ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠬᠢᠨ ᠬᠠᠷᠢᠶ᠎ᠠ ᠣᠷᠣᠨ ᠤ ᠲᠣᠮᠢᠯᠠᠭᠰᠠᠨ ᠰᠠᠯᠪᠤᠷᠢ ᠲᠠᠢ ᠬᠤᠯᠪᠤᠭᠠᠯᠠᠨ ᠬᠠᠷᠢᠶ᠎ᠠ ᠣᠷᠣᠨ ᠤ ᠬᠥᠳᠡᠭᠡ ᠲᠣᠰᠬᠤᠨ ᠳᠤ ︽ᠪᠣᠯᠪᠠᠰᠤᠨ ᠵᠠᠮ ᠬᠠᠷᠢᠯᠴᠠᠭ᠎ᠠ ᠶᠢ ᠭᠠᠷ ᠬᠤᠯᠪᠣᠨ ᠬᠠᠮᠲᠤᠪᠠᠷ  ᠴᠤᠭᠴᠠᠯᠠᠶ᠎ᠠ︾ ᠵᠠᠮ ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/12/24
      ᠡᠪᠦᠯ ᠤᠨ ᠤᠯᠠᠷᠢᠯ ᠤᠨ ᠬᠦᠢᠲᠡᠨ ᠴᠠᠭ ᠠᠭᠤᠷ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠰᠠᠶᠢᠲᠤᠷ ᠡᠷᠬᠢᠯᠡᠵᠦ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠦᠵᠡᠯ ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠠᠷᠢᠶ᠎ᠠ ᠣᠷᠣᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠶᠢ ᠨᠡᠮᠡᠭᠳᠡᠭᠦᠯᠦᠨ᠂ ᠬᠥᠳᠡᠭᠡ ᠲᠣᠰᠬᠤᠨ ᠤ ᠵᠠᠮ ᠬᠠᠷᠢᠯᠴᠠᠭᠠᠨ ᠤ ᠠᠳᠡᠯ ᠢ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠡᠷᠡᠰ ᠬᠡᠷᠡᠭᠵᠢᠭᠦᠯᠵᠦ᠂ ᠬᠥᠳᠡᠭᠡ ᠲᠣᠰᠬᠤᠨ ᠤ ᠭᠠᠵᠠᠷ ᠣᠷᠣᠨ ᠤ ᠵᠠᠮ ᠬᠠᠷᠢᠯᠴᠠᠭᠠᠨ ᠤ ᠠᠳᠡᠯ ᠭᠠᠷᠬᠤ ᠨᠤᠷᠮ᠎ᠠ ᠶᠢ ᠪᠦᠲᠦᠮᠵᠢᠲᠡᠶ ᠪᠠᠷ ᠪᠠᠭᠤᠷᠠᠭᠤᠯᠵᠤ᠂ ᠬᠥᠳᠡᠭᠡ ᠲᠣᠰᠬᠤᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠤᠯᠠᠮ ᠨᠢᠭᠡ ᠠᠯᠬᠤᠮ ᠪᠠᠬᠢᠵᠢᠭᠦᠯᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠳᠠᠯᠳᠠ ᠭᠡᠮ ᠤᠨ ᠠᠷᠢᠯᠭᠠᠬᠤ ᠶᠢᠨ ᠲᠦᠯᠦᠭᠡ᠂ ᠣᠶᠢᠷ᠎ᠠ ᠶᠢᠨ ᠡᠳᠦᠷ ᠤᠳ ᠲᠤ᠂ ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠬᠢᠨ ᠬᠠᠷᠢᠶ᠎ᠠ ᠣᠷᠣᠨ ᠤ ᠲᠣᠮᠢᠯᠠᠭᠰᠠᠨ ᠰᠠᠯᠪᠤᠷᠢ ᠲᠠᠢ ᠬᠤᠯᠪᠤᠭᠠᠯᠠᠨ ᠬᠠᠷᠢᠶ᠎ᠠ ᠣᠷᠣᠨ ᠤ ᠬᠥᠳᠡᠭᠡ ᠲᠣᠰᠬᠤᠨ ᠳᠤ ︽ᠪᠣᠯᠪᠠᠰᠤᠨ ᠵᠠᠮ ᠬᠠᠷᠢᠯᠴᠠᠭ᠎ᠠ ᠶᠢ ᠭᠠᠷ ᠬᠤᠯᠪᠣᠨ ᠬᠠᠮᠲᠤᠪᠠᠷ ᠴᠤᠭᠴᠠᠯᠠᠶ᠎ᠠ︾ ᠵᠠᠮ ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠮᠤᠷ ᠲᠦᠪᠰᠢᠨ ᠢᠶᠠᠷ ᠶᠠᠪᠤᠵᠤ ᠰᠠᠭᠤᠬᠤ ᠣᠶᠢᠯᠠᠭᠠᠭᠳᠠᠬᠤᠨ ᠢ ᠬᠥᠮᠥᠰ ᠤᠨ ᠰᠡᠳᠬᠢᠯ ᠳᠤ ᠬᠠᠳᠠᠩᠰᠢᠭᠤᠯᠵᠤ᠂ ᠪᠣᠯᠪᠠᠰᠤᠨ ᠵᠠᠮ ᠬᠠᠷᠢᠯᠴᠠᠭᠠᠨ ᠤ ᠰᠤᠷᠲᠠᠯ ᠢ  ᠦᠷᠭᠡᠨ ᠢᠶᠠᠷ ᠤᠬᠠᠭᠠᠭᠤᠯᠵᠠᠢ᠃     ᠠᠵᠢᠯᠯᠠᠭ᠎ᠠ ᠶᠢᠨ ᠳᠤᠮᠳᠠ᠂ ᠠᠷᠠᠳ ᠤᠨ ᠲᠤᠰᠠᠯᠠᠬᠤ ᠴᠠᠭᠳᠠᠭ᠎ᠠ ᠶᠢᠨ ᠬᠢᠨ ᠬᠥᠳᠡᠭᠡ ᠲᠣᠰᠬᠤᠨ ᠤ ᠭᠠᠵᠠᠷ ᠣᠷᠣᠨ ᠤ ᠴᠠᠬᠢᠯᠭᠠᠨ ᠬᠥᠳᠡᠯᠭᠡᠭᠦᠷᠲᠦ ᠲᠡᠷᠭᠡ ᠤᠨᠤᠬᠤ ᠦᠵᠡᠭᠳᠡᠯ ᠨᠡᠯᠢᠶᠡᠳ ᠣᠯᠠᠨ᠂ ᠲᠠᠷᠢᠶᠠᠴᠢᠨ ᠲᠦᠮᠡᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠮᠰᠠᠷ ᠪᠠᠭᠤᠷᠠᠢ ᠪᠠᠶᠢᠬᠤ ᠣᠨᠴᠠᠯᠢᠭ ᠲᠤ ᠴᠢᠭᠯᠡᠭᠦᠯᠦᠨ᠂ ᠬᠥᠳᠡᠭᠡ ᠲᠣᠰᠬᠤᠨ ᠳᠤ ᠭᠦᠨᠵᠡᠭᠡᠶᠢᠷᠡᠨ ᠤᠬᠠᠭᠤᠯᠭ᠎ᠠ ᠬᠢᠵᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠤᠬᠠᠭᠤᠯᠭ᠎ᠠ ᠶᠢᠨ ᠵᠠᠷ ᠨᠠᠭᠠᠬᠤ᠂ ᠨᠢᠭᠡ ᠨᠢᠭᠡ ᠪᠠᠷ ᠲᠠᠶᠢᠯᠪᠤᠷᠢᠯᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠳᠥᠭᠦᠮ ᠣᠶᠢᠯᠠᠭᠠᠮᠵᠢᠲᠠᠢ ᠦᠭᠡ ᠬᠡᠯᠡ ᠪᠠᠷ ᠲᠣᠰᠬᠤᠨ ᠤ ᠠᠷᠠᠳ ᠲᠤ ᠡᠪᠦᠯ ᠤᠨ ᠤᠯᠠᠷᠢᠯ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠶᠢ ᠲᠠᠶᠢᠯᠪᠤᠷᠢᠯᠠᠨ ᠥᠭᠴᠦ᠂ ᠭᠠᠴᠠᠭᠠᠨ ᠤ ᠠᠷᠠᠳ ᠢ ᠬᠡᠷᠬᠢᠨ ᠠᠮᠤᠷ ᠲᠦᠪᠰᠢᠨ ᠢᠶᠠᠷ ᠲᠡᠷᠭᠡ ᠵᠢᠯᠤᠭᠤᠳᠬᠤ᠂ ᠠᠮᠤᠷ ᠲᠦᠪᠰᠢᠨ ᠢᠶᠠᠷ ᠲᠡᠷᠭᠡᠨ ᠳᠤ ᠰᠠᠭᠤᠬᠤ᠂ ᠬᠡᠷᠬᠢᠨ ᠠᠮᠤᠷ ᠲᠦᠪᠰᠢᠨ ᠢᠶᠠᠷ ᠤᠯᠤᠰ ᠪᠠ ᠮᠤᠵᠢ ᠶᠢᠨ ᠵᠠᠮ ᠢᠶᠠᠷ ᠲᠡᠷᠭᠡ ᠵᠢᠯᠤᠭᠤᠳᠬᠤ ᠶᠢ ᠵᠢᠭᠠᠨ ᠵᠢᠯᠤᠭᠤᠳᠴᠤ᠂ ᠭᠠᠴᠠᠭᠠᠨ ᠤ ᠠᠷᠠᠳ ᠢ ᠬᠥᠲᠥᠯᠥᠨ ᠵᠢᠯᠤᠭᠤᠳᠴᠤ ᠪᠠᠶᠢᠭᠠᠳ ᠵᠠᠮ ᠬᠠᠷᠢᠯᠴᠠᠭᠠᠨ ᠤ ᠠᠮᠤᠷ ᠲᠦᠪᠰᠢᠨ ᠤ ᠲᠤᠬᠠᠢ ᠵᠥᠪ ᠦᠵᠡᠯᠲᠡ ᠲᠠᠢ ᠪᠣᠯᠭᠠᠵᠤ᠂ ᠵᠠᠮ ᠬᠠᠷᠢᠯᠴᠠᠭᠠᠨ ᠤ ᠳᠦᠷᠢᠮ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ᠵᠠᠮ ᠬᠠᠷᠢᠯᠴᠠᠭᠠᠨ ᠤ ᠮᠠᠭᠤ ᠳᠠᠳᠬᠠᠯ ᠢ ᠲᠠᠶᠠᠭᠳᠠᠭᠤᠯᠤᠨ᠂ ᠠᠷᠢᠬᠢ ᠤᠤᠭᠤᠭᠰᠠᠨ ᠤ ᠳᠠᠷᠠᠭ᠎ᠠ ᠲᠡᠷᠭᠡ ᠵᠢᠯᠤᠭᠤᠳᠬᠤ᠂ ᠬᠠᠤᠯᠢ ᠪᠤᠰᠤ ᠲᠠᠷᠢᠶᠠᠯᠠᠩ ᠳᠤ ᠬᠡᠷᠡᠭᠯᠡᠬᠦ ᠲᠡᠷᠭᠡ ᠪᠠ  ᠬᠠᠤᠯᠢ ᠪᠤᠰᠤ ᠲᠡᠭᠡᠭᠡᠪᠦᠷᠢ ᠶᠢᠨ ᠲᠡᠷᠭᠡᠨ ᠳᠤ ᠰᠠᠭᠤᠬᠤ ᠠᠴᠠ ᠵᠠᠶᠢᠯᠠᠭᠤᠯᠵᠤ᠂ ᠡᠭᠦᠨ ᠤ ᠤᠯᠠᠮ ᠠᠴᠠ ᠵᠠᠮ ᠬᠠᠷᠢᠯᠴᠠᠭᠠᠨ ᠤ ᠭᠡᠨᠡᠳᠡᠯ ᠤᠨ ᠲᠦᠭᠰᠢᠭᠦᠷᠢ ᠠᠴᠠ ᠵᠠᠶᠢᠯᠠᠭᠤᠯᠤᠨ᠎ᠠ᠃ ᠡᠭᠦᠨ ᠠᠴᠠ ᠭᠠᠳᠠᠨ᠎ᠠ᠂ ᠠᠷᠠᠳ ᠤᠨ ᠲᠤᠰᠠᠯᠠᠬᠤ ᠴᠠᠭᠳᠠᠭ᠎ᠠ ᠶᠢᠨ ᠬᠢᠨ ᠪᠠᠰᠠ ᠭᠠᠴᠠᠭᠠᠨ ᠤ ᠠᠷᠠᠳ ᠲᠤ ᠶᠡᠭᠡ ᠴᠠᠰᠤ ᠪᠣᠯᠣᠨ ᠶᠡᠭᠡ ᠰᠠᠯᠬᠢ ᠵᠡᠷᠭᠡ ᠣᠨᠴᠠᠭᠠᠶ ᠠᠭᠤᠷ ᠠᠮᠢᠰᠬᠤᠯ ᠳᠤ ᠤᠴᠠᠷᠠᠬᠤ ᠦᠶ᠎ᠡ ᠳᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠠᠶᠤᠯ ᠲᠦᠭᠰᠢᠭᠦᠷᠢ ᠨᠡᠮᠡᠭᠳᠡᠭᠰᠡᠨ ᠠᠴᠠ ᠪᠣᠯᠵᠤ᠂ ᠠᠯᠢ ᠴᠢᠳᠠᠬᠤ ᠪᠠᠷ ᠲᠡᠷᠭᠡ ᠵᠢᠯᠤᠭᠤᠳᠴᠤ ᠭᠠᠳᠠᠭᠰᠢ ᠭᠠᠷᠬᠤ ᠶᠢ ᠪᠠᠭᠠᠰᠬᠠᠵᠤ᠂ ᠡᠷᠬᠡᠪᠰᠢ ᠭᠠᠳᠠᠭᠰᠢ ᠭᠠᠷᠬᠤ ᠳᠤ ᠭᠦᠷᠪᠡᠯ ᠪᠣᠯᠭᠤᠮᠵᠢᠲᠠᠢ ᠵᠢᠯᠤᠭᠤᠳᠴᠤ᠂ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠰᠠᠨᠠᠭᠤᠯᠵᠤ ᠪᠠᠶᠢᠨ᠎ᠠ᠃     ᠡᠭᠦᠨ ᠤ ᠬᠠᠮᠲᠤ᠂ ᠬᠤᠲᠠ ᠬᠥᠳᠡᠭᠡ ᠶᠢᠨ ᠭᠤᠷᠪᠠᠨ ᠬᠦᠷᠳᠦᠲᠦ ᠴᠠᠬᠢᠯᠭᠠᠨ ᠬᠥᠳᠡᠯᠭᠡᠭᠦᠷᠲᠦ ᠮᠣᠲ᠋ᠣᠷ ᠲᠡᠷᠭᠡ ᠶᠢᠨ ᠰᠥᠨᠢ ᠪᠠᠷ ᠶᠠᠪᠤᠬᠤ ᠠᠮᠤᠷ ᠲᠦᠪᠰᠢᠨ ᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ ᠠᠷᠠᠳ ᠤᠨ ᠴᠠᠭᠳᠠᠭ᠎ᠠ ᠲᠤᠬᠠᠢ ᠶᠢᠨ ᠲᠠᠯᠠᠪᠤᠷ ᠲᠤ ᠮᠠᠰᠢᠨ ᠲᠡᠷᠭᠡᠨ ᠳᠤ ᠬᠡᠷᠡᠯ ᠣᠶᠢᠯᠲᠠ ᠶᠢᠨ ᠲᠡᠮᠳᠡᠭ ᠨᠠᠭᠠᠵᠤ᠂ ᠮᠠᠰᠢᠨ ᠲᠡᠷᠭᠡᠨ ᠤ ᠰᠥᠨᠢ ᠶᠢᠨ ᠢᠯᠭᠠᠨ ᠲᠠᠨᠢᠬᠤ ᠬᠡᠮᠵᠢᠶ᠎ᠡ ᠶᠢ ᠨᠡᠮᠡᠭᠳᠡᠭᠦᠯᠦᠨ᠂ ᠲᠣᠰᠬᠤᠨ ᠤ ᠠᠷᠠᠳ ᠤᠨ ᠰᠥᠨᠢ ᠪᠠᠷ ᠶᠠᠪᠤᠵᠤ ᠰᠠᠭᠤᠬᠤ ᠶᠢᠨ ᠠᠮᠤᠷ ᠲᠦᠪᠰᠢᠨ ᠳᠤ ᠪᠠᠲᠤᠯᠠᠭ᠎ᠠ ᠬᠠᠩᠭᠠᠵᠤ ᠪᠠᠶᠢᠨ᠎ᠠ᠃      ᠵᠠᠮ ᠬᠠᠷᠢᠯᠴᠠᠭᠠᠨ ᠤ ᠠᠮᠤᠷ ᠲᠦᠪᠰᠢᠨ ᠨᠢ ᠲᠦᠭ ᠲᠦᠮᠡᠨ ᠠᠶᠢᠯ ᠡᠷᠦᠬᠡ ᠶᠢᠨ ᠵᠣᠯ ᠵᠢᠷᠭᠠᠯ ᠲᠠᠢ ᠬᠤᠯᠪᠣᠭᠳᠠᠨ᠎ᠠ᠃ ᠲᠤᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠬᠥᠳᠡᠭᠡ ᠲᠣᠰᠬᠤᠨ ᠤ ᠣᠯᠠᠨ ᠲᠦᠮᠡᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠴᠠᠭᠳᠠᠭ᠎ᠠ ᠠᠷᠠᠳ ᠤᠨ ᠬᠤᠭᠤᠷᠣᠨᠳᠣᠬᠢ ᠵᠠᠢ ᠶᠢ ᠣᠶᠢᠷᠠᠲᠤᠭᠤᠯᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠥᠷᠭᠡᠨ ᠣᠯᠠᠨ ᠬᠥᠳᠡᠭᠡ ᠲᠣᠰᠬᠤᠨ ᠤ ᠣᠯᠠᠨ ᠲᠦᠮᠡᠨ ᠳᠤ ᠵᠠᠮ ᠬᠠᠷᠢᠯᠴᠠᠭᠠᠨ ᠤ ᠠᠳᠡᠯ ᠢ ᠤᠷᠢᠳᠴᠢᠯᠠᠨ ᠰᠡᠷᠭᠡᠶᠢᠯᠡᠬᠦ ᠠᠵᠢᠯ ᠤᠨ ᠴᠢᠬᠤᠯᠠ ᠴᠢᠨᠠᠷ ᠪᠠ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢᠨ ᠬᠤᠣᠷ ᠬᠥᠨᠥᠭᠡᠯᠳᠦ ᠴᠢᠨᠠᠷ ᠢ ᠭᠦᠢᠴᠡᠳ ᠲᠠᠨᠢᠭᠤᠯᠵᠤ᠂ ᠬᠥᠳᠡᠭᠡ ᠲᠣᠰᠬᠤᠨ ᠤ ᠣᠯᠠᠨ ᠲᠦᠮᠡᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠮᠰᠠᠷ ᠢ ᠦᠨᠡᠨ ᠬᠦ ᠳᠡᠭᠡᠭᠰᠢᠯᠡᠭᠦᠯᠦᠨ᠂ ᠪᠣᠯᠪᠠᠰᠤᠨ ᠵᠠᠮ ᠬᠠᠷᠢᠯᠴᠠᠭᠠᠨ ᠤ ᠣᠶᠢᠯᠠᠭᠠᠭᠳᠠᠬᠤᠨ ᠢ ᠬᠥᠮᠥᠰ ᠤᠨ ᠰᠡᠳᠬᠢᠯ ᠳᠤ ᠨᠠᠩ ᠢᠯᠡᠭᠦᠦ ᠬᠠᠳᠠᠩᠰᠢᠭᠤᠯᠵᠤ᠂ ᠡᠪᠦᠯ ᠤᠨ ᠤᠯᠠᠷᠢᠯ ᠤᠨ ᠠᠶᠠᠯᠠᠯ ᠤᠨ ᠠᠮᠤᠷ ᠲᠦᠪᠰᠢᠨ ᠢ ᠬᠠᠮᠲᠤ ᠪᠠᠷ ᠬᠠᠮᠠᠭᠠᠯᠠᠪᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1