12 ᠳ᠋ᠤᠭᠠᠷ ᠰᠠᠷ᠎ᠠ ᠶᠢᠨ 18 ᠤ ᠡᠳᠦᠷ᠂ ᠲᠣᠭᠲᠠᠬᠤ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ | ᠬᠢᠨᠠᠨ ᠪᠠᠶᠢᠴᠠᠭᠠᠬᠤ ᠵᠥᠪᠯᠡᠯ ᠤᠨ ᠪᠠᠶᠢᠭᠤᠯᠭ᠎ᠠ ᠶᠢᠨ ᠨᠠᠮ ᠤᠨ ᠶᠡᠷᠦᠩᠬᠡᠢ ᠡᠭᠦᠷ᠂ ᠲᠣᠭᠲᠠᠬᠤ ᠰᠢᠶᠠᠨ ᠤ ᠬᠠᠲᠤᠨ | ᠭᠤᠣᠯ ᠶᠡᠭᠡ ᠵᠡᠭᠡᠯᠢ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠥᠷᠲᠡᠭᠡ ᠶᠢᠨ ᠨᠠᠮ ᠤᠨ ᠡᠭᠦᠷ ᠬᠠᠮᠲᠤᠷᠠᠨ | ᠣᠨᠴᠠᠯᠢᠭᠲᠤ ᠨᠠᠮ ᠤᠨ ᠡᠳᠦᠷᠯᠢᠭ ︱ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ | ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠤᠯᠠᠨ ᠢᠶᠠᠷ ᠢᠶᠠᠨ ᠭᠠᠯ ᠤᠨᠲᠠᠷᠠᠭᠠᠬᠤ ᠶᠡᠭᠡ ᠠᠩᠭᠢ ᠶᠢᠨ | ᠨᠠᠮ ᠤᠨ ᠪᠠᠶᠢᠭᠤᠯᠤᠯᠲᠠ ᠶᠢᠨ ᠰᠣᠶᠣᠯ ᠤᠨ ᠬᠡᠷᠡᠮ᠂ ᠢᠷᠠᠭᠤ ᠠᠯᠳᠠᠷ ᠤᠨ ᠦᠷᠦᠭᠡ᠂ ᠴᠡᠷᠢᠭ ᠤᠨ ᠬᠤᠸᠠᠷᠠᠨ ᠤ | ᠣᠷᠴᠢᠨ ᠲᠣᠭᠤᠷᠢᠨ᠂ ᠳᠣᠲᠣᠭᠠᠳᠤ ᠶᠠᠪᠤᠳᠠᠯ ᠤᠨ ᠬᠡᠷᠡᠭᠰᠡᠯ ᠵᠡᠷᠭᠡ ᠶᠢ ᠲᠣᠭᠤᠷᠢᠨ ᠦᠵᠡᠵᠦ᠂ ᠭᠠᠯ ᠤᠨᠲᠠᠷᠠᠭᠠᠭᠴᠢ | ᠨᠠᠷ ᠵᠢᠵᠢᠭᠦᠷᠯᠡᠬᠦ ᠲᠡᠷᠭᠡ᠂ ᠰᠡᠷᠭᠡᠶᠢᠯᠡᠨ ᠬᠠᠮᠠᠭᠠᠯᠠᠬᠤ ᠲᠣᠨᠣᠭᠯᠠᠯ ᠵᠡᠷᠭᠡ ᠲᠤᠨᠤᠭ ᠲᠥᠬᠦᠭᠡᠷᠦᠮᠵᠢ ᠶᠢᠨ ᠴᠢᠨᠠᠷ | ᠴᠢᠨᠰᠠᠭ᠎ᠠ ᠶᠢᠨ ᠪᠣᠯᠵᠣᠯᠲᠤ ᠲᠤᠭ᠎ᠠ ᠪᠣᠯᠣᠨ ᠬᠡᠷᠡᠭᠯᠡᠬᠦ ᠣᠷᠴᠢᠨ ᠲᠣᠭᠤᠷᠢᠨ ᠢ ᠨᠠᠷᠢᠨ ᠲᠠᠶᠢᠯᠪᠤᠷᠢᠯᠠᠵᠤ᠂ | ᠤᠯᠠᠨ ᠢᠶᠠᠷ ᠢᠶᠠᠨ ᠭᠠᠯ ᠤᠨᠲᠠᠷᠠᠭᠠᠭᠴᠢ ᠶᠢᠨ ᠵᠢᠯᠣᠭᠤᠳᠤᠯᠭ᠎ᠠ ᠬᠠᠪᠰᠤᠷᠤᠯᠭ᠎ᠠ ᠪᠠᠷ ᠭᠠᠯ ᠤᠨᠲᠠᠷᠠᠭᠠᠬᠤ ᠬᠡᠷᠡᠭᠰᠡᠯ ᠢ | ᠪᠣᠳᠠᠲᠠᠢ ᠬᠡᠷᠡᠭᠯᠡᠬᠦ ᠠᠷᠭ᠎ᠠ ᠬᠡᠯᠪᠡᠷᠢ ᠪᠠᠷ ᠠᠮᠤᠷ ᠲᠦᠪᠰᠢᠨ ᠤ ᠪᠣᠯᠪᠠᠰᠤᠷᠠᠯ ᠬᠢᠵᠡᠢ᠃ | ᠲᠣᠰ ᠤᠳᠠᠭᠠᠨ ᠤ ᠭᠠᠯ ᠤᠨᠲᠠᠷᠠᠭᠠᠬᠤ ᠶᠢ ᠰᠤᠷᠤᠯᠴᠠᠬᠤ᠂ ᠭᠠᠯ ᠤᠨᠲᠠᠷᠠᠭᠠᠬᠤ ᠶᠢ ᠣᠶᠢᠯᠠᠭᠠᠬᠤ ᠭᠤᠣᠯ | ᠰᠡᠳᠦᠪᠲᠦ ᠨᠠᠮ ᠤᠨ ᠡᠳᠦᠷᠯᠢᠭ ᠤᠨ ᠠᠵᠢᠯᠯᠠᠭ᠎ᠠ ᠪᠠᠷ ᠳᠠᠮᠵᠢᠭᠤᠯᠤᠨ᠂ ᠬᠤᠷᠠᠯ ᠳᠤ ᠣᠷᠣᠯᠴᠠᠭᠰᠠᠨ ᠨᠠᠮ ᠤᠨ | ᠭᠡᠰᠢᠭᠦᠨ ᠺᠠᠳ᠋ᠷᠴᠤᠳ ᠭᠠᠯ ᠤᠨᠲᠠᠷᠠᠭᠠᠬᠤ ᠶᠢᠨ ᠠᠮᠤᠷ ᠲᠦᠪᠰᠢᠨ ᠤ ᠤᠬᠠᠮᠰᠠᠷ ᠢᠶᠠᠨ ᠪᠦᠲᠦᠮᠵᠢᠲᠡᠶ ᠪᠠᠷ | ᠴᠢᠩᠭᠠᠷᠠᠭᠤᠯᠵᠤ᠂ ᠭᠠᠯ ᠤᠨᠲᠠᠷᠠᠭᠠᠬᠤ ᠶᠢᠨ ᠠᠮᠤᠷ ᠲᠦᠪᠰᠢᠨ ᠤ ᠬᠠᠷᠠᠭ᠎ᠠ ᠪᠠᠨ ᠥᠷᠭᠡᠳᠬᠡᠨ᠂ ᠭᠠᠯ | ᠤᠨᠲᠠᠷᠠᠭᠠᠬᠤ ᠶᠢᠨ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠪᠠᠨ ᠳᠡᠭᠡᠭᠰᠢᠯᠡᠭᠦᠯᠪᠡ᠃ ᠤᠯᠠᠨ ᠢᠶᠠᠷ ᠢᠶᠠᠨ᠂ ᠭᠠᠯ | ᠤᠨᠲᠠᠷᠠᠭᠠᠬᠤ ᠠᠮᠤᠷ ᠲᠦᠪᠰᠢᠨ ᠳᠤ ᠪᠠᠭ᠎ᠠ ᠶᠠᠪᠤᠳᠠᠯ ᠭᠡᠵᠦ ᠦᠭᠡᠢ᠂ ᠡᠨᠡ ᠤᠳᠠᠭ᠎ᠠ ᠶᠢᠨ ᠠᠵᠢᠯᠯᠠᠭ᠎ᠠ ᠨᠢ ᠠᠮᠤᠷ | ᠲᠦᠪᠰᠢᠨ ᠤ ᠬᠥᠮᠦᠵᠢᠯ ᠤᠨ ᠠᠮᠢᠳᠤᠯᠢᠭ ᠬᠢᠴᠢᠶᠡᠯ ᠪᠣᠯᠬᠤ ᠪᠠᠷ ᠪᠠᠷᠠᠬᠤ ᠦᠭᠡᠢ᠂ ᠪᠠᠰᠠ ᠴᠤ ᠨᠠᠮᠴᠢ ᠴᠢᠨᠠᠷ ᠤᠨ | ᠬᠥᠮᠦᠵᠢᠯ ᠤᠨ ᠭᠦᠨᠵᠡᠭᠡᠢ ᠬᠢᠴᠢᠶᠡᠯ ᠪᠣᠯᠣᠨ᠎ᠠ᠂ ᠡᠨᠡ ᠤᠳᠠᠭ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ | ᠴᠠᠭ ᠢᠮᠠᠭᠲᠠ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ᠠᠮᠤᠷ ᠲᠦᠪᠰᠢᠨ ᠪᠠᠶᠢᠬᠤ ᠦᠶ᠎ᠡ ᠳᠡᠭᠡᠨ | ᠠᠶᠤᠯ ᠲᠦᠭᠰᠢᠭᠦᠷᠢ ᠶᠢ ᠪᠣᠳᠣᠯᠬᠢᠯᠠᠵᠤ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠳᠠᠭᠠᠭᠤᠯᠬᠤ ᠦᠢᠯᠡᠳᠦᠯ ᠢ | ᠭᠦᠢᠴᠡᠳ ᠪᠠᠳᠠᠷᠠᠭᠤᠯᠵᠤ᠂ ᠤᠯᠠᠨ ᠲᠦᠮᠡᠨ ᠢ ᠤᠬᠠᠭᠤᠯᠤᠨ ᠳᠠᠶᠢᠴᠢᠯᠠᠵᠤ ᠪᠠᠶᠢᠭᠠᠳ ᠪᠦᠬᠦ ᠠᠷᠠᠳ ᠤᠨ ᠠᠮᠤᠷ | ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ᠂ ᠭᠠᠯ ᠤᠨᠲᠠᠷᠠᠭᠠᠬᠤ ᠠᠮᠤᠷ ᠲᠦᠪᠰᠢᠨ ᠤ ︽ᠰᠡᠷᠭᠡᠶᠢᠯᠡᠯᠲᠡ ᠶᠢᠨ | ᠬᠡᠷᠡᠮ︾ ᠢ ᠪᠠᠲᠤ ᠴᠣᠭᠴᠠᠯᠠᠨ᠎ᠠ ᠭᠡᠵᠦ ᠢᠯᠡᠳᠬᠡᠵᠡᠭᠡᠪᠡ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ |