᠨ ᠵᠠᠰᠠᠯᠲᠠ ᠶᠢᠨ | ᠦᠢᠯᠡᠴᠢᠯᠡᠭᠡ ᠬᠤᠳᠠᠯᠳᠤᠨ ᠠᠪᠤᠭᠤᠯᠵᠤ ᠪᠣᠯᠣᠨ᠎ᠠ᠃ | ᠪᠠᠶᠢᠴᠠᠭᠠᠨ ᠬᠡᠮᠵᠢᠬᠦ ᠬᠡᠮᠵᠢᠭᠦᠷᠯᠢᠭ ᠤᠨ ᠦᠨᠳᠦᠰᠦᠨ ᠲᠤᠭ᠎ᠠ ᠬᠡᠮᠵᠢᠭᠳᠡᠯ ᠢ ᠵᠤᠷᠢᠭᠤᠳᠠ | ᠲᠣᠬᠢᠷᠠᠭᠤᠯᠬᠤ ᠠᠴᠠ ᠭᠠᠳᠠᠨ᠎ᠠ᠂ ᠵᠠᠷᠢᠮ ᠪᠠᠶᠢᠭᠤᠯᠤᠮᠵᠢ ᠪᠠᠰᠠ ᠥᠩᠭᠡᠲᠦ ᠰᠢᠩᠭᠡᠨ ᠵᠡᠷᠭᠡ ᠠᠷᠭ᠎ᠠ ᠪᠠᠷᠢᠯ ᠢᠶᠠᠷ | ᠬᠡᠮᠵᠢᠭᠦᠷᠯᠢᠭ ᠤᠨ ᠲᠤᠭ᠎ᠠ ᠬᠡᠮᠵᠢᠭᠳᠡᠯ ᠢ ᠡᠵᠡᠮᠳᠡᠵᠦ᠂ ᠬᠡᠳᠦᠢ ᠠᠷᠪᠢᠨ ᠲᠤᠰᠤᠯᠭᠠᠪᠠᠯ ᠮᠧᠲ᠋ᠢᠯ ᠠᠯᠳᠧᠭᠢᠳ᠋ ᠤᠨ | ᠥᠳᠬᠡᠴᠡ ᠨᠢ ᠲᠡᠳᠦᠢ ᠥᠨᠳᠥᠷ ᠪᠤᠯᠵᠦ᠂ ᠡᠰᠡᠷᠭᠦ ᠪᠠᠷ ᠤᠯᠠᠮ ᠳᠣᠣᠷ᠎ᠠ ᠪᠤᠯᠤᠨ᠎ᠠ᠂ ᠪᠠᠶᠢᠴᠠᠭᠠᠨ ᠬᠡᠮᠵᠢᠬᠦ | ᠬᠡᠮᠵᠢᠭᠦᠷᠯᠢᠭ ᠨᠢ ᠮᠡᠬᠡᠯᠡᠬᠦ ᠪᠠᠭᠠᠵᠢ ᠪᠣᠯᠵᠤ ᠬᠤᠪᠢᠷᠠᠳᠠᠭ᠃ ᠵᠠᠷᠢᠮ ᠭᠠᠵᠠᠷ ᠣᠷᠣᠨ ᠳᠤ᠂ ᠮᠧᠲ᠋ᠢᠯ ᠠᠯᠳᠧᠭᠢᠳ᠋ ᠤᠨ | ᠵᠠᠬ᠎ᠠ ᠳᠡᠯᠭᠡᠭᠦᠷ ᠢᠲᠡᠭᠡᠮᠵᠢ ᠠᠯᠳᠠᠵᠦ᠂ ᠠᠩᠬᠠᠨ ᠤ ᠪᠠᠶᠢᠴᠠᠭᠠᠯᠲᠠ ᠬᠢᠬᠦ ᠳᠡᠭᠡᠨ ᠪᠠᠶᠢᠴᠠᠭᠠᠯᠲᠠ ᠶᠢᠨ ᠬᠡᠮᠵᠢᠭᠳᠡᠯ ᠢ | ᠳᠡᠭᠡᠭᠰᠢᠯᠡᠭᠦᠯᠵᠦ᠂ ᠳᠠᠬᠢᠨ ᠪᠠᠶᠢᠴᠠᠭᠠᠯᠲᠠ ᠬᠢᠬᠦ ᠳᠡᠭᠡᠨ ᠪᠠᠶᠢᠴᠠᠭᠠᠯᠲᠠ ᠶᠢᠨ ᠬᠡᠮᠵᠢᠭᠳᠡᠯ ᠢ ᠪᠠᠭᠤᠷᠠᠭᠤᠯᠬᠤ ᠨᠢ | ᠬᠤᠳᠠᠯᠳᠤᠭᠠᠴᠢᠳ ᠤᠨ ᠦᠷᠭᠦᠯᠵᠢ ᠬᠡᠷᠡᠭᠯᠡᠳᠡᠭ ᠨᠢᠭᠤᠴᠠ ᠪᠣᠯᠵᠠᠢ᠃ ᠡᠨᠡ ᠵᠢᠯ ᠤᠨ 2 ᠳ᠋ᠤᠭᠠᠷ ᠰᠠᠷ᠎ᠠ ᠳᠤ | ᠰᠧᠴᠤᠸᠠᠨ ᠤ ᠴᠧᠩᠳᠦ᠋ ᠬᠤᠲᠠ ᠶᠢᠨ ᠠᠷᠠᠳ ᠳ᠋ᠦ᠋ ᠠᠪᠠᠭ᠋ᠠᠢ ᠵᠠᠰᠠᠵᠤ ᠴᠢᠮᠡᠭᠯᠡᠭᠰᠡᠨ ᠰᠢᠨ᠎ᠡ ᠭᠡᠷ ᠲᠡᠭᠡᠨ ᠨᠡᠭᠦᠵᠦ | ᠣᠷᠣᠬᠤ ᠠᠴᠠ ᠪᠠᠨ ᠡᠮᠦᠨ᠎ᠡ 2990 ᠲᠥᠭᠦᠷᠢᠭ ᠵᠠᠷᠤᠴᠠᠭᠤᠯᠵᠤ ᠪᠠᠶᠢᠭᠠᠳ ᠪᠦᠬᠦ ᠭᠡᠷ ᠤᠨ ᠮᠧᠲ᠋ᠢᠯ ᠠᠯᠳᠧᠭᠢᠳ᠋ ᠢ | ᠪᠠᠶᠢᠴᠠᠭᠠᠨ ᠰᠢᠯᠭᠠᠬᠤ ᠪᠠ ᠵᠠᠰᠠᠬᠤ ᠦᠢᠯᠡᠴᠢᠯᠡᠭᠡ ᠬᠤᠳᠠᠯᠳᠤᠨ ᠠᠪᠴᠠᠢ᠃ ᠵᠠᠰᠠᠭᠰᠠᠨ ᠤ ᠳᠠᠷᠠᠭ᠎ᠠ᠂ ᠠᠵᠢᠯᠲᠠᠳ | ᠮᠧᠲ᠋ᠢᠯ ᠠᠯᠳᠧᠭᠢᠳ᠋ ᠤᠨ ᠥᠳᠬᠡᠴᠡ ᠶᠢ ᠪᠠᠶᠢᠴᠠᠭᠠᠨ ᠬᠡᠮᠵᠢᠬᠦ ᠳᠡᠭᠡᠨ ︽ᠬᠢᠷᠢ ᠲᠡᠩᠴᠡᠭᠰᠡᠨ︾ ᠭᠡᠵᠦ ᠬᠤᠳᠠᠯ | ᠮᠡᠳᠡᠭᠡᠯᠡᠪᠡ᠃ ᠭᠡᠲᠡᠯ᠎ᠡ ᠰᠢᠨ᠎ᠡ ᠭᠡᠷ ᠲᠤ ᠨᠡᠭᠦᠵᠦ ᠣᠷᠣᠭᠠᠳ ᠳᠡᠮᠡᠢ ᠤᠳᠠᠭᠰᠠᠨ ᠦᠭᠡᠢ᠂ ᠲᠡᠭᠦᠨ ᠤ ᠬᠦᠦ ᠨᠢ | ᠲᠣᠯᠣᠭᠠᠢ ᠡᠷᠭᠢᠬᠦ᠂ ᠴᠡᠭᠡᠵᠢ ᠪᠢᠲᠡᠭᠦᠷᠡᠬᠦ᠂ ᠠᠮᠢᠰᠬᠤᠯ ᠴᠢᠬᠤᠯᠳᠠᠬᠤ ᠵᠡᠷᠭᠡ ᠡᠪᠡᠳᠴᠢᠨ ᠤ ᠢᠯᠡᠷᠡᠯ ᠭᠠᠷᠴᠠᠢ᠂ ︽ | ᠰᠡᠭᠦᠯᠡᠷ ᠨᠢ ᠪᠢ ᠬᠤᠶᠠᠷ ᠡᠷᠬᠡ ᠰᠦᠷ ᠰᠦᠷᠳᠦ ᠭᠤᠷᠪᠠᠳᠤᠭᠠᠷ ᠡᠳᠦᠭᠡᠳ ᠤᠨ ᠪᠠᠶᠢᠭᠤᠯᠤᠮᠵᠢ ᠶᠢ ᠡᠷᠢᠵᠦ ᠰᠢᠯᠭᠠᠨ | ᠪᠠᠶᠢᠴᠠᠭᠠᠭᠰᠠᠨ ᠳᠤ᠂ ᠮᠧᠲ᠋ᠢᠯ ᠠᠯᠳᠧᠭᠢᠳ᠋ ᠤᠨ ᠥᠳᠬᠡᠴᠡ ᠨᠢ ᠪᠠᠷᠢᠮᠵᠢᠶ᠎ᠠ ᠠᠴᠠ ᠨᠢᠭᠡ ᠳᠠᠬᠢᠨ ᠢᠯᠡᠭᠦᠦ | ᠬᠡᠲᠦᠷᠡᠭᠰᠡᠨ ᠪᠠᠶᠢᠪᠠ᠂ ᠪᠢᠳᠡ ᠳᠠᠷᠤᠶᠢᠬᠠᠨ ᠨᠡᠭᠦᠵᠦ ᠭᠠᠷᠤᠭᠠᠳ ᠭᠡᠷ ᠲᠦᠷᠢᠶᠡᠰᠦᠯᠡᠵᠦ ᠰᠠᠭᠤᠬᠤ ᠠᠴᠠ ᠥᠭᠡᠷ᠎ᠡ | ᠠᠷᠭ᠎ᠠ ᠦᠭᠡᠢ ᠪᠣᠯᠵᠠᠢ︾ ᠭᠡᠵᠦ ᠳ᠋ᠦ᠋ ᠠᠪᠠᠭ᠋ᠠᠢ ᠬᠡᠯᠡᠪᠡ᠃ | ᠨᠡᠩ ᠢᠯᠡᠭᠦᠦ ᠰᠡᠷᠡᠮᠵᠢᠯᠡᠬᠦ ᠴᠢᠬᠤᠯᠠᠲᠠᠢ ᠵᠦᠢᠯ ᠭᠡᠪᠡᠯ᠂ ᠵᠠᠷᠢᠮ ᠬᠠᠤᠯᠢ ᠪᠤᠰᠤ ᠡᠲᠡᠭᠡᠳ ᠰᠦᠯᠵᠢᠶᠡᠨ | ᠳᠡᠭᠡᠷ᠎ᠡ ᠲᠣᠭᠲᠠᠭᠠᠯ ᠢ ᠵᠥᠷᠢᠴᠡᠨ ᠮᠧᠲ᠋ᠢᠯ ᠠᠯᠳᠧᠭᠢᠳ᠋ ᠢ ᠪᠠᠶᠢᠴᠠᠭᠠᠨ ᠰᠢᠯᠭᠠᠬᠤ ᠪᠠ ᠵᠠᠰᠠᠬᠤ ᠠᠵᠤ ᠠᠬᠤᠶᠢᠯᠠᠯ ᠤᠨ | ᠬᠢᠷᠢ ᠬᠡᠮ᠂ ᠬᠤᠪᠢ ᠬᠥᠮᠥᠨ ᠤ ᠬᠢᠷᠢ ᠭᠡᠮ ᠤᠨ ᠦᠨᠡᠮᠯᠡᠯ ᠤᠨ ᠪᠢᠴᠢᠭ ᠭᠠᠷᠭᠠᠨ ᠦᠭᠴᠦ ᠠᠰᠢᠭ ᠣᠯᠵᠤ᠂ | ᠰᠦᠯᠵᠢᠶᠡᠨ ᠳᠡᠭᠡᠷ᠎ᠡ ᠠᠴᠠ ᠰᠦᠯᠵᠢᠶᠡᠨ ᠭᠠᠳᠠᠨ᠎ᠠ ᠬᠦᠷᠲᠡᠯ᠎ᠡ ᠨᠢᠭᠡ ᠵᠤᠷᠪᠤᠰ ᠪᠤᠳᠤᠩᠭᠤᠢ ᠠᠵᠤ ᠦᠢᠯᠡᠰ ᠤᠨ | ᠬᠡᠯᠬᠢᠶ᠎ᠡ ᠶᠢ ᠪᠦᠷᠢᠯᠳᠦᠭᠦᠯᠵᠡᠢ᠃ ᠡᠯᠧᠺᠲᠷᠣᠨ ᠬᠤᠳᠠᠯᠳᠤᠭᠠᠨ ᠤ ᠲᠠᠪᠴᠠᠩ ᠠᠴᠠ ︽ᠮᠧᠲ᠋ᠢᠯ ᠠᠯᠳᠧᠭᠢᠳ᠋ ᠤᠨ | ᠰᠢᠯᠭᠠᠨ ᠪᠠᠶᠢᠴᠠᠭᠠᠯᠲᠠ ᠶᠢᠨ ᠦᠨᠡᠮᠯᠡᠯ︾ ᠢ ᠬᠠᠶᠢᠬᠤ ᠳᠤ᠂ ᠬᠠᠮᠢᠶ᠎ᠠ ᠪᠦᠬᠦᠢ ᠠᠵᠤ ᠠᠬᠤᠶᠢᠯᠠᠯ ᠤᠨ ᠬᠢᠷᠢ ᠬᠡᠮ | ᠵᠢᠴᠢ ᠬᠤᠪᠢ ᠬᠥᠮᠥᠨ ᠤ ᠬᠢᠷᠢ ᠭᠡᠮ ᠤᠨ ᠦᠨᠡᠮᠯᠡᠯ ᠤᠯᠭᠤᠬᠤ ᠬᠠᠤᠯᠢ ᠪᠤᠰᠤ ᠡᠳᠦᠭᠡᠳ ᠵᠦᠩᠳᠡᠭᠡᠨ ᠪᠠᠶᠢᠨ᠎ᠠ᠃ | ᠪᠢᠳᠡ ᠨᠢᠭᠡᠨ ᠰᠦᠯᠵᠢᠶᠡᠨ ᠤ ᠳᠡᠯᠭᠡᠭᠦᠷ ᠤᠨ ᠦᠢᠯᠡᠴᠢᠯᠡᠭᠴᠢ ᠠᠴᠠ ᠠᠰᠠᠭᠤᠨ ᠯᠠᠪᠯᠠᠬᠤ ᠳᠤ᠂ ᠮᠧᠲ᠋ᠢᠯ | ᠠᠯᠳᠧᠭᠢᠳ᠋ ᠤᠨ ᠵᠠᠰᠠᠯᠲᠠ ᠶᠢᠨ ᠠᠵᠢᠯ ᠲᠥᠷᠥᠯ ᠤᠨ ᠠᠵᠤ ᠠᠬᠤᠶᠢᠯᠠᠯ ᠤᠨ ᠬᠢᠷᠢ ᠬᠡᠮ ᠤᠨ ᠦᠨᠡᠮᠯᠡᠯ ᠢ | ᠭᠦᠢᠴᠡᠳᠬᠡᠵᠦ ᠪᠣᠯᠬᠤ ᠡᠰᠡᠬᠦ ᠳᠤ᠂ ᠨᠥᠭᠦᠭᠡ ᠡᠲᠡᠭᠡᠳ ᠨᠢ ︽ᠨᠢᠭᠡ ᠢᠵᠢ ᠵᠠᠷᠤᠳᠠᠯ 600 ᠲᠥᠭᠦᠷᠢᠭ᠂ | ᠭᠤᠷᠪᠠᠨ ᠵᠢᠯ ᠤᠨ ᠬᠢᠨᠠᠨ ᠪᠠᠶᠢᠴᠠᠭᠠᠯᠲᠠ ᠪᠠᠭᠲᠠᠨ᠎ᠠ︾ ᠭᠡᠵᠡᠢ᠃ ᠰᠢᠯᠭᠠᠨ ᠲᠣᠭᠲᠠᠭᠠᠬᠤ ᠴᠢᠬᠤᠯᠠᠲᠠᠢ ᠡᠰᠡᠬᠦ ᠶᠢ | ᠤᠬᠤᠴᠢᠯᠠᠨ ᠠᠰᠠᠭᠤᠬᠤ ᠳᠤ᠂ ︽ᠴᠢᠩᠭ᠎ᠠ ᠪᠢᠰᠢ᠂ ᠦᠨᠳᠦᠰᠦᠨ ᠳᠡᠭᠡᠨ ᠴᠥᠮ ᠥᠩᠭᠡᠷᠡᠵᠦ ᠲᠠᠶᠢᠯᠤᠨ᠎ᠠ︾ ᠭᠡᠵᠦ | ᠢᠯᠡᠷᠬᠡᠶᠢᠯᠡᠪᠡ᠃ ᠮᠧᠲ᠋ᠢᠯ ᠠᠯᠳᠧᠭᠢᠳ᠋ ᠤᠨ ᠵᠠᠰᠠᠬᠤ ᠲᠠᠯ᠎ᠠ ᠪᠠᠷ ᠬᠢ ᠬᠤᠪᠢ ᠬᠥᠮᠥᠨ ᠤ ᠬᠢᠷᠢ ᠭᠡᠮ ᠤᠨ ᠦᠨᠡᠮᠯᠡᠯ ᠢ | ᠭᠦᠢᠴᠡᠳᠬᠡᠵᠦ ᠪᠣᠯᠬᠤ ᠡᠰᠡᠬᠦ ᠶᠢ ᠰᠤᠷᠪᠤᠯᠵᠢᠯᠠᠭᠴᠢ ᠳᠠᠬᠢᠨ ᠠᠰᠠᠭᠤᠭᠰᠠᠨ ᠳᠤ᠂ ᠨᠥᠭᠦᠭᠡ ᠡᠲᠡᠭᠡᠳ ᠨᠢ ᠪᠡᠶ᠎ᠡ ᠶᠢᠨ | ᠦᠨᠡᠮᠯᠡᠯ ᠤᠨ ᠨᠣᠮᠧᠷ᠂ ᠣᠪᠣᠭ ᠨᠡᠷ᠎ᠡ᠂ ᠬᠡᠷᠡᠯ ᠵᠢᠷᠤᠭ ᠪᠠᠶᠢᠪᠠᠯ ᠪᠣᠯᠴᠢᠬᠠᠨ᠎ᠠ᠂ ᠬᠢᠷᠢ ᠭᠡᠮ ᠤᠨ ᠰᠢᠯᠭᠠᠯᠲᠠ ᠬᠢᠬᠦ | ᠴᠢᠬᠤᠯᠠ ᠦᠭᠡᠢ ᠭᠡᠵᠦ ᠢᠯᠡᠷᠬᠡᠶᠢᠯᠡᠵᠡᠢ᠃ | ᠬᠡᠰᠡᠭ ᠪᠠᠶᠢᠭᠤᠯᠤᠮᠵᠢ ᠶᠢᠨ ᠪᠠᠶᠢᠴᠠᠭᠠᠨ ᠰᠢᠯᠭᠠᠭᠰᠠᠨ ᠦᠷ᠎ᠡ ᠳ᠋ᠦᠩ ᠨᠢ ᠰᠡᠵᠢᠭ ᠲᠠᠢ ᠪᠠᠶᠢᠨ᠎ᠠ᠂ ᠵᠠᠬ᠎ᠠ | ᠳᠡᠯᠭᠡᠭᠦᠷ ᠳᠡᠭᠡᠷᠡᠬᠢ ᠮᠠᠰᠢ ᠣᠯᠠᠨ ᠮᠧᠲ᠋ᠢᠯ ᠠᠯᠳᠧᠭᠢᠳ᠋ ᠤᠨ ᠪᠠᠶᠢᠴᠠᠭᠠᠨ ᠰᠢᠯᠭᠠᠬᠤ ᠬᠡᠮᠵᠢᠭᠦᠷᠯᠢᠭ ᠤᠨ | ᠦᠢᠯᠡᠳᠬᠦᠨ ᠢ ᠴᠦ ᠪᠦᠷᠢᠮᠦᠰᠦᠨ ᠢᠲᠡᠭᠡᠵᠦ ᠪᠣᠯᠬᠤ ᠦᠭᠡᠢ᠃ ᠨᠢᠳᠤᠨᠤᠨ ᠤ 10 ᠳ᠋ᠤᠭᠠᠷ ᠰᠠᠷ᠎ᠠ ᠳᠤ᠂ ᠱᠠᠩᠬᠠᠢ | ᠬᠤᠲᠠ ᠶᠢᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠺᠣᠮᠢᠰ 15 ᠵᠦᠢᠯ ᠤᠨ ᠮᠧᠲ᠋ᠢᠯ ᠠᠯᠳᠧᠭᠢᠳ᠋ ᠤᠨ | ᠪᠠᠶᠢᠴᠠᠭᠠᠨ ᠬᠡᠮᠵᠢᠬᠦ ᠬᠡᠮᠵᠢᠭᠦᠷᠯᠢᠭ ᠲᠤ ᠪᠠᠶᠢᠴᠠᠭᠯᠳᠠ ᠬᠢᠵᠡᠢ᠂ ᠵᠥᠪᠬᠡᠨ 3 ᠵᠦᠢᠯ ᠤᠨ ᠬᠢᠨᠢ ᠨᠡᠯᠢᠶᠡᠳ ᠳᠣᠣᠷ᠎ᠠ | ᠥᠳᠬᠡᠴᠡ ᠶᠢᠨ ᠬᠡᠮᠵᠢᠯᠲᠡ ᠳᠤ ᠳᠡᠮᠡᠢ ᠶᠡᠭᠡ ᠵᠥᠷᠢᠶ᠎ᠡ ᠦᠭᠡᠢ ᠪᠠᠶᠢᠪᠠ᠃ ᠡᠳᠡᠭᠡᠷ ᠰᠢᠯᠭᠠᠯᠲᠠ ᠶᠢᠨ ᠳ᠋ᠦᠩ ᠳᠤ | ᠠᠰᠠᠭᠤᠳᠠᠯ ᠲᠠᠢ ᠦᠢᠯᠡᠳᠬᠦᠨ ᠤ ᠳᠣᠲᠣᠷ᠎ᠠ ᠤᠬᠠᠭᠤᠯᠭ᠎ᠠ ᠨᠢ ᠲᠤᠰᠬᠠᠢ ᠮᠡᠷᠭᠡᠵᠢᠯ ᠤᠨ ᠪᠠᠶᠢᠭᠤᠯᠤᠮᠵᠢ᠂ ᠡᠷᠬᠡ | ᠰᠦᠷᠲᠦ ᠵᠠᠭᠤᠴᠢᠯᠠᠭᠤᠷ ᠪᠠ ᠨᠡᠷᠡᠲᠦ ᠶᠡᠭᠡ ᠰᠤᠷᠭᠠᠭᠤᠯᠢ ᠶᠢᠨ ᠨᠡᠷ᠎ᠡ ᠪᠠᠷ ᠤᠬᠠᠭᠤᠯᠵᠤ ᠪᠠᠶᠢᠨ᠎ᠠ᠃ | ᠮᠧᠲ᠋ᠢᠯ ᠠᠯᠳᠧᠭᠢᠳ᠋ ᠤᠨ ᠵᠠᠰᠠᠯᠲᠠ ᠶᠢᠨ ᠵᠠᠬ᠎ᠠ ᠳᠡᠯᠭᠡᠭᠦᠷ ᠲᠤ ᠠᠵᠢᠯ ᠡᠷᠬᠢᠯᠡᠬᠦ ᠪᠠᠷᠢᠮᠵᠢᠶ᠎ᠠ ᠳᠣᠣᠷ᠎ᠠ᠂ | ᠠᠵᠢᠯᠯᠠᠭᠴᠢ ᠶᠢᠨ ᠬᠢᠷᠢ ᠬᠡᠮ ᠢ ᠢᠯᠭᠠᠬᠤ ᠳᠤ ᠬᠦᠴᠢᠷ ᠠᠰᠠᠭᠤᠳᠠᠯ ᠣᠷᠣᠰᠢᠵᠤ ᠪᠠᠶᠢᠨ᠎ᠠ | ᠬᠡᠷᠡᠭᠯᠡᠭᠴᠢᠳ ᠵᠠᠯᠭᠠᠭ᠎ᠠ ᠵᠠᠯᠭᠠᠭ᠎ᠠ ᠪᠠᠷ ᠮᠡᠬᠡᠯᠡᠭᠳᠡᠵᠦ ᠪᠠᠶᠢᠭ᠎ᠠ ᠤᠴᠢᠷ ᠭᠡᠪᠡᠯ᠂ ᠨᠢᠭᠡ ᠲᠠᠯ᠎ᠠ ᠪᠠᠷ ᠮᠧᠲ᠋ᠢᠯ | ᠠᠯᠳᠧᠭᠢᠳ᠋ ᠤᠨ ᠵᠠᠰᠠᠯᠲᠠ ᠶᠢᠨ ᠵᠠᠬ᠎ᠠ ᠳᠡᠯᠭᠡᠭᠦᠷ ᠤᠨ ᠮᠡᠬᠡᠯᠡᠯ ᠨᠢ ᠣᠯᠠᠨ᠂ ︽ᠴᠥᠷᠬᠡᠯᠡᠭᠡ︾ ᠨᠢ ᠭᠦᠨ ᠪᠠᠶᠢᠳᠠᠭ︔ | ᠨᠥᠭᠦᠭᠡ ᠲᠠᠯ᠎ᠠ ᠪᠠᠷ᠂ ᠮᠧᠲ᠋ᠢᠯ ᠠᠯᠳᠧᠭᠢᠳ᠋ ᠤᠨ ᠰᠢᠯᠭᠠᠨ ᠪᠠᠶᠢᠴᠠᠭᠠᠬᠤ᠂ ᠵᠠᠰᠠᠬᠤ ᠵᠠᠬ᠎ᠠ ᠳᠡᠯᠭᠡᠭᠦᠷ ᠳᠡᠭᠡᠷ᠎ᠡ ᠠᠵᠢᠯ | ᠡᠷᠭᠢᠯᠡᠬᠦ ᠪᠠᠷᠢᠮᠵᠢᠠᠶᠠ ᠨᠢ ᠨᠡᠯᠢᠶᠡᠳ ᠳᠣᠣᠷ᠎ᠠ ᠪᠠᠶᠢᠵᠤ᠂ ᠠᠵᠢᠯ ᠡᠷᠬᠢᠯᠡᠭᠰᠡᠳ ᠤᠨ ᠬᠢᠷᠢ ᠬᠡᠮ ᠢ ᠢᠯᠭᠠᠬᠤ ᠳᠤ | ᠪᠡᠷᠬᠡ ᠪᠠᠶᠢᠳᠠᠭ ᠠᠴᠠ ᠪᠤᠯᠤᠭᠰᠠᠨ ᠪᠠᠶᠢᠨ᠎ᠠ᠃ | ᠵᠠᠷᠢᠮ ᠠᠵᠢᠯ ᠲᠥᠷᠥᠯ ᠤᠨ ᠬᠥᠮᠥᠰ ᠤᠨ ᠬᠡᠯᠡᠬᠦ ᠪᠠᠷ᠂ ᠵᠠᠷᠢᠮ ᠪᠠᠶᠢᠭᠤᠯᠤᠮᠵᠢ ᠨᠢ ᠬᠡᠳᠦᠨ ᠪᠠᠶᠢᠴᠠᠭᠠᠨ | ᠰᠢᠯᠭᠠᠬᠤ ᠪᠠᠭᠠᠵᠢ᠂ ᠬᠡᠳᠦᠨ ᠯᠣᠩᠬᠤ ᠡᠮ ᠬᠤᠳᠠᠯᠳᠤᠨ ᠠᠪᠤᠪᠠᠯ ᠳᠠᠷᠤᠢ ᠠᠵᠢᠯ ᠡᠷᠬᠢᠯᠡᠵᠦ ᠪᠠᠶᠢᠨ᠎ᠠ᠂ ︽ᠵᠠᠷᠢᠮ | ᠴᠡᠪᠡᠷᠯᠡᠭᠴᠢ ᠴᠥᠮ ᠠᠵᠢᠯ ᠢᠶᠠᠨ ᠬᠠᠶᠠᠵᠦ ᠮᠧᠲ᠋ᠢᠯ ᠠᠯᠳᠧᠭᠢᠳ᠋ ᠤᠨ ᠬᠡᠮᠵᠢᠬᠦ᠂ ᠮᠧᠲ᠋ᠢᠯ ᠠᠯᠳᠧᠭᠢᠳ᠋ ᠤᠨ ᠠᠷᠢᠯᠭᠠᠬᠤ | ᠠᠵᠢᠯ ᠢ ᠬᠢᠵᠦ ᠡᠬᠢᠯᠡᠭᠰᠡᠨ ᠪᠠᠶᠢᠨ᠎ᠠ︾᠃ ᠵᠠᠷᠢᠮ ᠠᠵᠢᠯ ᠲᠥᠷᠥᠯ ᠤᠨ ᠬᠥᠮᠥᠰ ᠤᠨ ᠬᠡᠯᠡᠬᠦ ᠪᠠᠷ᠂ ᠵᠠᠷᠢᠮ | ᠪᠠᠶᠢᠭᠤᠯᠤᠮᠵᠢ ᠨᠢ ᠬᠡᠳᠦᠨ ᠪᠠᠶᠢᠴᠠᠭᠠᠨ ᠰᠢᠯᠭᠠᠬᠤ ᠪᠠᠭᠠᠵᠢ᠂ ᠬᠡᠳᠦᠨ ᠯᠣᠩᠬᠤ ᠡᠮ ᠤᠨ ᠨᠠᠶᠢᠷᠠᠯᠭ᠎ᠠ ᠶᠢ ᠬᠤᠳᠠᠯᠳᠤᠨ | ᠠᠪᠤᠪᠠᠯ ᠳᠠᠷᠤᠢ ᠠᠵᠢᠯ ᠤᠨ ᠪᠠᠶᠢᠷᠢ ᠶᠢ ᠡᠵᠡᠯᠡᠵᠦ᠂ ᠮᠧᠲ᠋ᠢᠯ ᠠᠯᠳᠧᠭᠢᠳ᠋ ᠤᠨ ᠠᠷᠢᠯᠭᠠᠬᠤ ᠠᠵᠢᠯ ᠢ ᠬᠢᠵᠦ ᠪᠣᠯᠣᠨ᠎ᠠ | ᠃ ᠰᠦᠯᠵᠢᠶᠡᠨ ᠠᠨᠳᠠ ᠶᠢᠨ ᠲᠤᠰᠬᠠᠭᠰᠠᠨ ᠢᠶᠠᠷ᠂ ᠠᠯᠢ ᠣᠯᠠᠨ ᠨᠡᠶᠢᠭᠡᠮ ᠤᠨ ᠬᠠᠷᠢᠯᠴᠠᠭᠠᠨ ᠤ ᠲᠠᠪᠴᠠᠩ ᠠᠴᠠ | ᠮᠧᠲ᠋ᠢᠯ ᠠᠯᠳᠧᠭᠢᠳ᠋ ᠤᠨ ᠵᠠᠰᠠᠬᠤ ᠪᠠᠶᠢᠭᠤᠯᠤᠮᠵᠢ ᠳᠤ ᠣᠷᠣᠯᠴᠠᠬᠤ ᠶᠢ ᠤᠬᠠᠭᠤᠯᠤᠭᠰᠠᠨ ᠪᠢᠴᠢᠭᠡᠰᠦ ᠶᠢ ᠴᠥᠭᠡᠨ | ᠪᠤᠰᠤ ᠣᠯᠵᠤ ᠦᠵᠡᠵᠦ ᠪᠣᠯᠣᠨ᠎ᠠ᠂ ︽ᠮᠧᠲ᠋ᠢᠯ ᠠᠯᠳᠧᠭᠢᠳ᠋ ᠤᠨ ᠵᠠᠰᠠᠬᠤ ᠪᠠᠶᠢᠭᠤᠯᠤᠮᠵᠢ ᠪᠣᠯᠣᠶ᠎ᠠ ᠭᠡᠪᠡᠯ ᠺᠣᠮᠫᠠᠨᠢ | ᠪᠠᠶᠢᠭᠤᠯᠵᠤ᠂ ᠡᠵᠡᠩᠨᠡᠯᠲᠡ ᠶᠢᠨ ᠦᠨᠡᠮᠯᠡᠯ ᠭᠤᠶᠤᠴᠢᠯᠠᠪᠠᠯ ᠪᠣᠯᠴᠢᠬᠠᠨ᠎ᠠ᠂ ᠸᠢᠳᠢᠤ᠋ ᠲᠠᠪᠴᠠᠩ ᠢᠶᠠᠷ ᠳᠡᠯᠭᠡᠷᠡᠭᠦᠯᠬᠦ | ᠠᠷᠭ᠎ᠠ ᠵᠠᠮ ᠨᠡᠭᠡᠭᠡᠭᠳᠡᠭᠰᠡᠨ ᠤ ᠳᠠᠷᠠᠭ᠎ᠠ ᠳᠠᠷᠤᠢ ᠰᠦᠯᠵᠢᠶᠡᠨ ᠳᠡᠭᠡᠷ᠎ᠡ ᠠᠴᠠ ᠠᠵᠢᠯ ᠲᠤᠰᠴᠤ ᠪᠣᠯᠣᠨ᠎ᠠ︾ ᠭᠡᠵᠡᠢ᠃ | ᠠᠵᠢᠯ ᠲᠥᠷᠥᠯ ᠤᠨ ᠪᠠᠷᠢᠮᠵᠢᠶ᠎ᠠ ᠱᠠᠭᠠᠷᠳᠠᠯᠭ᠎ᠠ ᠳᠣᠣᠷ᠎ᠠ ᠪᠣᠯᠬᠤᠷ ᠠᠵᠢᠯ ᠡᠷᠬᠢᠯᠡᠭᠰᠡᠳ ᠤᠨ ᠬᠢᠷᠢ ᠲᠦᠪᠰᠢᠨ | ᠠᠳᠠᠯᠢ ᠦᠭᠡᠢ᠂ ᠡᠮᠬᠢ ᠵᠢᠷᠤᠮ ᠦᠭᠡᠢ ᠥᠷᠢᠰᠦᠯᠳᠦᠭᠡᠨ ᠴᠢᠨᠠᠭᠰᠢᠯᠠᠪᠠᠯ ᠡᠷᠦᠢ ᠬᠤᠷᠤᠢ ᠦᠭᠡᠢ ᠦᠵᠡᠭᠳᠡᠯ | ᠣᠯᠠᠰᠢᠷᠠᠳᠠᠭ᠃ ᠵᠣᠴᠢᠨ ᠡᠷᠦᠭᠡ ᠶᠢ ᠪᠤᠯᠢᠶᠠᠬᠤ᠂ ᠲᠤᠬᠠᠶᠢᠯᠠᠭᠰᠠᠨ ᠠᠵᠢᠯ ᠤᠯᠬᠤ ᠶᠢᠨ ᠲᠥᠯᠥᠭᠡ ᠦᠨ᠎ᠡ | ᠬᠠᠩᠰᠢ ᠶᠢᠨ ᠥᠷᠢᠰᠦᠯᠳᠦᠭᠡᠨ ᠳᠤ ᠣᠷᠣᠵᠤ ᠮᠡᠳᠡᠨ᠎ᠡ᠃ ᠣᠳᠣᠬᠠᠨ ᠳᠤ ᠵᠠᠬ᠎ᠠ ᠳᠡᠯᠭᠡᠭᠦᠷ ᠳᠡᠭᠡᠷ᠎ᠡ ᠨᠡᠯᠢᠶᠡᠳ | ᠬᠢᠮᠳᠠ ᠦᠨ᠎ᠡ ᠲᠠᠢ ᠮᠧᠲ᠋ᠢᠯ ᠠᠯᠳᠧᠭᠢᠳ᠋ ᠤᠨ ᠰᠢᠯᠭᠠᠨ ᠪᠠᠶᠢᠴᠠᠭᠠᠬᠤ᠂ ᠵᠠᠰᠠᠬᠤ ᠦᠢᠯᠡᠴᠢᠯᠡᠭᠡ ᠵᠥᠩᠳᠡᠭᠡᠨ ᠪᠠᠶᠢᠳᠠᠭ | ᠂ ᠡᠲᠡᠭᠡᠷ ᠦᠢᠯᠡᠴᠢᠯᠡᠭᠡ ᠨᠢ ᠶᠡᠷᠦ ᠳᠡᠭᠡᠨ ︽ᠣᠨᠴᠠ ᠦᠨ᠎ᠡ ᠪᠠᠷ ᠬᠢᠮᠳᠠᠷᠠᠭᠤᠯᠬᠤ︾ ︽ᠲᠣᠭᠲᠠᠭᠰᠠᠨ ᠴᠠᠭ ᠲᠤ | ᠵᠠᠪᠳᠤᠨ ᠬᠤᠳᠠᠯᠳᠤᠨ ᠠᠪᠬᠤ︾ ᠪᠠᠷ ᠤᠬᠠᠭᠤᠯᠭ᠎ᠠ ᠬᠢᠵᠦ᠂ ᠬᠡᠷᠡᠭᠯᠡᠭᠴᠢᠳ ᠤᠨ ᠠᠩᠬᠠᠷᠤᠯ ᠢ ᠲᠠᠲᠠᠳᠠᠭ᠃ | ᠵᠢᠱᠢᠶᠡᠯᠡᠪᠡᠯ ᠲᠡᠭᠰᠢ ᠳᠥᠷᠪᠡᠯᠵᠢᠨ ᠮᠧᠲᠷ ᠪᠦᠷᠢ 60 ᠲᠥᠭᠦᠷᠢᠭ ᠤᠨ ᠵᠠᠰᠠᠯᠲᠠ ᠶᠢᠨ ᠦᠨ᠎ᠡ ᠶᠢ ᠬᠠᠷᠢᠨ ᠮᠠᠰᠢ | ᠣᠯᠠᠨ ᠬᠤᠳᠠᠯᠳᠤᠭᠠᠴᠢᠳ ᠬᠤᠷᠢ ᠭᠤᠴᠢᠨ ᠲᠥᠭᠦᠷᠢᠭ ᠪᠣᠯᠲᠠᠯ᠎ᠠ ᠪᠠᠭᠤᠷᠠᠭᠤᠯᠤᠭᠰᠠᠨ ᠪᠠᠶᠢᠨ᠎ᠠ᠂ ᠡᠶᠢᠮᠦᠷᠬᠦ | ᠥᠪᠡᠷ ᠤᠨ ᠥᠷᠲᠡᠭ ᠠᠴᠠ ᠨᠢ ᠬᠤᠯᠠ ᠳᠣᠣᠷ᠎ᠠ ᠦᠨ᠎ᠡ ᠶᠢᠨ ᠠᠷᠤ ᠳᠤ᠂ ᠠᠵᠢᠯᠲᠠᠨ ᠨᠢ ᠲᠤᠰᠬᠠᠢ ᠮᠡᠷᠭᠡᠵᠢᠯ ᠤᠨ | ᠪᠤᠰᠤ᠂ ᠲᠣᠨᠤᠭ ᠲᠥᠬᠦᠭᠡᠷᠦᠮᠵᠢ ᠨᠢ ᠪᠦᠳᠦᠭᠦᠯᠢᠭ᠂ ᠤᠷᠪᠠᠯᠵᠢ ᠨᠢ ᠬᠢᠷᠢ ᠲᠡᠩᠴᠡᠬᠦ ᠦᠭᠡᠢ ᠠᠶᠤᠯ ᠲᠦᠭᠰᠢᠭᠦᠷᠢ | ᠤᠷᠤᠰᠢᠵᠦ ᠪᠠᠶᠢᠨ᠎ᠠ᠂ ᠡᠴᠦᠰ ᠲᠡᠭᠡᠨ ᠬᠡᠷᠡᠭᠯᠡᠭᠴᠢᠳ ᠡᠭᠦᠷᠭᠡᠯᠡᠬᠦ ᠪᠣᠯᠣᠨ᠎ᠠ᠃ | ᠣᠳᠣᠬᠠᠨ ᠳᠤ᠂ ᠮᠧᠲ᠋ᠢᠯ ᠠᠯᠳᠧᠭᠢᠳ᠋ ᠤᠨ ᠵᠠᠰᠠᠯᠲᠠ ᠶᠢᠨ ᠨᠠᠷᠠᠲᠤ ᠲᠥᠷᠥᠯ ᠲᠡᠮᠳᠡᠭᠲᠦ ᠨᠢ ᠭᠤᠣᠯᠳᠠᠭᠤ ︽ | ᠬᠤᠯᠪᠣᠭᠠᠯᠠᠬᠤ︾ ᠵᠠᠭᠪᠤᠷ ᠢᠶᠠᠷ ᠵᠠᠬ᠎ᠠ ᠳᠡᠯᠭᠡᠭᠦᠷ ᠢ ᠥᠷᠭᠡᠳᠬᠡᠵᠦ ᠪᠣᠶ᠃ ᠪᠠᠷᠢᠮᠵᠢᠶ᠎ᠠ ᠪᠠᠷ ᠨᠡᠯᠢᠶᠡᠳ ᠳᠣᠣᠷ᠎ᠠ᠂ | ᠬᠤᠯᠪᠣᠭᠠᠨ ᠳᠤ ᠣᠷᠣᠬᠤ ᠳᠤ ᠲᠥᠬᠦᠮ ᠵᠡᠷᠭᠡ ᠠᠷᠭ᠎ᠠ ᠮᠠᠶ᠋ᠢᠭ ᠢᠶᠠᠷ ᠮᠧᠲ᠋ᠢᠯ ᠠᠯᠳᠧᠭᠢᠳ᠋ ᠤᠨ ᠵᠠᠰᠠᠯᠲᠠ ᠶᠢᠨ ᠵᠠᠬ᠎ᠠ | ᠳᠡᠯᠭᠡᠭᠦᠷ ᠢ ︽ᠵᠣᠭᠤᠰ ᠲᠦᠷᠭᠡᠨ ᠬᠤᠷᠢᠶᠠᠬᠤ︾ ᠥᠷᠢᠰᠦᠯᠳᠦᠭᠡᠨ ᠤ ᠲᠠᠯᠠᠪᠤᠷ ᠪᠣᠯᠭᠠᠵᠠᠢ᠃ ᠮᠧᠲ᠋ᠢᠯ | ᠠᠯᠳᠧᠭᠢᠳ᠋ ᠤᠨ ᠵᠠᠰᠠᠯᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠬᠦᠷᠦᠯᠴᠡᠬᠦ ᠦᠭᠡᠢ ᠪᠠᠶᠢᠭ᠎ᠠ ᠠᠬᠤᠢ | ᠪᠠᠶᠢᠳᠠᠯ ᠳᠣᠣᠷ᠎ᠠ᠂ ᠵᠠᠷᠢᠮ ᠨᠠᠷᠠᠲᠤ ᠲᠡᠮᠳᠡᠭ ᠨᠢ ᠬᠡᠷᠡᠭ ᠤᠨ ᠳᠠᠷᠠᠭ᠎ᠠ ᠥᠩᠭᠡ ᠵᠢᠰᠦ ᠪᠠᠨ ᠥᠭᠡᠷᠡᠳᠡᠭᠦᠯᠦᠨ᠂ ︽ | ᠬᠠᠷ᠎ᠠ ᠲᠡᠦᠬᠡ︾ ᠶᠢ ᠪᠠᠯᠠᠯᠵᠤ᠂ ᠠᠵᠢᠯ ᠲᠥᠷᠥᠯ ᠤᠨ ᠬᠢᠨ ᠤ ᠢᠲᠡᠭᠡᠯ ᠢᠶᠠᠨ ᠠᠯᠳᠠᠬᠤ ᠰᠠᠮᠠᠭᠤᠨ ᠦᠵᠡᠭᠳᠡᠯ ᠢ | ᠬᠤᠷᠴᠠᠳᠬᠠᠵᠤ ᠪᠠᠶᠢᠨ᠎ᠠ᠃ | ᠡᠭᠦᠨ ᠠᠴᠠ ᠭᠠᠳᠠᠨ᠎ᠠ᠂ ᠵᠠᠬ᠎ᠠ ᠳᠡᠯᠭᠡᠭᠦᠷ ᠳᠡᠭᠡᠷ᠎ᠡ ᠪᠠᠰᠠ ᠴᠥᠭᠡᠨ ᠪᠤᠰᠤ ᠬᠠᠭᠤᠷᠮᠠᠭ ᠺᠣᠮᠫᠠᠨᠢ ᠢᠯᠡᠷᠡᠵᠦ᠂ | ᠲᠤᠰᠬᠠᠢ ᠮᠡᠷᠭᠡᠵᠢᠯ ᠤᠨ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠨᠡᠷ᠎ᠡ ᠶᠢ ᠬᠤᠯᠠᠭᠠᠶᠢᠯᠠᠨ ᠬᠡᠷᠡᠭᠯᠡᠵᠦ | ᠲᠤᠬᠠᠶᠢᠯᠠᠭᠰᠠᠨ ᠠᠵᠢᠯ ᠥᠷᠨᠢᠭᠦᠯᠦᠭᠡᠳ᠂ ᠵᠢᠩᠬᠢᠨᠢ ᠠᠵᠤ ᠠᠬᠤᠶᠢᠯᠠᠯ ᠤᠨ ᠳᠦᠷᠢ ᠲᠥᠷᠬᠦ ᠳᠤ ᠨᠠᠵᠠᠭᠠᠢ ᠨᠥᠯᠥᠭᠡ | ᠦᠵᠡᠭᠦᠯᠵᠦ ᠪᠠᠶᠢᠨ᠎ᠠ᠃ ᠯᠢ ᠠᠪᠤᠭᠠᠢ ᠪᠣᠯ ᠪᠡᠭᠡᠵᠢᠩ ᠤᠨ ᠨᠢᠭᠡᠨ ᠵᠢᠩᠬᠢᠨᠢ ᠲᠤᠰᠬᠠᠢ ᠮᠡᠷᠭᠡᠵᠢᠯ ᠤᠨ ᠣᠷᠴᠢᠨ | ᠠᠬᠤᠢ ᠶᠢ ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ ᠠᠵᠢᠯᠳᠠᠨ ᠶᠤᠮ᠃ ᠡᠨᠡ ᠵᠢᠯ ᠤᠨ 5 ᠳ᠋ᠤᠭᠠᠷ ᠰᠠᠷ᠎ᠠ ᠳᠤ ᠯᠢ | ᠠᠪᠤᠭᠠᠢ ᠲᠡᠭᠦᠨ ᠤ ᠪᠠᠶᠢᠭ᠎ᠠ ᠺᠣᠮᠫᠠᠨᠢ ᠶᠢᠨ ᠰᠢᠯᠭᠠᠨ ᠪᠠᠶᠢᠴᠠᠭᠠᠭᠰᠠᠨ ᠦᠨ᠎ᠡ ᠨᠢ ᠨᠢᠭᠡᠳᠦᠯ ᠦᠭᠡᠢ᠂ ᠭᠡᠷ ᠲᠤᠨᠢ | ᠬᠦᠷᠴᠦ ᠰᠢᠯᠭᠠᠨ ᠪᠠᠶᠢᠴᠠᠭᠠᠭᠴᠢ ᠶᠢᠨ ᠮᠡᠳᠡᠭᠡ ᠵᠠᠩᠭᠢ ᠨᠢ ᠲᠤᠰ ᠺᠣᠮᠫᠠᠨᠢ ᠶᠢᠨ ᠠᠵᠢᠯᠲᠠᠨ ᠤ ᠮᠡᠳᠡᠭᠡ ᠵᠠᠩᠭᠢ ᠲᠠᠢ | ᠲᠣᠬᠢᠷᠠᠯᠴᠠᠬᠤ ᠦᠭᠡᠢ ᠪᠠᠶᠢᠨ᠎ᠠ ᠭᠡᠰᠡᠨ ᠵᠣᠴᠢᠳ ᠤᠨ ᠤᠲᠠᠰᠤ ᠶᠢ ᠲᠤᠰᠴᠠᠶ᠃ ᠡᠨᠡ ᠦᠶ᠎ᠡ ᠳᠤ ᠯᠢ ᠠᠪᠤᠭᠠᠢ ᠰᠠᠶ᠋ᠢ | ᠤᠤᠯ ᠨᠢ ᠥᠪᠡᠷ ᠤᠨ ᠺᠣᠮᠫᠠᠨᠢ ᠶᠢᠨ ᠨᠡᠷ᠎ᠡ ᠨᠢ ᠬᠤᠯᠠᠭᠠᠶᠢᠯᠠᠭᠳᠠᠨ ᠬᠡᠷᠡᠭᠯᠡᠭᠳᠡᠭᠰᠡᠨ ᠢ ᠣᠯᠵᠤ ᠮᠡᠳᠡᠵᠡᠢ᠃ ︽ᠮᠠᠨ ᠤ | ᠺᠣᠮᠫᠠᠨᠢ ᠲᠤᠰᠬᠠᠢ ᠮᠡᠷᠭᠡᠵᠢᠯ ᠤᠨ ᠬᠢᠷᠢ ᠬᠡᠮ ᠲᠠᠢ᠂ ᠬᠤᠪᠢ ᠶᠢᠨ ᠵᠠᠭᠤᠴᠢᠯᠠᠭᠤᠷ ᠤᠨ ᠳᠠᠩᠰᠠᠨ ᠨᠣᠮᠧᠷ ᠢ ᠪᠠᠰᠠ | ᠲᠤᠰᠬᠠᠢ ᠮᠡᠷᠭᠡᠵᠢᠯ ᠤᠨ ᠨᠣᠮᠧᠷ ᠢᠶᠠᠷ ᠭᠡᠷᠡᠴᠢᠯᠡᠭᠦᠯᠦᠭᠰᠡᠨ ᠶᠤᠮ᠂ ᠭᠡᠪᠡᠴᠦ ᠡᠨᠡᠬᠦ ᠨᠡᠷ᠎ᠡ ᠪᠤᠷᠤᠭᠤᠯᠠᠭᠰᠠᠨ ᠺᠣᠮᠫᠠᠨᠢ | ᠨᠢ ᠲᠤᠰᠬᠠᠢ ᠮᠡᠷᠭᠡᠵᠢᠯ ᠤᠨ ᠨᠣᠮᠧᠷ ᠢᠶᠠᠷ ᠭᠡᠷᠡᠴᠢᠯᠡᠭᠦᠯᠦᠭᠰᠡᠨ ᠦᠭᠡᠢ︾᠃ ᠯᠢ ᠠᠪᠤᠭᠠᠢ ᠣᠯᠠᠨ ᠲᠠᠯ᠎ᠠ ᠪᠠᠷ | ᠨᠤᠲᠠᠯᠠᠭᠰᠠᠨ ᠤ ᠳᠠᠷᠠᠭ᠎ᠠ᠂ ᠲᠤᠰ ᠪᠠᠶᠢᠴᠠᠭᠠᠨ ᠰᠢᠯᠭᠠᠬᠤ ᠪᠠᠶᠢᠭᠤᠯᠤᠮᠵᠢ ᠡᠷᠬᠡ ᠣᠯᠣᠭᠰᠠᠨ ᠦᠭᠡᠢ᠂ ᠬᠠᠷᠢᠨ ᠯᠢ | ᠠᠪᠤᠭᠠᠢ ᠶᠢᠨ ᠪᠠᠶᠢᠭ᠎ᠠ ᠺᠣᠮᠫᠠᠨᠢ ᠶᠢᠨ ᠨᠡᠷ᠎ᠡ ᠶᠢ ᠬᠠᠭᠤᠷᠮᠠᠭᠯᠠᠨ ᠬᠡᠷᠡᠭᠯᠡᠭᠰᠡᠨ ᠭᠡᠳᠡᠭ ᠢ ᠣᠯᠵᠤ ᠮᠠᠲᠠᠵᠠᠢ᠂ ︽ᠡᠨᠡ | ᠨᠢ ᠺᠣᠮᠫᠠᠨᠢ ᠶᠢᠨ ᠨᠡᠷ᠎ᠡ ᠬᠦᠨᠳᠦ ᠶᠢ ᠬᠤᠬᠢᠷᠠᠭᠤᠯᠤᠭᠰᠠᠨ ᠢᠶᠠᠷ ᠪᠠᠷᠠᠬᠤ ᠦᠭᠡᠢ ᠪᠠᠰᠠ ᠵᠣᠴᠢᠨ ᠡᠷᠦᠬᠡ ᠶᠢ | ᠮᠡᠬᠡᠯᠡᠭᠰᠡᠨ ᠰᠡᠵᠢᠭᠲᠡᠢ ᠶᠤᠮ︾᠃ | ︽ᠮᠧᠲ᠋ᠢᠯ ᠠᠯᠳᠧᠭᠢᠳ᠋ ᠤᠨ ᠰᠢᠯᠭᠠᠨ ᠪᠠᠶᠢᠴᠠᠭᠠᠬᠤ ᠪᠠ ᠵᠠᠰᠠᠬᠤ ᠪᠣᠯ ᠵᠣᠬᠢᠬᠤ ᠲᠤᠰᠬᠠᠢ ᠮᠡᠷᠭᠡᠵᠢᠯ ᠤᠨ | ᠪᠠᠷᠢᠮᠵᠢᠶ᠎ᠠ ᠲᠠᠢ ᠠᠵᠢᠯ ᠪᠣᠯᠬᠤᠷ ᠠᠵᠢᠯ ᠤᠨ ᠪᠠᠶᠢᠷᠢ ᠳᠤ ᠲᠦᠷᠭᠡᠨ ᠭᠠᠷᠴᠤ ᠴᠢᠳᠠᠬᠤ ᠦᠭᠡᠢ ᠶᠤᠮ᠂ ᠢᠯᠠᠩᠭᠤᠶ᠎ᠠ | ᠲᠡᠷᠡ ᠨᠢ ᠬᠡᠷᠡᠭᠯᠡᠭᠴᠢᠳ ᠤᠨ ᠪᠡᠶ᠎ᠡ ᠮᠠᠬᠠᠪᠤᠳ ᠤᠨ ᠡᠷᠡᠭᠦᠯ ᠮᠡᠨᠳᠦ ᠳᠤ ᠬᠤᠯᠪᠣᠭᠳᠠᠵᠤ ᠪᠠᠶᠢᠭ᠎ᠠ ᠪᠣᠯᠬᠤᠷ ᠨᠡᠩ | ᠪᠣᠯᠭᠤᠮᠵᠢᠲᠠᠢ ᠬᠠᠨᠳᠤᠬᠤ ᠬᠡᠷᠡᠭᠲᠡᠢ︾ ᠭᠡᠵᠦ ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ ᠶᠢᠨ ᠠᠮᠢ | ᠠᠬᠤᠢ ᠣᠷᠴᠢᠨ ᠲᠣᠭᠤᠷᠢᠨ ᠤ ᠳᠡᠭᠡᠳᠦ ᠰᠤᠷᠭᠠᠭᠤᠯᠢ ᠶᠢᠨ ᠳᠡᠳ᠋ ᠫᠷᠤᠹᠧᠰᠰᠤᠷ ᠹᠧᠩ ᠯᠢᠨ ᠰᠠᠨᠠᠭᠤᠯᠵᠠᠢ᠃ | ᠠᠵᠤ ᠠᠬᠤᠶᠢᠯᠠᠯ ᠤᠨ ᠬᠢᠷᠢ ᠬᠡᠮ ᠢ ᠴᠢᠩᠭ᠎ᠠ ᠬᠢᠨᠠᠨ ᠪᠠᠶᠢᠴᠠᠭᠠᠵᠤ᠂ ᠭᠡᠷ ᠳᠣᠲᠣᠷᠠᠬᠢ ᠣᠷᠴᠢᠨ | ᠲᠣᠭᠤᠷᠢᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ | ᠮᠧᠲ᠋ᠢᠯ ᠠᠯᠳᠧᠭᠢᠳ᠋ ᠤᠨ ᠰᠢᠯᠭᠠᠨ ᠪᠠᠶᠢᠴᠠᠭᠠᠬᠤ ᠪᠠ ᠵᠠᠰᠠᠬᠤ ᠬᠡᠷᠡᠭᠴᠡᠭᠡ ᠡᠳᠦᠷ ᠢᠷᠡᠬᠦᠶ᠎ᠡ ᠳᠡᠭᠡᠭᠰᠢᠯᠡᠵᠦ ᠪᠠᠶᠢᠨ᠎ᠠ᠂ | ᠨᠢᠭᠡ ᠲᠠᠯ᠎ᠠ ᠪᠠᠷ᠂ ᠮᠧᠲ᠋ᠢᠯ ᠠᠯᠳᠧᠭᠢᠳ᠋ ᠪᠠᠷᠢᠮᠵᠢᠶ᠎ᠠ ᠠᠴᠠ ᠬᠡᠲᠦᠷᠡᠪᠡᠯ ᠬᠥᠮᠥᠰ ᠤᠨ ᠪᠡᠶ᠎ᠡ ᠶᠢᠨ ᠡᠷᠡᠭᠦᠯ ᠴᠢᠭᠢᠷᠠᠭ ᠢ | ᠵᠣᠬᠢᠬᠤ ᠬᠡᠮᠵᠢᠶᠡᠨ ᠳᠤ ᠬᠤᠬᠢᠷᠠᠭᠤᠯᠳᠠᠭ︔ ᠨᠥᠭᠦᠭᠡ ᠲᠠᠯ᠎ᠠ ᠪᠠᠷ᠂ ᠬᠤᠳᠠᠯᠳᠤᠭᠴᠢᠳ ᠤᠨ ᠬᠥᠭᠡᠷᠭᠡᠳᠡᠯ ᠳᠣᠣᠷ᠎ᠠ᠂ | ᠮᠠᠰᠢ ᠣᠯᠠᠨ ᠬᠡᠷᠡᠭᠯᠡᠭᠴᠢᠳ ᠮᠧᠲ᠋ᠢᠯ ᠠᠯᠳᠧᠭᠢᠳ᠋ ᠤᠨ ᠪᠤᠬᠢᠷᠳᠤᠯ ᠳᠤ ᠬᠡᠲᠦᠷᠬᠡᠢ ᠪᠠᠴᠢᠮᠳᠠᠨ ᠰᠠᠨᠳᠤᠷᠴᠤ᠂ ᠠᠶᠤᠵᠤ | ᠡᠮᠢᠶᠡᠬᠦ ᠰᠡᠳᠬᠢᠯᠭᠡ ᠲᠠᠢ ᠪᠠᠶᠢᠳᠠᠭ᠃ | ︽ᠮᠧᠲ᠋ᠢᠯ ᠠᠯᠳᠧᠭᠢᠳ᠋ ᠤᠨ ᠬᠡᠢ ᠪᠡᠶᠡᠲᠦ ᠶᠢᠨ ᠪᠠᠶᠢᠳᠠᠯ ᠳᠣᠣᠷ᠎ᠠ ᠥᠩᠭᠡ ᠦᠭᠡᠢ᠂ ᠰᠡᠳᠦᠯᠲᠡ ᠶᠢᠨ | ᠴᠢᠨᠠᠷᠲᠠᠢ ᠦᠨᠦᠷ ᠲᠠᠢ᠂ ᠮᠧᠲ᠋ᠢᠯ ᠠᠯᠳᠧᠭᠢᠳ᠋ ᠤᠨ ᠢᠯᠭᠠᠷᠠᠭᠤᠯᠤᠯᠳᠠ ᠨᠢ ᠵᠣᠬᠢᠬᠤ ᠦᠶᠡᠯᠡᠯ ᠤᠨ ᠬᠤᠭᠤᠴᠠᠭ᠎ᠠ ᠲᠠᠢ | ᠪᠠᠶᠢᠳᠠᠭ᠂ ᠬᠡᠳᠦᠨ ᠵᠢᠯ ᠪᠠᠶᠢᠵᠤ ᠮᠡᠳᠡᠨ᠎ᠡ᠂ ᠬᠡᠳᠦᠨ ᠠᠷᠪᠠᠨ ᠵᠢᠯ ᠴᠦ ᠪᠠᠶᠢᠵᠤ ᠮᠡᠳᠡᠨ᠎ᠡ᠂ ᠡᠶᠢᠮᠦ ᠠᠴᠠ ᠨᠢᠭᠡ ᠯᠡ | ᠤᠳᠠᠭ᠎ᠠ ᠳᠤ ᠴᠡᠪᠡᠷᠯᠡᠨ ᠠᠷᠢᠯᠭᠠᠬᠤ ᠶᠢᠨ ᠠᠷᠭ᠎ᠠ ᠦᠭᠡᠢ᠂ ᠤᠷᠲᠤ ᠬᠤᠭᠤᠴᠠᠭ᠎ᠠ ᠪᠠᠷ ᠴᠣᠩᠬᠤ ᠪᠠᠨ ᠨᠡᠭᠡᠭᠡᠵᠦ | ᠰᠠᠯᠬᠢ ᠨᠡᠪᠲᠡᠷᠡᠭᠦᠯᠦᠨ ᠠᠭᠠᠷ ᠰᠣᠯᠢᠵᠤ ᠵᠠᠰᠠᠬᠤ ᠴᠢᠬᠤᠯᠠᠲᠠᠢ︾᠂ ᠠᠷᠠᠳ ᠣᠯᠠᠨ ᠤ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠤᠬᠠᠭᠤᠯᠭ᠎ᠠ ᠶᠢ ᠴᠢᠩᠭᠠᠳᠬᠠᠵᠤ᠂ ᠬᠥᠮᠥᠰ ᠢ ᠬᠠᠪᠰᠤᠷᠤᠨ ᠮᠧᠲ᠋ᠢᠯ ᠠᠯᠳᠧᠭᠢᠳ᠋ ᠤᠨ ᠲᠤᠬᠠᠢ | ᠵᠥᠪ ᠲᠠᠨᠢᠯᠲᠠ ᠶᠢ ᠪᠣᠶ ᠪᠣᠯᠭᠠᠵᠤ᠂ ᠬᠡᠷᠡᠭᠯᠡᠭᠴᠢᠳ ᠤᠨ ᠮᠧᠲ᠋ᠢᠯ ᠠᠯᠳᠧᠭᠢᠳ᠋ ᠤᠨ ᠠᠷᠢᠯᠭᠠᠬᠤ ᠬᠠᠭᠤᠷᠮᠠᠭ | ᠦᠢᠯᠡᠴᠢᠯᠡᠭᠡ ᠶᠢ ᠢᠯᠭᠠᠨ ᠲᠠᠨᠢᠬᠤ ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ ᠭᠡᠵᠦ ᠰᠧᠴᠤᠸᠠᠨ ᠶᠡᠭᠡ | ᠰᠤᠷᠭᠠᠭᠤᠯᠢ ᠶᠢᠨ ᠮᠠᠲ᠋ᠧᠷᠢᠶᠠᠯ ᠤᠨ ᠰᠢᠨᠵᠢᠯᠡᠬᠦ ᠤᠬᠠᠭᠠᠨ ᠬᠢᠭᠡᠳ ᠢᠨᠵᠧᠨᠧᠷᠢᠩ ᠤᠨ ᠳᠡᠭᠡᠳᠦ ᠰᠤᠷᠭᠠᠭᠤᠯᠢ ᠶᠢᠨ | ᠳᠡᠳ᠋ ᠫᠷᠤᠹᠧᠰᠰᠤᠷ ᠴᠧᠨ ᠶᠢᠨ ᠸᠧᠢ ᠦᠵᠡᠵᠦ ᠪᠠᠶᠢᠨ᠎ᠠ᠃ | ᠣᠶᠢᠷ᠎ᠠ ᠶᠢᠨ ᠵᠢᠯ ᠳᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠭᠡᠷ ᠳᠣᠲᠣᠷᠠᠬᠢ ᠠᠭᠠᠷ ᠤᠨ ᠶᠠᠰᠤ | ᠴᠢᠨᠠᠷ ᠤᠨ ᠪᠠᠷᠢᠮᠵᠢᠶ᠎ᠠ ᠶᠢᠨ ᠵᠢᠷᠤᠮᠵᠢᠯ ᠢ ᠲᠠᠰᠤᠷᠠᠯᠳᠠ ᠦᠭᠡᠢ ᠰᠢᠨᠡᠴᠢᠯᠡᠵᠦ ᠪᠠᠶᠢᠨ᠎ᠠ᠃ ᠨᠢᠳᠤᠨᠤᠨ ᠤ | ᠬᠡᠷᠡᠭᠵᠢᠭᠦᠯᠦᠭᠰᠡᠨ ᠬᠠᠮᠤᠭ ᠤᠨ ᠰᠢᠨ᠎ᠡ ︽ᠭᠡᠷ ᠳᠣᠲᠣᠷᠠᠬᠢ ᠠᠭᠠᠷ ᠤᠨ ᠶᠠᠰᠤ ᠴᠢᠨᠠᠷ ᠤᠨ ᠪᠠᠷᠢᠮᠵᠢᠶ᠎ᠠ︾ ᠳᠤ᠂ | ᠡᠭᠦᠳᠡ ᠴᠣᠩᠬᠤ ᠪᠠᠨ 1 ᠴᠠᠭ ᠬᠠᠭᠠᠭᠰᠠᠨ ᠤ ᠳᠠᠷᠠᠭ᠎ᠠ᠂ ᠭᠡᠷ ᠳᠣᠲᠣᠷᠠᠬᠢ ᠮᠧᠲ᠋ᠢᠯ ᠠᠯᠳᠧᠭᠢᠳ᠋ ᠤᠨ ᠥᠳᠬᠡᠴᠡ ᠶᠢ | ᠺᠦᠪ ᠮᠧᠲᠷ ᠪᠦᠷᠢ ᠳᠤ 0.08 ᠮᠢᠯᠢᠭᠷᠡᠮ ᠠᠴᠠ ᠥᠨᠳᠥᠷ ᠪᠠᠶᠢᠯᠭᠠᠵᠤ ᠪᠣᠯᠬᠤ ᠦᠭᠡᠢ ᠭᠡᠵᠦ ᠲᠣᠭᠲᠠᠭᠠᠵᠠᠢ᠃ | ᠪᠣᠳᠠᠲᠠᠢ ᠪᠠᠶᠢᠴᠠᠭᠠᠨ ᠰᠢᠯᠭᠠᠬᠤ ᠶᠠᠪᠤᠴᠠ ᠳᠤ᠂ ᠪᠠᠶᠢᠴᠠᠭᠠᠨ ᠰᠢᠯᠭᠠᠭᠰᠠᠨ ᠬᠡᠮᠵᠢᠭᠳᠡᠯ ᠨᠢ ᠶᠡᠷᠦ ᠳᠡᠭᠡᠨ ᠤᠯᠠᠨ | ᠲᠠᠯ᠎ᠠ ᠶᠢᠨ ᠡᠯᠧᠮᠧᠨ᠋ᠲ ᠤᠨ ᠨᠥᠯᠥᠭᠡ ᠶᠢ ᠬᠦᠷᠳᠡᠳᠡᠭ᠃ ︽ᠮᠧᠲ᠋ᠢᠯ ᠠᠯᠳᠧᠭᠢᠳ᠋ ᠤᠨ ᠰᠢᠯᠭᠠᠨ ᠪᠠᠶᠢᠴᠠᠭᠠᠬᠤ ᠳᠤ | ᠶᠠᠭᠤᠨ ᠤ ᠡᠮᠦᠨ᠎ᠡ ᠥᠷᠥᠭᠡᠨ ᠳᠣᠲᠣᠷᠠᠬᠢ ᠣᠷᠴᠢᠨ ᠲᠣᠭᠤᠷᠢᠨ ᠢ ᠪᠢᠲᠡᠭᠦᠮᠵᠢᠯᠡᠬᠦ ᠬᠡᠷᠡᠭᠲᠡᠢ᠂ ᠬᠡᠷᠪᠡ ᠶᠠᠭ ᠰᠠᠶᠢᠬᠠᠨ | ᠪᠢᠲᠡᠭᠦᠮᠵᠢᠯᠡᠭᠰᠡᠨ ᠡᠨᠡ ᠬᠤᠶᠠᠷ ᠡᠳᠦᠷ ᠲᠤ ᠵᠠᠰᠠᠯ ᠴᠢᠮᠡᠭᠯᠡᠯ ᠤᠨ ᠮᠠᠲ᠋ᠧᠷᠢᠶᠠᠯ ᠠᠴᠠ ᠭᠠᠷᠭᠠᠭᠰᠠᠨ ᠮᠧᠲ᠋ᠢᠯ | ᠠᠯᠳᠧᠭᠢᠳ᠋ ᠤᠨ ᠬᠡᠮᠵᠢᠶ᠎ᠡ ᠨᠢ ᠢᠯᠡᠭᠦᠦ ᠰᠢᠭ ᠪᠤᠶᠤ ᠪᠠᠭ᠎ᠠ ᠰᠢᠭ᠋ ᠪᠠᠶᠢᠵᠦ ᠰᠢᠯᠭᠠᠨ ᠪᠠᠶᠢᠴᠠᠭᠠᠭᠰᠠᠨ ᠬᠡᠮᠵᠢᠭᠳᠡᠯ ᠨᠢ | ᠣᠨᠣᠪᠴᠢ ᠦᠭᠡᠢ᠂ ᠡᠭᠦᠨ ᠤ ᠬᠠᠮᠲᠤ ᠠᠭᠠᠷ ᠤᠨ ᠳᠤᠯᠠᠭᠠᠨ ᠤ ᠥᠨᠳᠥᠷ ᠲᠤᠤᠷ᠎ᠠ ᠨᠢ ᠴᠦ ᠮᠧᠲ᠋ᠢᠯ ᠠᠯᠳᠧᠭᠢᠳ᠋ ᠤᠨ | ᠢᠯᠭᠠᠷᠠᠭᠤᠯᠬᠤ ᠬᠡᠮᠵᠢᠶ᠎ᠡ ᠶᠢ ᠨᠥᠯᠥᠭᠡᠯᠡᠨ᠎ᠡ᠂ ᠬᠡᠷᠪᠡ ᠠᠭᠠᠷ ᠤᠨ ᠳᠤᠯᠠᠭᠠᠨ ᠥᠨᠳᠥᠷ ᠴᠠᠭ ᠠᠭᠤᠷ ᠲᠤ ᠰᠢᠯᠭᠠᠨ | ᠪᠠᠶᠢᠴᠠᠭᠠᠬᠤ ᠳᠤ ᠬᠦᠷᠪᠡᠯ ᠲᠤᠭ᠎ᠠ ᠬᠡᠮᠵᠢᠭᠳᠡᠯ ᠨᠢ ᠴᠦ ᠥᠨᠳᠥᠷ ᠰᠢᠭ ᠪᠠᠶᠢᠵᠤ ᠮᠡᠳᠡᠨ᠎ᠡ︾ ᠭᠡᠵᠦ ᠴᠧᠨ ᠶᠢᠨ ᠸᠧᠢ | ᠬᠡᠯᠡᠪᠡ᠃ | ᠮᠧᠲ᠋ᠢᠯ ᠠᠯᠳᠧᠭᠢᠳ᠋ ᠤᠨ ᠠᠷᠢᠯᠭᠠᠬᠤ ᠪᠠᠶᠢᠭᠤᠯᠤᠮᠵᠢ ᠶᠢᠨ ︽ᠲᠠᠮᠢᠷᠴᠢᠨ︾ ᠮᠥᠷᠲᠡᠭᠡᠨ ᠪᠠᠰᠠ ︽ᠬᠢᠨᠠᠭᠴᠢ︾ | ᠪᠣᠯᠬᠤ ᠠᠰᠠᠭᠤᠳᠠᠯ ᠳᠤ᠂ ᠬᠠᠤᠯᠢ ᠴᠠᠭᠠᠵᠠ ᠬᠠᠤᠯᠢ ᠲᠣᠭᠲᠠᠭᠠᠯ ᠳᠤ ᠪᠠᠰᠠ ᠲᠣᠳᠣᠷᠬᠠᠢ ᠲᠣᠭᠲᠠᠭᠠᠯ ᠲᠠᠢ᠂ | ᠨᠢᠳᠤᠨᠤᠨ ᠤ ᠰᠢᠨᠡᠳᠬᠡᠭᠰᠡᠨ ︽ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠬᠡᠮ ᠢ | ᠮᠠᠭᠠᠳᠯᠠᠨ ᠲᠣᠭᠲᠠᠭᠠᠵᠤ ᠬᠢᠨᠠᠨ ᠲᠣᠭᠲᠠᠭᠠᠬᠤ ᠪᠠᠷᠢᠮᠵᠢᠶ᠎ᠠ︾ ᠳᠤ ︽ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ | ᠪᠠᠶᠢᠭᠤᠯᠤᠮᠵᠢ ᠨᠢ ᠲᠡᠭᠦᠨ ᠤ ᠭᠠᠷᠭᠠᠭᠰᠠᠨ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠭᠰᠡᠨ ᠲᠤᠭ᠎ᠠ ᠪᠠᠷᠢᠮᠲᠠ᠂ | ᠦᠷ᠎ᠡ ᠳ᠋ᠦᠩ ᠤᠨ ᠲᠥᠪ ᠭᠤᠥᠯᠴᠢ ᠣᠨᠣᠪᠴᠢᠲᠠᠶ᠂ ᠨᠡᠬᠡᠮᠵᠢᠯᠡᠵᠦ ᠪᠣᠯᠬᠤ ᠶᠢ ᠪᠠᠲᠤᠯᠠᠬᠤ ᠬᠡᠷᠡᠭᠲᠡᠢ︾ ᠭᠡᠵᠦ | ᠱᠠᠭᠠᠷᠳᠠᠭᠰᠠᠨ ᠪᠠᠶᠢᠨ᠎ᠠ᠃ ᠡᠭᠦᠨ ᠢ ᠦᠨᠳᠦᠰᠦᠯᠡᠪᠡᠯ᠂ ︽ᠠᠪᠤ ᠨᠢ ᠪᠠᠶᠢᠴᠠᠭᠠᠨ ᠰᠢᠯᠭᠠᠬᠤ᠂ ᠬᠦᠦ ᠨᠢ ᠵᠠᠰᠠᠬᠤ︾ | ᠬᠤᠳᠠᠯᠳᠤᠭᠠᠨ ᠤ ᠵᠠᠭᠪᠤᠷ ᠪᠣᠯ ᠳᠦᠷᠢᠮ ᠠᠴᠠ ᠵᠥᠷᠢᠴᠡᠭᠰᠡᠨ ᠠᠵᠢᠯᠯᠠᠭ᠎ᠠ ᠳᠤ ᠲᠣᠭᠠᠴᠠᠭᠳᠠᠨ᠎ᠠ᠂ ᠨᠠᠩ ᠴᠤ ᠮᠧᠲ᠋ᠢᠯ | ᠠᠯᠳᠧᠭᠢᠳ᠋ ᠤᠨ ᠪᠠᠶᠢᠴᠠᠭᠠᠨ ᠰᠢᠯᠭᠠᠭᠰᠠᠨ ᠲᠤᠭ᠎ᠠ ᠪᠠᠷᠢᠮᠲᠠ ᠶᠢ ᠬᠠᠭᠤᠷᠮᠠᠭ ᠢᠶᠠᠷ ᠦᠢᠯᠡᠳᠬᠦ ᠨᠢ ᠨᠢᠭᠡᠨᠲᠡ ︽ | ᠬᠤᠷᠢᠭ᠎ᠠ ᠱᠤᠭᠤᠮ︾ ᠢ ᠭᠦᠨᠳᠡᠭᠰᠡᠨ ᠶᠠᠪᠤᠳᠠᠯ ᠪᠤᠯᠤᠨ᠎ᠠ᠃ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠮᠧᠲ᠋ᠢᠯ ᠠᠯᠳᠧᠭᠢᠳ᠋ ᠢ ᠪᠠᠶᠢᠴᠠᠭᠠᠨ ᠰᠢᠯᠭᠠᠬᠤ ᠪᠠ ᠵᠠᠰᠠᠬᠤ | ᠠᠵᠢᠯ ᠲᠥᠷᠥᠯ ᠤᠨ ᠵᠥᠪᠰᠢᠶᠡᠷᠡᠯ ᠤᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠬᠢᠷᠢ ᠬᠡᠮ ᠢ | ᠴᠢᠩᠭ᠎ᠠ ᠬᠢᠨᠠᠨ ᠪᠠᠶᠢᠴᠠᠭᠠᠬᠤ ᠬᠡᠷᠡᠭᠲᠡᠢ︔ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠨᠠᠩ ᠴᠢᠩᠭ᠎ᠠ | ᠬᠦᠴᠦᠲᠡᠢ ᠬᠢᠨᠠᠯᠲᠠ ᠬᠠᠮᠢᠶᠠᠷᠤᠯᠲᠠ ᠪᠠᠷ ᠮᠧᠲ᠋ᠢᠯ ᠠᠯᠳᠧᠭᠢᠳ᠋ ᠢ ᠪᠠᠶᠢᠴᠠᠭᠠᠨ ᠬᠡᠮᠵᠢᠬᠦ ᠪᠠ ᠵᠠᠰᠠᠬᠤ ᠵᠠᠬ᠎ᠠ ᠳᠡᠯᠭᠡᠭᠦᠷ ᠢ | ᠵᠢᠷᠤᠮᠵᠢᠭᠤᠯᠵᠤ᠂ ᠥᠷᠭᠡᠨ ᠣᠯᠠᠨ ᠰᠠᠭᠤᠭᠠᠯᠢ ᠠᠷᠠᠳ ᠤᠨ ᠭᠡᠷ ᠳᠣᠲᠣᠷᠠᠬᠢ ᠣᠷᠴᠢᠨ ᠲᠣᠭᠤᠷᠢᠨ ᠤ ᠠᠮᠤᠷ | ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠬᠤ ᠬᠡᠷᠡᠭᠲᠡᠢ᠃ ︽ᠮᠧᠲ᠋ᠢᠯ ᠠᠯᠳᠧᠭᠢᠳ᠋ ᠢ | ᠪᠠᠶᠢᠴᠠᠭᠠᠨ ᠰᠢᠯᠭᠠᠬᠤ ᠪᠠ ᠵᠠᠰᠠᠬᠤ ᠶᠠᠪᠤᠴᠠ ᠳᠠᠬᠢ ᠲᠤᠭ᠎ᠠ ᠪᠠᠷᠢᠮᠲᠠ ᠶᠢ ᠬᠠᠭᠤᠷᠮᠠᠭ ᠢᠶᠠᠷ ᠵᠣᠬᠢᠶᠠᠬᠤ | ᠠᠰᠠᠭᠤᠳᠠᠯ ᠳᠤ ︿ᠣᠭᠲᠣᠬᠠᠨ ᠴᠤ ᠠᠭᠤᠴᠢᠯᠠᠬᠤ ᠦᠭᠡᠢ﹀ ᠪᠠᠶᠢᠬᠤ ᠶᠢ ᠪᠠᠷᠢᠮᠲᠠᠯᠠᠵᠤ᠂ ᠬᠠᠤᠯᠢ ᠴᠠᠭᠠᠵᠠ ᠬᠠᠤᠯᠢ | ᠲᠣᠭᠲᠠᠭᠠᠯ ᠢ ᠴᠠᠭ ᠲᠤᠬᠠᠢ ᠳᠤᠨᠢ ᠲᠡᠭᠦᠯᠳᠡᠷᠵᠢᠭᠦᠯᠦᠨ᠂ ᠠᠵᠢᠯ ᠲᠥᠷᠥᠯ ᠳᠤ ᠪᠠᠷᠢᠮᠵᠢᠶ᠎ᠠ ᠲᠤᠭᠳᠠᠭᠠᠵᠤ᠂ ᠬᠤᠷᠢᠭ᠎ᠠ | ᠱᠤᠭᠤᠮ ᠢ ᠲᠤᠳᠤᠷᠬᠠᠶᠢᠯᠠᠬᠤ ᠬᠡᠷᠡᠭᠲᠡᠢ︔ ᠣᠷᠣᠰᠢᠵᠤ ᠪᠠᠶᠢᠭ᠎ᠠ ᠬᠠᠤᠯᠢ ᠪᠤᠰᠤ ᠠᠵᠤ ᠦᠢᠯᠡᠰ ᠤᠨ ᠬᠡᠯᠬᠢᠶ᠎ᠡ ᠳᠤ | ᠴᠣᠬᠢᠯᠲᠠ ᠥᠭᠴᠦ ᠬᠤᠯᠪᠤᠭᠠᠯᠠᠨ ᠬᠥᠳᠡᠯᠦᠯᠴᠡᠬᠦ ᠲᠣᠭᠲᠠᠴᠠ ᠪᠠ ᠪᠠᠶᠢᠩᠭᠤᠵᠢᠭᠤᠯᠤᠭᠰᠠᠨ ᠬᠢᠨᠠᠯᠲᠠ | ᠬᠠᠮᠢᠶᠠᠷᠤᠯᠲᠠ ᠶᠢᠨ ᠲᠣᠭᠲᠠᠴᠠ ᠶᠢ ᠪᠣᠶ ᠪᠣᠯᠭᠠᠵᠤ᠂ ᠬᠠᠭᠤᠷᠮᠠᠭ ᠢᠶᠠᠷ ᠵᠣᠬᠢᠶᠠᠬᠤ ᠠᠵᠢᠯᠯᠠᠭ᠎ᠠ ᠬᠦᠨᠳᠦ ᠴᠤᠬᠢᠯᠳᠠ | ᠦᠭᠬᠦ ᠬᠡᠷᠡᠭᠲᠡᠢ︾᠃ | ᠢᠷᠡᠯᠲᠡ᠄ ᠠᠷᠠᠳ ᠤᠨ ᠡᠳᠦᠷ ᠤᠨ ᠰᠣᠨᠢᠨ |