ᠰᠢ ᠶᠢᠨ ᠫᠢᠩ ︽ᠫᠠᠯᠧᠰᠲ᠋ᠠᠶᠢᠨ ᠤ ᠠᠷᠠᠳ ᠲᠦᠮᠡᠨ ᠢ ᠳᠡᠮᠵᠢᠬᠦ ᠳᠡᠯᠡᠬᠡᠢ ᠶᠢᠨ ᠡᠳᠦᠷ︾ ᠢ ᠳᠤᠷᠠᠰᠬᠠᠬᠤ ᠶᠡᠭᠡ ᠬᠤᠷᠠᠯ ᠳᠤ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2024/12/2
      ᠰᠢᠨᠬᠤᠸᠠ ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ 27 ᠤ ᠴᠠᠭᠢᠯᠭᠠᠨ ᠮᠡᠳᠡᠭᠡ   11 ᠰᠠᠷ᠎ᠠ ᠶᠢᠨ 26 ᠤ ᠡᠳᠦᠷ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ︽ᠫᠠᠯᠧᠰᠲ᠋ᠠᠶᠢᠨ ᠤ ᠠᠷᠠᠳ ᠲᠦᠮᠡᠨ ᠢ ᠳᠡᠮᠵᠢᠬᠦ ᠳᠡᠯᠡᠬᠡᠢ ᠶᠢᠨ ᠡᠳᠦᠷ︾ ᠢ ᠳᠤᠷᠠᠰᠬᠠᠬᠤ ᠶᠡᠭᠡ ᠬᠤᠷᠠᠯ ᠬᠤᠷᠠᠯᠳᠤᠭᠤᠯᠵᠤ᠂ ᠤᠯᠤᠰ ᠤᠨ ᠲᠡᠷᠢᠭᠦᠯᠡᠭᠴᠢ ᠰᠢ ᠶᠢᠨ ᠫᠢᠩ ᠶᠡᠭᠡ ᠬᠤᠷᠠᠯ ᠳᠤ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠪᠠ᠃      ᠰᠢ ᠶᠢᠨ ᠫᠢᠩ᠂ ᠫᠠᠯᠧᠰᠲ᠋ᠠᠶᠢᠨ ᠤ ᠠᠰᠠᠭᠤᠳᠠᠯ ᠪᠣᠯ ᠳᠤᠮᠳᠠᠳᠤ ᠳᠣᠷᠣᠨᠠᠲᠤ ᠶᠢᠨ ᠠᠰᠠᠭᠤᠳᠠᠯ ᠤᠨ ᠭᠤᠣᠯ ᠴᠥᠮ᠎ᠡ ᠪᠣᠯᠣᠨ᠎ᠠ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠳᠤ ᠬᠤᠯᠪᠣᠭᠳᠠᠨ᠎ᠠ᠃ ᠣᠳᠣᠬᠠᠨ ᠤ ᠲᠤᠯᠭᠠᠮ ᠡᠭᠦᠷᠭᠡ ᠪᠣᠯ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠶᠤᠯ ᠦᠭᠡᠢ ᠶᠢᠨ ᠵᠥᠪᠯᠡᠯ ᠤᠨ ᠬᠤᠯᠪᠣᠭᠳᠠᠯ ᠪᠦᠬᠦᠢ ᠰᠢᠢᠳᠪᠦᠷᠢ ᠶᠢ ᠪᠦᠭᠦ ᠲᠠᠯ᠎ᠠ ᠪᠠᠷ ᠪᠦᠲᠦᠮᠵᠢᠲᠡᠢ ᠬᠡᠷᠡᠭᠵᠢᠭᠦᠯᠵᠦ᠂ ᠲᠠᠶᠢᠨ ᠳᠠᠵᠢᠨ ᠢ ᠳᠠᠷᠤᠢ ᠲᠦᠷᠭᠡᠨ ᠵᠣᠭᠰᠣᠭᠠᠵᠤ᠂ ᠭᠠᠵᠠᠷ ᠣᠷᠣᠨ ᠤ ᠪᠠᠶᠢᠳᠠᠯ ᠢ ᠨᠠᠮᠳᠠᠭᠤᠯᠬᠤ ᠶᠠᠪᠤᠳᠠᠯ ᠪᠣᠯᠣᠨ᠎ᠠ᠃ ︽ᠬᠤᠶᠠᠷ ᠤᠯᠤᠰ ᠤᠨ ᠲᠥᠰᠥᠯ︾ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠫᠠᠯᠧᠰᠲ᠋ᠠᠶᠢᠨ ᠤ ᠠᠰᠠᠭᠤᠳᠠᠯ ᠢ ᠤᠯᠤᠰ ᠲᠦᠷᠦ ᠪᠠᠷ ᠰᠢᠢᠳᠪᠦᠷᠢᠯᠡᠬᠦ ᠶᠢ ᠠᠬᠢᠭᠤᠯᠵᠤ᠂ 1967 ᠣᠨ ᠤ ᠬᠢᠯᠢ ᠶᠢᠨ ᠵᠠᠭᠠᠭ ᠢᠶᠠᠷ ᠰᠠᠭᠤᠷᠢ ᠪᠤᠯᠭᠠᠵᠤ᠂ ᠵᠡᠭᠦᠨ ᠶᠧᠷᠦ᠋ᠰᠠᠯᠧᠮ ᠢᠶᠠᠷ ᠨᠡᠶᠢᠰᠯᠡᠯ ᠪᠤᠯᠭᠠᠵᠤ᠂ ᠪᠦᠷᠢᠨ ᠡᠷᠬᠡ ᠮᠡᠳᠡᠯ ᠲᠠᠢ ᠲᠤᠰᠠᠭᠠᠷ ᠲᠣᠭᠲᠠᠨᠢᠭᠰᠠᠨ ᠫᠠᠯᠧᠰᠲ᠋ᠠᠶᠢᠨ ᠤᠯᠤᠰ ᠢ ᠪᠠᠶᠢᠭᠤᠯᠵᠤ᠂ ᠫᠠᠯᠧᠰᠲ᠋ᠠᠶᠢᠨ ᠤ ᠠᠷᠠᠳ ᠲᠦᠮᠡᠨ ᠤ ᠤᠯᠤᠰ ᠪᠠᠶᠢᠭᠤᠯᠬᠤ ᠡᠷᠬᠡ᠂ ᠣᠷᠣᠰᠢᠨ ᠲᠣᠭᠲᠠᠨᠢᠬᠤ ᠡᠷᠬᠡ᠂ ᠪᠤᠴᠠᠵᠤ ᠢᠷᠡᠬᠦ ᠡᠷᠬᠡ ᠶᠢ ᠪᠡᠶᠡᠯᠡᠭᠦᠯᠬᠦ ᠪᠣᠯ ᠦᠨᠳᠦᠰᠦᠨ ᠭᠠᠷᠬᠤ ᠵᠠᠮ ᠪᠣᠯᠣᠨ᠎ᠠ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠳᠤᠮᠳᠠᠳᠤ ᠤᠯᠤᠰ ᠢᠮᠠᠭᠲᠠ ᠫᠠᠯᠧᠰᠲ᠋ᠠᠶᠢᠨ ᠤ ᠠᠷᠠᠳ ᠲᠦᠮᠡᠨ ᠤ ᠦᠨᠳᠦᠰᠦᠲᠡᠨ ᠤ ᠬᠠᠤᠯᠢ ᠶᠣᠰᠣᠨ ᠤ ᠡᠷᠬᠡ ᠠᠰᠢᠭ ᠢᠶᠠᠨ ᠰᠡᠷᠭᠦᠭᠡᠬᠦ ᠰᠢᠳᠤᠷᠭᠤ ᠶᠣᠰᠣᠨ ᠤ ᠦᠢᠯᠡᠰ ᠢ ᠡᠷᠡᠰ ᠲᠡᠮᠵᠢᠵᠥ᠂ ᠫᠠᠯᠧᠰᠲ᠋ᠠᠶᠢᠨ ᠤ ᠡᠯ᠎ᠡ ᠪᠦᠯᠦᠭ ᠤᠨ ᠪᠦᠯᠬᠦᠮᠳᠡᠯ ᠢᠶᠠᠨ ᠴᠢᠩᠭᠠᠳᠬᠠᠵᠤ᠂ ︽ᠬᠠᠭᠠᠴᠠᠭᠤᠯᠤᠯ ᠢ ᠳᠠᠭᠤᠰᠬᠠᠵᠤ ᠫᠠᠯᠧᠰᠲ᠋ᠠᠶᠢᠨ ᠤ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ ᠲᠤᠬᠠᠢ ᠪᠡᠭᠡᠵᠢᠩ ᠤᠨ ᠲᠤᠩᠬᠠᠭ︾ ᠢ ᠨᠠᠶᠢᠳᠠᠪᠤᠷᠢᠵᠢᠭᠤᠯᠵᠤ᠂ ᠳᠣᠲᠣᠭᠠᠳᠤ ᠳᠠᠭᠠᠨ ᠡᠶᠡᠳᠡᠬᠦ ᠶᠢ ᠲᠡᠮᠵᠢᠨ᠎ᠡ᠃ ᠫᠠᠯᠧᠰᠲ᠋ᠠᠶᠢᠨ ᠤ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠵᠢᠩᠬᠢᠨᠢ ᠭᠡᠰᠢᠭᠦᠨ ᠤᠯᠤᠰ ᠪᠤᠯᠬᠤ ᠶᠢ ᠳᠤᠮᠳᠠᠳᠤ ᠤᠯᠤᠰ ᠡᠷᠡᠰ ᠳᠡᠮᠵᠢᠵᠦ᠂ ᠨᠠᠩ ᠶᠡᠭᠡ ᠬᠡᠪᠴᠢᠶᠡᠨ ᠤ᠂ ᠨᠠᠩ ᠡᠷᠬᠡ ᠰᠦᠷ ᠲᠠᠢ᠂ ᠨᠠᠩ ᠪᠣᠳᠠᠲᠤ ᠦᠷ᠎ᠡ ᠪᠦᠲᠦᠮᠵᠢᠲᠡᠶ ᠣᠯᠠᠨ ᠤᠯᠤᠰ ᠤᠨ ᠨᠠᠶᠢᠷᠠᠮᠳᠠᠯ ᠤᠨ ᠬᠤᠷᠠᠯ ᠬᠤᠷᠠᠯᠳᠤᠭᠤᠯᠬᠤ ᠶᠢ ᠳᠡᠮᠵᠢᠨ᠎ᠡ᠃ ᠳᠤᠮᠳᠠᠳᠤ ᠤᠯᠤᠰ ᠦᠷᠭᠦᠯᠵᠢᠯᠡᠨ ᠳᠡᠯᠡᠬᠡᠢ ᠨᠡᠶᠢᠭᠡᠮ ᠲᠠᠢ ᠬᠠᠮᠲᠤ ᠪᠠᠷ᠂ ᠳᠠᠶᠢᠨ ᠤ ᠭᠠᠯ ᠢ ᠳᠠᠷᠤᠨ ᠲᠦᠪᠰᠢᠳᠬᠡᠵᠦ᠂ ᠠᠯᠠᠵᠤ ᠬᠢᠳᠤᠬᠤ ᠪᠠᠨ ᠵᠣᠬᠰᠣᠬᠤ ᠶᠢ ᠬᠠᠮᠲᠤ ᠪᠠᠷ ᠠᠬᠢᠭᠤᠯᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠣᠶᠢᠷ᠎ᠠ ᠳᠣᠷᠣᠨᠠᠲᠤ ᠶᠢᠨ ᠫᠠᠯᠧᠰᠲ᠋ᠠᠶᠢᠨ ᠤ ᠭᠠᠴᠢᠭᠳᠠᠯᠲᠤ ᠠᠷᠠᠳ ᠢ ᠲᠡᠳᠬᠦᠨ ᠲᠤᠰᠠᠯᠠᠬᠤ ᠪᠠ ᠢᠨᠵᠧᠨᠧᠷᠢᠩ ᠤᠨ ᠭᠠᠵᠠᠷ ᠠᠴᠠ ᠭᠠᠽᠠ ᠶᠢᠨ ᠠᠷᠠᠳ ᠲᠦᠮᠡᠨ ᠳᠤ ᠦᠷᠭᠦᠯᠵᠢᠯᠡᠨ ᠬᠥᠮᠦᠯᠢᠭ ᠦᠵᠡᠯ ᠤᠨ ᠲᠤᠰᠠᠯᠠᠮᠵᠢ ᠦᠵᠡᠭᠦᠯᠭᠦ ᠶᠢ ᠳᠡᠮᠵᠢᠵᠦ᠂ ᠫᠠᠯᠧᠰᠲ᠋ᠠᠶᠢᠨ ᠤ ᠠᠰᠠᠭᠤᠳᠠᠯ ᠢ ︽ᠬᠤᠶᠠᠷ ᠤᠯᠤᠰ ᠤᠨ ᠲᠥᠰᠥᠯ︾ ᠤᠨ ᠵᠥᠪ ᠵᠠᠮ ᠳᠤ ᠪᠤᠴᠠᠭᠠᠵᠤ᠂ ᠡᠷᠲᠡᠬᠡᠨ ᠪᠦᠭᠦ ᠲᠠᠯ᠎ᠠ ᠪᠠᠷ᠂ ᠲᠥᠪ ᠭᠤᠣᠯᠴᠢ ᠪᠠᠷ᠂ ᠤᠳᠠᠭᠠᠨ ᠳᠠᠭᠠᠭᠠᠮᠠᠭᠠᠢ ᠪᠠᠷ ᠰᠢᠢᠳᠪᠦᠷᠢᠯᠡᠬᠦ ᠶᠢ ᠠᠬᠢᠭᠤᠯᠤᠨ᠎ᠠ ᠭᠡᠵᠦ ᠴᠢᠬᠤᠯᠠᠴᠢᠯᠠᠪᠠ᠃
 
ᠢᠷᠡᠯᠲᠡ᠄ ᠦᠪᠤᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1