ᠰᠢᠶᠠᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠠᠵᠢᠯ ᠤᠨ ᠬᠤᠪᠢᠶᠠᠷᠢᠯᠠᠯ ᠤᠨ ᠲᠤᠬᠠᠢ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2024/12/23
       ᠰᠢᠶᠠᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠠᠵᠢᠯ ᠤᠨ ᠬᠤᠪᠢᠶᠠᠷᠢᠯᠠᠯ ᠤᠨ ᠲᠤᠬᠠᠢ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ  ᠮᠡᠳᠡᠭᠳᠡᠯ ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠾᠧ ᠺᠸᠦ ᠵᠢᠭᠤᠯᠴᠢᠯᠠᠯ ᠠᠮᠠᠷᠠᠯᠲᠠ ᠶᠢᠨ ᠣᠷᠣᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠲᠣᠭᠲᠠᠬᠤ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ᠂ ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠲᠣᠭᠲᠠᠬᠤ ᠲᠤ ᠰᠠᠭᠤᠭ᠎ᠠ ᠡᠯ᠎ᠡ ᠨᠢᠭᠡᠴᠡ᠂ ᠡᠯ᠎ᠡ ᠠᠷᠠᠳ ᠤᠨ ᠪᠦᠯᠬᠦᠮ ᠳᠤ᠄      ᠠᠵᠢᠯᠲᠠᠨ ᠤ ᠶᠠᠪᠤᠳᠠᠯ ᠤᠨ ᠬᠤᠪᠢᠷᠠᠯᠲᠠ ᠶᠢ ᠦᠨᠳᠦᠰᠦᠯᠡᠨ᠂ ᠰᠤᠳᠤᠯᠬᠤ ᠪᠠᠷ ᠲᠠᠮᠵᠢᠨ᠂ ᠰᠢᠶᠠᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠠᠵᠢᠯ ᠤᠨ ᠬᠤᠪᠢᠶᠠᠷᠢᠯᠠᠯ ᠨᠢ ᠳᠣᠣᠷᠠᠬᠢ ᠮᠡᠲᠦ᠄      ᠠᠨᠳᠠ᠄ ᠰᠢᠶᠠᠨ ᠤ ᠠᠷᠠᠳ ᠤᠨ ᠵᠠᠰᠠᠭ ᠤᠨ ᠣᠷᠳᠣᠨ ᠤ ᠪᠦᠬᠦ ᠲᠠᠯ᠎ᠠ ᠶᠢᠨ ᠠᠵᠢᠯ ᠢ ᠡᠷᠬᠢᠯᠡᠵᠦ᠂ ᠬᠢᠨᠠᠨ ᠪᠤᠳᠤᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠪᠢᠳᠠᠨ ᠬᠠᠮᠢᠶᠠᠷᠬᠤ᠄ ᠰᠢᠶᠠᠨ ᠤ ᠬᠢᠨᠠᠨ ᠪᠤᠳᠤᠬᠤ ᠲᠣᠪᠴᠢᠶ᠎ᠠ᠃      ᠵᠢᠶᠣᠣ ᠴᠢᠶᠠᠨ᠄ ᠰᠢᠶᠠᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠵᠤ᠂ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠶᠢ ᠬᠠᠮᠵᠢᠨ ᠵᠠᠰᠠᠭ ᠤᠨ ᠶᠠᠪᠤᠳᠠᠯ ᠢ ᠢᠯᠡ ᠪᠣᠯᠭᠠᠬᠤ᠂ ᠭᠠᠳᠠᠭᠠᠳᠤ ᠶᠠᠪᠤᠳᠠᠯ᠂ ᠡᠳ᠋ ᠤᠨ ᠵᠠᠰᠠᠭ᠂ ᠮᠥᠩᠭᠦᠨ ᠭᠦᠢᠯᠭᠡᠭᠡ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠪᠠᠶᠢᠭᠠᠯᠢ ᠶᠢᠨ ᠡᠬᠢ ᠪᠠᠶᠠᠯᠢᠭ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ᠂ ᠠᠷᠠᠳ ᠤᠨ ᠬᠥᠷᠥᠩᠭᠡ ᠶᠢᠨ ᠪᠡᠯᠡ ᠣᠷᠣᠭᠤᠯᠤᠯᠲᠠ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ᠂ ᠠᠮᠤ ᠪᠤᠳᠠᠭ᠎ᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠬᠤᠪᠢᠳᠠᠨ ᠬᠠᠮᠢᠶᠠᠷᠬᠤ᠄ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ᠂ ᠡᠳ᠋ ᠤᠨ ᠵᠠᠰᠠᠭ ᠤᠨ ᠲᠣᠪᠴᠢᠶ᠎ᠠ ︵ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ︶ ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠯᠪᠠᠨ ᠭᠡᠷ︶᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠭᠠᠵᠠᠷ ᠬᠥᠳᠡᠯᠦᠯᠲᠡ ᠶᠢᠨ ᠲᠣᠪᠴᠢᠶ᠎ᠠ᠂ ᠮᠥᠩᠭᠦᠨ ᠭᠦᠢᠯᠭᠡᠭᠡᠨ ᠤ ᠠᠵᠢᠯ ᠤᠨ ᠦᠢᠯᠡᠴᠢᠯᠡᠭᠡᠨ ᠤ ᠲᠥᠪ᠂ ᠥᠪᠥᠷ ᠮᠣᠩᠭᠤᠯ ᠤᠨ ᠶᠢᠨ ᠯᠦᠩ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠬᠢᠵᠠᠭᠠᠷᠲᠤ ᠺᠣᠮᠫᠠᠨᠢ᠂ ᠲᠣᠭᠲᠠᠬᠤ ᠰᠢᠶᠠᠨ ᠤ ᠴᠧᠩ ᠹᠠ ᠪᠡᠯᠡ ᠣᠷᠣᠭᠤᠯᠤᠨ ᠡᠵᠡᠩᠨᠡᠬᠦ ᠬᠢᠵᠠᠭᠠᠷᠲᠤ ᠺᠣᠮᠫᠠᠨᠢ᠃      ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠶᠢ ᠬᠠᠪᠰᠤᠷᠴᠤ ᠰᠢᠶᠠᠨ ᠤ ᠬᠢᠨᠠᠨ ᠪᠤᠳᠤᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃      ᠬᠠᠷᠢᠯᠴᠠᠬᠤ᠄ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠥᠷᠥ ᠶᠢᠨ ᠵᠥᠪᠯᠡᠯᠭᠡᠨ ᠤ ᠲᠣᠭᠲᠠᠬᠤ ᠰᠢᠶᠠᠨ ᠤ ᠬᠤᠷᠢᠶ᠎ᠠ᠂ ᠬᠢᠨᠠᠨ ᠪᠠᠶᠢᠴᠠᠭᠠᠬᠤ ᠵᠥᠪᠯᠡᠯ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠲᠣᠭᠲᠠᠬᠤ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠲᠣᠭᠲᠠᠬᠤ ᠰᠠᠯᠪᠤᠷᠢ ᠲᠣᠪᠴᠢᠶ᠎ᠠ᠂ ᠪᠤᠰᠤᠳ ᠪᠠᠩᠬᠢ᠂ ᠡᠯ᠎ᠡ ᠳᠠᠭᠠᠳᠬᠠᠯ ᠤᠨ ᠺᠣᠮᠫᠠᠨᠢ᠃      ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃      ᠰᠦᠨ ᠬᠠᠢ ᠱᠧᠩ᠄ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠶᠢ ᠬᠠᠮᠵᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠬᠤᠪᠢᠳᠠᠨ ᠬᠠᠮᠢᠶᠠᠷᠬᠤ᠄ ᠰᠢᠶᠠᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ︵ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ︶᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠲᠣᠭᠲᠠᠬᠤ ᠤᠯᠠᠨ ᠨᠡᠶᠢᠲᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠲᠣᠭᠲᠠᠬᠤ ᠰᠢᠶᠠᠨ ᠤ ᠬᠤᠳᠠ ᠬᠥᠳᠡᠭᠡ ᠶᠢᠨ ᠪᠡᠯᠡ ᠣᠷᠣᠭᠤᠯᠤᠯᠲᠠ ᠶᠢᠨ ᠪᠦᠯᠦᠭᠯᠡᠯᠳᠦ ᠬᠢᠵᠠᠭᠠᠷᠲᠤ ᠺᠣᠮᠫᠠᠨᠢ᠂ ᠲᠣᠭᠲᠠᠬᠤ ᠰᠢᠶᠠᠨ ᠤ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠬᠢᠵᠠᠭᠠᠷᠲᠤ ᠺᠣᠮᠫᠠᠨᠢ᠂ ᠲᠣᠭᠲᠠᠬᠤ ᠰᠢᠶᠠᠨ ᠤ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠬᠢᠵᠠᠭᠠᠷᠲᠤ ᠺᠣᠮᠫᠠᠨᠢ᠃      ᠬᠠᠷᠢᠯᠴᠠᠬᠤ᠄ ᠴᠢᠯᠠᠭᠤᠨ ᠲᠤᠰᠤᠨ ᠤ ᠺᠤᠮᠫᠠᠨᠢ᠂ ᠳᠤᠮᠳᠠᠳᠤ ᠤᠯᠤᠰ ᠤᠨ ᠰᠢᠳᠠᠮᠠᠬᠠᠢ ᠬᠡᠢ ᠶᠢᠨ ᠺᠤᠮᠫᠠᠨᠢ᠃      ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃      ᠵᠠᠩ ᠰᠢᠶᠣᠣ ᠳ᠋ᠦᠩ᠄ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠳᠤ ᠬᠠᠮᠵᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠬᠥᠯᠥᠰᠦᠨ ᠠᠵᠢᠯᠴᠢᠨ ᠤ ᠴᠠᠯᠢᠩ ᠤᠨ ᠥᠷᠢ ᠶᠢ ᠢᠯᠭᠠᠷᠠᠭᠤᠯᠬᠤ᠂ ᠦᠨᠳᠦᠰᠦᠲᠡᠨ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠡᠮ ᠡᠮᠨᠡᠯᠭᠡ ᠶᠢᠨ ᠪᠠᠲᠤᠯᠠᠭ᠎ᠠ᠂ ᠵᠠᠭᠠᠯᠳᠤᠯᠭ᠎ᠠ ᠶᠢ ᠬᠦᠯᠢᠶᠡᠨ ᠠᠪᠤᠮᠠᠭᠴᠠ ᠭᠦᠢᠴᠡᠳᠬᠡᠬᠦ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠬᠤᠪᠢᠳᠠᠨ ᠬᠠᠮᠢᠶᠠᠷᠬᠤ᠄ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ︵ᠮᠣᠩᠭᠤᠯ ᠬᠡᠯᠡ ᠪᠢᠴᠢᠭ ᠤᠨ ᠠᠵᠢᠯ ᠤᠨ ᠵᠥᠪᠯᠡᠯ︶᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︵ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠡᠷᠭᠡᠶᠢᠯᠡᠨ ᠡᠵᠡᠮᠳᠡᠬᠦ ᠲᠣᠪᠴᠢᠶ᠎ᠠ︶ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠵᠠᠭᠠᠯᠳᠤᠯᠭ᠎ᠠ ᠶᠢ ᠭᠥᠯᠢᠶᠡᠨ ᠠᠪᠤᠮᠠᠭᠴᠠ ᠵᠢᠯᠣᠭᠤᠳᠤᠨ ᠲᠣᠬᠢᠷᠠᠭᠤᠯᠬᠤ ᠲᠥᠪ᠃      ᠬᠠᠷᠢᠯᠴᠠᠬᠤ᠄ ᠰᠢᠶᠠᠨ ᠤ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠣᠷᠣᠨ ᠲᠣᠭᠠᠨ ᠤ ᠺᠣᠮᠢᠰ ᠤᠨ ᠠᠯᠪᠠᠨ ᠭᠡᠷ᠂ ᠱᠠᠰᠢᠨ ᠰᠤᠷᠲᠠᠬᠤᠨ ᠤ ᠬᠡᠷᠡᠭ ᠡᠷᠬᠢᠯᠡᠬᠦ ᠲᠣᠪᠴᠢᠶ᠎ᠠ᠂ ᠲᠠᠮᠠᠬᠢ ᠲᠤᠰᠬᠠᠢ ᠬᠤᠳᠠᠯᠳᠤᠬᠤ ᠲᠣᠪᠴᠢᠶ᠎ᠠ᠃      ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃      ᠯᠢ ᠪᠸᠢ᠄ ᠵᠢᠶᠣᠣ ᠴᠢᠶᠠᠨ ᠨᠥᠬᠦᠷ ᠢ ᠬᠠᠪᠰᠤᠷᠤᠨ ᠤᠯᠤᠰ ᠤᠨ ᠦᠮᠴᠢᠯᠡᠯᠳᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠲᠠᠯ᠎ᠠ ᠶᠢᠨ ᠠᠵᠢᠯ ᠢ ᠵᠣᠬᠢᠴᠠᠭᠤᠯᠤᠨ ᠬᠠᠷᠢᠯᠴᠠᠨ᠎ᠠ︔ ᠰᠢᠶᠧ ᠴᠦᠨ ᠯᠦᠩ ᠨᠥᠬᠦᠷ ᠢ ᠬᠠᠪᠰᠤᠷᠤᠨ ᠰᠤᠷᠭᠠᠨ ᠬᠥᠮᠦᠵᠢᠯ ᠤᠨ ᠲᠠᠯ᠎ᠠ ᠶᠢᠨ ᠠᠵᠢᠯ ᠢ ᠵᠣᠬᠢᠴᠠᠭᠤᠯᠤᠨ ᠬᠠᠷᠢᠯᠴᠠᠨ᠎ᠠ︔ ᠯᠢᠦ ᠰᠦᠩ ᠨᠠᠨ ᠨᠥᠬᠦᠷ ᠢ ᠬᠠᠪᠰᠤᠷᠤᠨ ᠴᠠᠬᠢᠯᠭᠠᠨ ᠬᠦᠴᠦᠨ ᠤ ᠲᠠᠯ᠎ᠠ ᠶᠢᠨ ᠠᠵᠢᠯ ᠢ ᠵᠣᠬᠢᠴᠠᠭᠤᠯᠤᠨ ᠬᠠᠷᠢᠯᠴᠠᠨ᠎ᠠ᠃      ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃      ᠶᠦᠨ ᠵᠢᠶᠠᠨ ᠵᠥᠩ᠄ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠶᠢ ᠬᠠᠮᠵᠢᠨ ᠳᠣᠲᠣᠭᠠᠳᠤ ᠶᠢ ᠬᠠᠮᠠᠭᠠᠯᠠᠬᠤ᠂ ᠬᠠᠤᠯᠢ ᠪᠠᠷᠢᠬᠤ᠂ ᠵᠠᠬᠢᠳᠠᠯ ᠰᠣᠷᠪᠤᠯᠵᠢᠯᠠᠭ᠎ᠠ ᠬᠢᠬᠦ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠬᠤᠲᠠ ᠶᠢᠨ ᠬᠠᠮᠢᠶᠠᠷᠤᠯᠲᠠ᠂ ᠠᠮᠢ ᠠᠬᠤᠢ ᠶᠢᠨ ᠣᠷᠴᠢᠨ ᠲᠣᠭᠤᠷᠢᠨ᠂ ᠵᠠᠰᠠᠭ ᠤᠨ ᠣᠷᠳᠣᠨ ᠤ ᠬᠠᠤᠯᠢ ᠳᠦᠷᠢᠮ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠤᠯᠢ ᠴᠠᠭᠠᠵᠠ ᠶᠢᠨ ᠵᠥᠪᠯᠡᠯᠭᠡ ᠥᠭᠬᠦ ᠵᠥᠪᠯᠡᠭᠴᠢ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠬᠤᠪᠢᠳᠠᠨ ᠬᠠᠮᠢᠶᠠᠷᠬᠤ᠄ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ᠂ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ᠃      ᠬᠠᠷᠢᠯᠴᠠᠬᠤ  ᠄ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠰᠢᠶᠠᠨ ᠤ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠡᠯᠲᠡᠰ᠂ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠲᠥᠪ᠂ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ᠂ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ᠂ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠲᠣᠭᠲᠠᠬᠤ ᠰᠢᠶᠠᠨ ᠤ ᠬᠤᠪᠢᠶᠠᠷᠢ ᠲᠣᠪᠴᠢᠶ᠎ᠠ᠃      ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃      ᠰᠢᠶ᠋ᠧ ᠴᠦᠨ ᠯᠦᠩ᠄ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠶᠢ ᠬᠠᠮᠵᠢᠨ ᠰᠤᠷᠭᠠᠨ ᠬᠥᠮᠦᠵᠢᠯ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ᠂ ᠠᠷᠠᠳ ᠤᠨ ᠶᠠᠪᠤᠳᠠᠯ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ᠂ ᠬᠤᠶᠠᠷ ᠢ ᠬᠦᠷᠢᠶᠡᠯᠡᠬᠦ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠬᠤᠪᠢᠳᠠᠨ ᠬᠠᠮᠢᠶᠠᠷᠬᠤ᠄ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ︵ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ︶᠂ ᠠᠷᠠᠳ ᠤᠨ ᠶᠠᠪᠤᠳᠠᠯ ᠤᠨ ᠲᠣᠪᠴᠢᠶ᠎ᠠ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠬᠤᠶᠠᠷ ᠢ ᠬᠦᠷᠢᠶᠡᠯᠡᠬᠦ ᠠᠵᠢᠯ ᠤᠨ ᠦᠢᠯᠡᠴᠢᠯᠡᠭᠡᠨ ᠤ ᠲᠥᠪ᠂ ᠲᠣᠭᠲᠠᠬᠤ ᠰᠢᠶᠠᠨ ᠤ ᠶᠦᠨ ᠵᠥᠩ ᠰᠣᠶᠣᠯ ᠵᠢᠭᠤᠯᠴᠢᠯᠠᠯ ᠤᠨ ᠬᠢᠵᠠᠭᠠᠷᠲᠤ ᠺᠣᠮᠫᠠᠨᠢ᠃      ᠬᠠᠷᠢᠯᠴᠠᠬᠤ᠄ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠡᠪᠯᠡᠯ ᠤᠨ ᠰᠢᠶᠠᠨ ᠤ ᠬᠤᠷᠢᠶ᠎ᠠ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ᠂ ᠬᠠᠮ ᠵᠠᠭᠤᠴᠢᠯᠠᠭᠤᠷ ᠤᠨ ᠲᠥᠪ᠂ ᠤᠳᠬ᠎ᠠ ᠵᠣᠬᠢᠶᠠᠯ ᠤᠷᠠᠯᠢᠭ ᠤᠨ ᠬᠢᠨ ᠤ ᠬᠤᠯᠪᠤᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠵᠡᠮᠳᠡᠭᠴᠦᠳ ᠤᠨ ᠬᠤᠯᠪᠤᠭ᠎ᠠ      ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃      ᠯᠢᠦ ᠰᠥᠩ ᠨᠠᠨ᠄ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠶᠢ ᠬᠠᠮᠵᠢᠨ ᠠᠵᠤ ᠦᠢᠯᠡᠳᠪᠦᠷᠢ ᠶᠢᠨ ᠠᠵᠤ ᠠᠬᠤᠢ᠂ ᠰᠢᠨᠵᠢᠯᠡᠬᠦ ᠤᠬᠠᠭᠠᠨ ᠮᠡᠷᠭᠡᠵᠢᠯ᠂ ᠮᠡᠳᠡᠭᠡ ᠵᠠᠩᠭᠢᠵᠢᠯᠲᠠ᠂ ᠲᠤᠭ᠎ᠠ ᠪᠦᠷᠢᠳᠬᠡᠯ᠂ ᠬᠤᠳᠠᠯᠳᠤᠭᠠᠨ ᠤ ᠶᠠᠪᠤᠳᠠᠯ᠂ ᠦᠢᠯᠡᠴᠢᠯᠡᠭᠡᠨ ᠤ ᠦᠢᠯᠡᠰ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠲᠣᠮᠣ ᠳ᠋ᠠᠶᠢᠲ᠋ᠠ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ᠂ ᠪᠣᠭᠤᠮᠲᠠ᠂ ᠴᠠᠬᠢᠯᠭᠠᠨ ᠬᠦᠴᠦᠨ ᠢ ᠰᠢᠯᠢᠳᠡᠭᠵᠢᠭᠦᠯᠬᠦ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠬᠤᠪᠢᠳᠠᠨ ᠬᠠᠮᠢᠶᠠᠷᠬᠤ᠄ ᠰᠢᠶᠠᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ︵ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶᠂ ᠲᠤᠭ᠎ᠠ ᠪᠦᠷᠢᠳᠬᠡᠯ ᠤᠨ ᠲᠣᠪᠴᠢᠶ᠎ᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠲᠥᠪ᠂ ᠰᠢᠨᠵᠢᠯᠡᠬᠦ ᠤᠬᠠᠭᠠᠨ ᠮᠡᠷᠭᠡᠵᠢᠯ ᠤᠨ ᠶᠡᠷᠦᠩᠬᠡᠶᠢᠯᠡᠭᠰᠡᠨ ᠲᠦᠪ᠃      ᠬᠠᠷᠢᠯᠴᠠᠬᠤ᠄ ᠬᠥᠬᠡᠬᠤᠲᠠ ᠶᠢᠨ ᠲᠣᠭᠲᠠᠬᠤ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ᠂ ᠰᠢᠶᠠᠨ ᠤ ᠠᠵᠢᠯᠴᠢᠨ ᠤ ᠶᠡᠷᠦᠩᠬᠡᠢ ᠡᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠬᠥᠬᠡᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠲᠣᠭᠲᠠᠬᠤ ᠰᠢᠶᠠᠨ ᠤ ᠪᠠᠶᠢᠴᠠᠭᠠᠬᠤ ᠠᠩᠭᠢ᠂ ᠡᠮᠡᠭᠲᠡᠶᠢᠴᠦᠳ ᠤᠨ  ᠬᠤᠯᠪᠤᠭ᠎ᠠ᠂ ᠥᠪᠥᠷ ᠮᠣᠩᠭᠤᠯ ᠤᠨ ᠲᠣᠭᠲᠠᠬᠤ ᠠᠵᠤ ᠠᠬᠤᠢ ᠶᠢᠨ ᠨᠡᠭᠡᠭᠡᠨ  ᠬᠦᠭᠵᠢᠭᠦᠯᠦᠯᠳᠡ ᠶᠢᠨ ᠲᠣᠭᠤᠷᠢᠭ ᠤᠨ ᠪᠡᠯᠡ ᠣᠷᠣᠭᠤᠯᠬᠤ ᠪᠦᠲᠦᠭᠡᠨ ᠪᠠᠶᠢᠭᠤᠯᠤᠯᠲᠠ ᠬᠥᠭᠵᠢᠭᠦᠯᠦᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ ᠶᠢᠨ ᠲᠣᠭᠲᠠᠬᠤ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠰᠢᠯᠵᠢᠮᠡᠯ ᠬᠤᠯᠪᠣᠭᠠᠨ ᠤ ᠲᠣᠭᠲᠠᠬᠤ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠲᠣᠭᠲᠠᠬᠤ ᠬᠤᠪᠢᠶᠠᠷᠢ ᠺᠣᠮᠫᠠᠨᠢ᠂ ᠲᠣᠭᠲᠠᠬᠤ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ᠃      ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃     ᠯᠢᠦ ᠺᠦᠢ᠄ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠶᠢ ᠬᠠᠮᠵᠢᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠤᠢ ᠰᠢᠭᠤᠢ ᠪᠠ ᠨᠤᠲᠤᠭ ᠪᠡᠯᠴᠢᠭᠡᠷ ᠂ ᠤᠰᠤᠨ ᠤ ᠶᠠᠪᠤᠳᠠᠯ᠂ ᠬᠠᠩᠭᠠᠨ ᠪᠣᠷᠣᠯᠠᠭᠤᠯᠬᠤ᠂ ᠰᠢᠶᠠᠨ ᠤ ᠵᠠᠰᠠᠭ ᠤᠨ ᠣᠷᠳᠣᠨ ᠤ  ᠪᠠᠶᠢᠭᠤᠯᠭ᠎ᠠ ᠶᠢᠨ ᠡᠳᠦᠷ ᠲᠤᠳᠤᠮ ᠤᠨ ᠠᠵᠢᠯ ᠢ ᠬᠠᠷᠢᠭᠤᠴᠠᠨ᠎ᠠ᠃      ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠠᠵᠢᠯ ᠢ ᠡᠷᠬᠢᠯᠡᠨ᠎ᠡ᠃    ᠬᠤᠪᠢᠳᠠᠨ ᠬᠠᠮᠢᠶᠠᠷᠬᠤ᠄ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ᠂ ᠲᠣᠭᠲᠠᠬᠤ ᠰᠢᠶᠠᠨ ᠤ ᠬᠠᠲᠤᠨ ᠭᠤᠣᠯ ᠤᠨ ᠤᠰᠤ ᠶᠢ ᠲᠠᠲᠠᠵᠤ ᠤᠰᠤᠯᠠᠬᠤ ᠬᠢᠵᠠᠭᠠᠷᠲᠤ ᠺᠣᠮᠫᠠᠨᠢ᠃      ᠬᠠᠷᠢᠯᠴᠠᠬᠤ᠄ ᠴᠠᠭ ᠠᠭᠤᠷ ᠤᠨ ᠲᠣᠪᠴᠢᠶ᠎ᠠ᠃      ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃      ᠠᠵᠢᠯ ᠤᠨ ᠵᠣᠯᠭᠠᠯᠳᠤᠯ ᠢ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠶᠢᠨ ᠲᠥᠯᠥᠭᠡ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠡᠰᠡᠭ ᠪᠦᠷᠢᠯᠳᠦᠭᠦᠨ᠂ ᠰᠢᠶᠠᠨ ᠤ ᠳᠡᠳ᠋ ᠳᠠᠷᠤᠭ᠎ᠠ ᠶᠢᠨ ᠬᠤᠭᠤᠷᠣᠨᠳᠤ ᠪᠠᠨ A᠂ B ᠠᠵᠢᠯ ᠤᠨ ᠪᠠᠶᠢᠷᠢ ᠶᠢᠨ ᠠᠵᠢᠯ ᠤᠨ ᠲᠣᠭᠲᠠᠴᠠ ᠶᠢ ᠬᠡᠷᠡᠭᠵᠢᠭᠦᠯᠦᠨ᠎ᠡ᠃ ᠵᠢᠶᠣᠣ ᠴᠢᠶᠠᠨ ᠨᠥᠬᠦᠷ᠂ ᠯᠢᠦ ᠰᠥᠩ ᠨᠠᠨ ᠨᠥᠬᠦᠷ ᠪᠣᠯ ᠬᠠᠷᠢᠯᠴᠠᠨ A᠂ B ᠠᠵᠢᠯ ᠤᠨ ᠪᠠᠶᠢᠷᠢ ᠪᠣᠯᠣᠨ᠎ᠠ︔ ᠰᠦᠨ ᠬᠠᠢ ᠱᠧᠩ ᠨᠥᠬᠦᠷ᠂ ᠵᠠᠩ ᠰᠢᠶᠣᠣ ᠳ᠋ᠦᠩ ᠨᠥᠬᠦᠷ ᠪᠣᠯ ᠬᠠᠷᠢᠯᠴᠠᠨ A᠂ B ᠠᠵᠢᠯ ᠤᠨ ᠪᠠᠶᠢᠷᠢ ᠪᠣᠯᠣᠨ᠎ᠠ︔ ᠶᠦᠨ ᠵᠢᠶᠠᠨ ᠵᠦᠩ ᠨᠥᠬᠦᠷ᠂ ᠰᠢᠶᠧ ᠴᠦᠨ ᠯᠦᠩ ᠨᠥᠬᠦᠷ ᠬᠠᠷᠢᠯᠴᠠᠨ A᠂ B ᠠᠵᠢᠯ ᠤᠨ ᠪᠠᠶᠢᠷᠢ ᠪᠤᠯᠤᠨ᠎ᠠ︔ ᠯᠢ ᠪᠸᠢ ᠨᠥᠬᠦᠷ᠂ ᠯᠢᠦ ᠺᠦᠢ ᠨᠥᠬᠦᠷ ᠪᠣᠯ ᠬᠠᠷᠢᠯᠴᠠᠨ A᠂ B ᠠᠵᠢᠯ ᠤᠨ ᠪᠠᠶᠢᠷᠢ ᠪᠤᠯᠤᠨ᠎ᠠ᠃ ᠬᠠᠷᠢᠯᠴᠠᠨ A᠂ B ᠠᠵᠢᠯ ᠤᠨ ᠪᠠᠶᠢᠷᠢ ᠶᠢᠨ ᠤᠳᠤᠷᠢᠳᠬᠤ ᠨᠥᠬᠦᠷ᠂ ᠨᠢᠭᠡ ᠨᠢ ᠭᠠᠳᠠᠭᠰᠢ ᠭᠠᠷᠤᠭᠰᠠᠨ ᠬᠤᠭᠤᠴᠠᠭᠠᠨ ᠳᠤ᠂ ᠨᠥᠭᠦᠭᠡ ᠨᠢ ᠵᠠᠰᠠᠭ ᠤᠨ ᠶᠠᠪᠤᠳᠠᠯ ᠤᠨ ᠠᠵᠢᠯᠯᠠᠭ᠎ᠠ ᠶᠢᠨ ᠡᠭᠦᠷᠭᠡ ᠬᠠᠷᠢᠭᠤᠴᠠᠯᠭ᠎ᠠ ᠶᠢ ᠣᠷᠣᠯᠠᠨ ᠭᠦᠢᠴᠡᠳᠬᠡᠨ᠎ᠡ᠃ ᠪᠠᠴᠢᠮ ᠪᠠᠶᠢᠳᠠᠯ ᠢ ᠠᠷᠭᠠᠴᠠᠬᠤ ᠪᠠᠶᠢᠳᠠᠯ ᠳᠣᠣᠷ᠎ᠠ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠭᠤᠣᠯ ᠤᠳᠤᠷᠢᠳᠬᠤ ᠨᠥᠬᠦᠳ ᠤᠨ ᠱᠠᠭᠠᠷᠳᠠᠯᠭ᠎ᠠ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1