ᠲᠣᠭᠲᠠᠬᠤ ᠰᠢᠶᠠᠨ᠄ ᠪᠣᠬᠢᠷᠲᠤᠯ ᠦᠭᠡᠢ ᠡᠨᠧᠷᠭᠢ ᠪᠠᠷ ᠬᠥᠳᠡᠯᠭᠡᠭᠦᠷ ᠪᠣᠯᠭᠠᠵᠤ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠡᠯᠪᠡᠷᠢ ᠬᠤᠪᠢᠷᠠᠭᠤᠯᠬᠤ ᠶᠢ ᠲᠦᠷᠭᠡᠳᠭᠡᠵᠦ ᠪᠠᠶᠢᠨ᠎ᠠ
ᠨᠡᠶᠢᠲᠡᠯᠡᠭᠰᠡᠨ ᠴᠠᠭ᠄
2024/12/24
      ᠣᠶᠢᠷ᠎ᠠ ᠶᠢᠨ ᠵᠢᠯ ᠠᠴᠠ᠂ ᠲᠣᠭᠲᠠᠬᠤ ᠰᠢᠶᠠᠨ ᠳᠡᠭᠡᠳᠦ ᠲᠡᠰ ᠤᠨ᠂ ᠣᠶᠤᠨᠴᠢᠯᠠᠭᠰᠠᠨ᠂ ᠪᠣᠬᠢᠷᠲᠤᠯ ᠦᠭᠡᠢ ᠬᠥᠭᠵᠢᠯᠲᠡ ᠶᠢᠨ ᠴᠢᠭᠯᠡᠯ ᠢ ᠪᠠᠷᠢᠮᠲᠠᠯᠠᠵᠤ᠂ ᠮᠢᠩᠭᠠᠨ ᠳ᠋ᠦᠩᠰᠢᠭᠤᠷ ᠤᠨ ᠲᠡᠰ ᠤᠨ ᠬᠦᠷᠢᠶᠡᠯᠡᠩ ᠲᠣᠭᠤᠷᠢᠭ ᠢ ᠪᠦᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠵᠠᠢ᠃ ᠪᠣᠬᠢᠷᠲᠤᠯ ᠦᠭᠡᠢ ᠡᠨᠧᠷᠭᠢ ᠶᠢᠨ ᠬᠡᠷᠡᠭᠯᠡᠭᠡ ᠶᠢ ᠢᠳᠡᠪᠬᠢᠲᠡᠢ ᠳᠡᠯᠭᠡᠷᠡᠭᠦᠯᠬᠦ ᠪᠠᠷ ᠳᠠᠮᠵᠢᠭᠤᠯᠵᠤ᠂ ᠲᠣᠭᠲᠠᠬᠤ ᠰᠢᠶᠠᠨ ᠠᠵᠤ ᠠᠬᠤᠢ ᠪᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠱᠠᠲᠤᠨ ᠳᠤ ᠣᠷᠣᠭᠤᠯᠬᠤ ᠪᠠᠷ ᠬᠥᠲᠥᠯᠥᠨ ᠳᠠᠭᠠᠭᠤᠯᠵᠤ ᠪᠠᠶᠢᠨ᠎ᠠ᠃ ᠡᠨᠡᠬᠦ ᠬᠡᠯᠪᠡᠷᠢ ᠶᠢᠨ ᠬᠤᠪᠢᠷᠠᠯᠲᠠ ᠨᠢ ᠡᠨᠧᠷᠭᠢ  ᠶᠢᠨ ᠪᠦᠲᠦᠴᠡ ᠶᠢ ᠰᠢᠯᠢᠳᠡᠭᠵᠢᠭᠦᠯᠦᠭᠰᠡᠨ ᠢᠶᠠᠷ ᠪᠠᠷᠠᠬᠤ ᠦᠭᠡᠢ᠂ ᠨᠡᠩ ᠴᠤ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠣᠶᠢᠵᠢᠭᠤᠯᠤᠨ ᠬᠥᠭᠵᠢᠭᠦᠯᠬᠦ ᠳᠤ ᠪᠠᠲᠤ ᠪᠠᠬᠢ ᠲᠦᠰᠢᠭ ᠲᠤᠯᠭᠠᠭᠤᠷᠢ ᠬᠠᠩᠭᠠᠭᠰᠠᠨ ᠪᠠᠶᠢᠨ᠎ᠠ᠃      ᠲᠣᠭᠲᠠᠬᠤ ᠰᠢᠶᠠᠨ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠠᠰᠢᠭᠯᠠᠵᠤ᠂ ᠪᠣᠬᠢᠷᠲᠤᠯ ᠦᠭᠡᠢ ᠡᠨᠧᠷᠭᠢ ᠶᠢᠨ ᠠᠵᠤ ᠦᠢᠯᠡᠰ ᠢ ᠢᠳᠡᠪᠬᠢᠲᠡᠢ ᠪᠠᠶᠢᠷᠢᠰᠢᠭᠤᠯᠵᠠᠢ᠃ ᠠᠷᠢᠭᠤᠨ ᠴᠡᠪᠡᠷ ᠡᠨᠧᠷᠭᠢ ᠶᠢᠨ ᠬᠦᠷᠢᠶᠡᠨ ᠳᠤ᠂ ᠤᠯᠤᠰ ᠤᠨ ᠳᠣᠲᠣᠭᠠᠳᠤ ᠶᠢᠨ ᠴᠢᠬᠤᠯᠠ ᠪᠣᠬᠢᠷᠲᠤᠯ ᠦᠭᠡᠢ ᠠᠷᠢᠭᠤᠨ ᠴᠡᠪᠡᠷ ᠡᠨᠧᠷᠭᠢ ᠶᠢ ᠰᠢᠩᠭᠡᠬᠡᠨ ᠠᠪᠬᠤ ᠰᠠᠭᠤᠷᠢᠨ ᠭᠠᠵᠠᠷ᠂ ᠤᠰᠤᠲᠥ᠋ᠷᠥᠭᠴᠢ ᠬᠠᠳᠠᠭᠠᠯᠠᠬᠤ ᠣᠯᠠᠨ ᠡᠨᠧᠷᠭᠢ ᠶᠢ ᠬᠠᠷᠢᠯᠴᠠᠨ ᠨᠥᠬᠦᠪᠦᠷᠢᠯᠡᠬᠦ ᠰᠠᠭᠤᠷᠢᠨ ᠭᠠᠵᠠᠷ᠂ ᠬᠥᠬᠡᠬᠤᠲᠠ ᠶᠢᠨ ᠡᠨᠧᠷᠭᠢ ᠶᠢᠨ ᠰᠠᠭᠤᠷᠢ ᠶᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠨᠢᠭᠡ ᠪᠦᠯᠦᠭ ᠪᠣᠬᠢᠷᠲᠤᠯ ᠦᠭᠡᠢ ᠡᠨᠧᠷᠭᠢ ᠶᠢᠨ ᠲᠥᠷᠥᠯ ᠵᠦᠢᠯ ᠢ ᠪᠣᠳᠠᠲᠠᠶᠢᠵᠢᠭᠤᠯᠤᠨ ᠬᠡᠷᠡᠭᠵᠢᠭᠦᠯᠬᠦ ᠶᠢ ᠠᠬᠢᠭᠤᠯᠪᠠ᠃ ᠡᠲᠡᠭᠡᠷ ᠲᠥᠷᠥᠯ ᠵᠦᠢᠯ ᠨᠢ ᠲᠤᠬᠠᠢ ᠶᠢᠨ ᠭᠠᠵᠠᠷ ᠤᠨ ᠡᠨᠧᠷᠭᠢ ᠶᠢᠨ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠢᠯᠡᠳᠲᠡ ᠪᠠᠭᠤᠷᠠᠭᠤᠯᠵᠤ᠂ ᠲᠣᠭᠲᠠᠬᠤ ᠰᠢᠶᠠᠨ ᠴᠢᠨᠠᠭᠰᠢᠯᠠᠪᠠᠯ ᠪᠦᠬᠦ᠋ᠢᠯᠡ ᠣᠷᠣᠨ ᠪᠦᠰᠡ ᠶᠢᠨ ᠦᠷᠭᠦᠯᠵᠢᠯᠡᠬᠦ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃      ᠲᠣᠭᠲᠠᠬᠤ ᠰᠢᠶᠠᠨ ᠤ ᠲᠠᠪᠢᠨ ᠭᠡᠷ ᠪᠠᠯᠭᠠᠰᠤᠨ ᠳᠤ ᠪᠠᠶᠢᠭ᠎ᠠ ᠥᠪᠥᠷ ᠮᠣᠩᠭᠤᠯ ᠤᠨ ᠳ᠋ᠠ ᠲᠠᠩ ᠤᠯᠠᠨ ᠤᠯᠤᠰ ᠤᠨ ᠬᠥᠬᠡᠬᠤᠲᠠ ᠶᠢᠨ ᠬᠥᠩᠭᠡᠨ ᠴᠠᠭᠠᠨ ᠤ ᠴᠠᠬᠢᠯᠭᠠᠨ ᠤ ᠬᠢᠵᠠᠭᠠᠷᠲᠤ ᠺᠣᠮᠫᠠᠨᠢ ᠶᠢᠨ ᠰᠢᠲᠠᠭᠠᠯᠭ᠎ᠠ ᠶᠢᠨ ᠨᠡᠭᠦᠷᠡᠰᠦ ᠶᠢᠨ ᠥᠪᠡᠷᠲᠡᠭᠡᠨ ᠪᠡᠯᠡᠳᠬᠡᠭᠰᠡᠨ ᠴᠠᠬᠢᠯᠭᠠᠨ ᠤ ᠦᠢᠯᠡᠳᠪᠦᠷᠢ ᠶᠢᠨ ᠲᠠᠬᠢᠨ ᠡᠭᠦᠰᠴᠦ ᠪᠣᠯᠬᠤ ᠡᠨᠧᠷᠭᠢ ᠶᠢᠨ ᠣᠷᠣᠯᠠᠬᠤ ᠢᠨᠵᠧᠨᠧᠷᠢᠩ ᠤᠨ ᠲᠦᠷᠦᠯ ᠵᠦᠢᠯ 2024 ᠣᠨ ᠤ 5 ᠳ᠋ᠤᠭᠠᠷ ᠰᠠᠷ᠎ᠠ ᠳᠤ ᠠᠵᠢᠯ ᠡᠬᠢᠯᠡᠭᠰᠡᠨ ᠠᠴᠠ ᠨᠠᠰᠢ ᠮᠠᠰᠢ ᠲᠦᠷᠭᠡᠨ ᠠᠬᠢᠴᠠ ᠲᠠᠢ ᠪᠣᠯᠵᠠᠢ᠃ 12 ᠳ᠋ᠤᠭᠠᠷ ᠰᠠᠷ᠎ᠠ ᠶᠢᠨ 19 ᠤ ᠡᠳᠦᠷ ᠪᠣᠯᠲᠠᠯ᠎ᠠ᠂ ᠰᠤᠷᠪᠤᠯᠵᠢᠯᠠᠭᠴᠢ ᠲᠥᠷᠥᠯ ᠵᠦᠢᠯ ᠤᠨ ᠲᠤᠬᠠᠢ ᠶᠢᠨ ᠲᠠᠯᠠᠪᠤᠷ ᠠᠴᠠ ᠣᠶᠢᠯᠠᠭᠠᠭᠰᠠᠨ ᠨᠢ᠂ ᠲᠥᠷᠥᠯ ᠵᠦᠢᠯ ᠨᠢᠭᠡᠨᠲᠡ ᠰᠡᠭᠦᠯ ᠬᠤᠷᠢᠶᠠᠬᠤ ᠱᠠᠲᠤᠨ ᠳᠤ ᠣᠷᠣᠭᠰᠠᠨ ᠪᠠᠶᠢᠨ᠎ᠠ᠃      ᠥᠪᠥᠷ ᠮᠣᠩᠭᠤᠯ ᠤᠨ ᠳ᠋ᠠ ᠲᠠᠩ ᠣᠯᠠᠨ ᠤᠯᠤᠰ ᠤᠨ ᠬᠥᠬᠡᠬᠤᠲᠠ ᠶᠢᠨ ᠬᠥᠩᠭᠡᠨ ᠴᠠᠭᠠᠨ ᠴᠠᠬᠢᠯᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠰᠢᠨ᠎ᠡ ᠡᠨᠧᠷᠭᠢ ᠶᠢᠨ ᠢᠨᠵᠧᠨᠧᠷᠢᠩ ᠤᠨ ᠳᠤᠭᠤᠶᠢᠯᠠᠩ ᠤᠨ ᠡᠷᠬᠢᠯᠡᠭᠴᠢ ᠶᠢᠨ ᠲᠤᠰᠠᠯᠠᠭᠴᠢ ᠯᠠᠨ ᠼᠦᠨ ᠯᠦᠩ ᠰᠤᠷᠪᠤᠯᠵᠢᠯᠠᠭᠴᠢ ᠳᠤ ᠬᠡᠯᠡᠬᠦ ᠳᠡᠭᠡᠨ᠄ ︽ᠬᠡᠷᠡᠯ ᠴᠡᠨᠡᠭ ᠤᠨ ᠲᠠᠯᠠᠪᠠᠶ ᠲᠣᠭᠤᠷᠢᠭ ᠤᠨ ᠲᠤᠯᠭᠠᠭᠤᠷᠢ ᠶᠢᠨ ᠤᠭᠰᠠᠷᠠᠯᠲᠠ ᠶᠢᠨ 96% ᠶᠢ ᠨᠢᠭᠡᠨᠲᠡ ᠪᠡᠶᠡᠯᠡᠭᠦᠯᠵᠦ᠂ ᠲᠣᠨᠣᠭᠯᠠᠭᠠᠰᠤ ᠶᠢᠨ ᠤᠭᠰᠠᠷᠠᠯᠲᠠ ᠶᠢᠨ 94% ᠶᠢ ᠪᠡᠶᠡᠯᠡᠭᠦᠯᠵᠦ᠂ ᠴᠠᠬᠢᠯᠭᠠᠨ ᠲᠠᠲᠠᠯᠭ᠎ᠠ ᠶᠢᠨ ᠤᠭᠰᠠᠷᠠᠯᠲᠠ ᠶᠢᠨ ᠨᠡᠶᠢᠲᠡ 93% ᠶᠢ ᠪᠡᠶᠡᠯᠡᠭᠦᠯᠪᠡ᠃ ᠡᠭᠦᠨ ᠤ ᠵᠡᠷᠭᠡ ᠳᠤ᠂ ᠰᠢᠨ᠎ᠡ ᠪᠠᠷ ᠪᠠᠶᠢᠭᠤᠯᠬᠤ 220kV ᠶᠢᠨ ᠳᠠᠷᠤᠯᠲᠠ ᠳᠡᠭᠡᠭᠰᠢᠯᠡᠭᠦᠯᠬᠦ ᠥᠷᠲᠡᠭᠡ ᠨᠢ ᠨᠢᠭᠡᠨᠲᠡ ᠰᠢᠷᠣᠢ ᠮᠤᠳᠤᠨ ᠪᠠᠷᠢᠯᠭ᠎ᠠ ᠪᠠ ᠤᠭᠰᠠᠷᠠᠬᠤ ᠢᠨᠵᠧᠨᠧᠷᠢᠩ ᠢ ᠪᠦᠬᠦᠨ ᠢ ᠪᠡᠶᠡᠯᠡᠭᠦᠯᠵᠦ᠂ ᠲᠣᠨᠤᠭ ᠲᠥᠬᠦᠭᠡᠷᠦᠮᠵᠢ ᠶᠢᠨ ᠲᠠᠩ ᠴᠣᠭᠴᠠ ᠶᠢᠨ ᠲᠤᠷᠰᠢᠯᠲᠠ᠂ ᠲᠤᠷᠰᠢᠨ ᠲᠣᠬᠢᠷᠠᠭᠤᠯᠬᠤ ᠠᠵᠢᠯ ᠴᠤ ᠲᠡᠭᠦᠰ ᠠᠮᠵᠢᠯᠲᠠ ᠲᠠᠢ ᠳᠠᠭᠤᠰᠴᠤ᠂ 220kV ᠬᠦᠴᠦᠳᠡᠯ ᠦᠭᠡᠷᠡᠴᠢᠯᠡᠬᠦ ᠢᠨᠵᠧᠨᠧᠷᠢᠩ ᠨᠢᠭᠡᠨᠲᠡ ᠪᠥᠬᠦ ᠱᠤᠭᠤᠮ ᠢᠶᠠᠷ ᠨᠡᠪᠲᠡᠷᠡᠪᠡ᠃ ᠣᠳᠣᠬᠠᠨ ᠳᠤ᠂ ᠲᠣᠰ ᠲᠥᠷᠥᠯ ᠵᠦᠢᠯ ᠨᠢᠭᠡᠨᠲᠡ ᠡᠴᠦᠰ ᠤᠨ ᠰᠢᠪᠲᠤᠯᠤᠯᠲᠠ ᠶᠢᠨ ᠱᠠᠲᠤᠨ ᠳᠤ ᠣᠷᠣᠵᠤ᠂ 2024 ᠣᠨ ᠤ ᠵᠢᠯ ᠤᠨ ᠡᠴᠦᠰ ᠲᠤ ᠲᠥᠷᠥᠯ ᠵᠦᠢᠯ ᠤᠨ ᠴᠠᠬᠢᠯᠭᠠᠨ ᠬᠦᠴᠦᠳᠡᠯ ᠵᠢᠴᠢ ᠬᠡᠷᠡᠯ ᠴᠡᠨᠡᠭ ᠤᠨ ᠲᠠᠯᠠᠪᠠᠶ ᠶᠢᠨ ᠪᠥᠬᠦ ᠪᠠᠭᠲᠠᠭᠠᠮᠵᠢ ᠶᠢ ᠴᠠᠬᠢᠯᠭᠠᠨ ᠲᠣᠣᠷ ᠲᠤ ᠨᠡᠶᠢᠯᠡᠭᠦᠯᠦᠨ ᠠᠰᠢᠭᠯᠠᠯᠲᠠ ᠳᠤ ᠣᠷᠣᠭᠤᠯᠬᠤ ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠃ ᠲᠣᠰ ᠲᠥᠷᠥᠯ ᠵᠦᠢᠯ ᠳᠤ ᠭᠤᠣᠯᠳᠠᠭᠤ ᠬᠤᠵᠢᠷᠯᠢᠭ ᠭᠠᠵᠠᠷ ᠂ ᠠᠲᠠᠷ ᠭᠠᠵᠠᠷ ᠢ ᠠᠰᠢᠭᠯᠠᠨ ᠭᠠᠵᠠᠷ ᠳᠡᠭᠡᠷᠡᠬᠢ ᠬᠡᠷᠡᠯ ᠴᠡᠨᠡᠭ ᠤᠨ ᠪᠦᠲᠦᠭᠡᠨ ᠪᠠᠶᠢᠭᠤᠯᠤᠯᠲᠠ ᠬᠢᠵᠦ᠂ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 15 ᠳ᠋ᠦᠩᠰᠢᠭᠤᠷ ᠲᠥᠭᠦᠷᠢᠭ ᠲᠤ ᠬᠦᠷᠴᠡᠢ᠃ ᠠᠰᠢᠭᠯᠠᠯᠲᠠ ᠳᠤ ᠣᠷᠣᠭᠰᠠᠨ ᠤ ᠲᠠᠷᠠᠭ᠎ᠠ᠂ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ 6.96 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠵᠢᠯ ᠪᠦᠷᠢ ᠪᠠᠷᠢᠮᠵᠢᠶᠠᠲᠤ ᠨᠡᠭᠦᠷᠡᠰᠦ ᠶᠢ ᠪᠠᠷᠤᠭ 17 ᠲᠦᠮᠡᠨ ᠲᠣᠨ ᠠᠷᠪᠢᠯᠠᠵᠤ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ ᠶᠢ 47 ᠲᠦᠮᠡᠨ ᠲᠣᠨ ᠪᠠᠭᠠᠰᠬᠠᠬᠤ ᠪᠣᠯᠣᠨ᠎ᠠ᠃ ᠪᠣᠬᠢᠷᠲᠤᠯ ᠦᠭᠡᠢ ᠴᠠᠬᠢᠯᠭᠠᠨ ᠢᠶᠠᠷ ᠣᠷᠣᠯᠠᠭᠤᠯᠬᠤ ᠪᠠᠷ ᠳᠡᠮᠵᠢᠨ᠂ ᠪᠢᠳᠡ ᠠᠵᠤ ᠠᠬᠤᠶᠢᠯᠠᠯ ᠤᠨ ᠡᠨᠧᠷᠭᠢ ᠬᠡᠷᠡᠭᠯᠡᠬᠦ ᠪᠦᠲᠦᠴᠡ ᠶᠢ ᠰᠢᠯᠢᠳᠡᠭᠵᠢᠭᠦᠯᠵᠦ᠂ ᠪᠦᠬᠦᠯᠢ ᠴᠣᠭᠴᠠ ᠶᠢᠨ ᠴᠠᠬᠢᠯᠭᠠᠨ ᠬᠡᠷᠡᠭᠯᠡᠬᠦ ᠥᠪᠡᠷ ᠤᠨ ᠥᠷᠲᠡᠭ ᠢ ᠶᠡᠭᠡ ᠪᠠᠷ ᠪᠠᠭᠤᠷᠠᠭᠤᠯᠵᠤ᠂ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ  ᠪᠡᠶᠡᠯᠡᠭᠦᠯᠵᠦ ᠴᠢᠳᠠᠨ᠎ᠠ︾᠃ ᠡᠭᠦᠨ ᠠᠴᠠ ᠭᠠᠳᠠᠨ᠎ᠠ᠂ ᠲᠣᠰ ᠲᠥᠷᠥᠯ ᠵᠦᠢᠯ ᠨᠢ ᠪᠠᠰᠠ ᠥᠪᠡᠰᠦᠪᠡᠨ ᠪᠡᠯᠡᠳᠬᠡᠭᠰᠡᠨ ᠴᠠᠬᠢᠯᠭᠠᠨ ᠤ ᠦᠢᠯᠡᠳᠪᠦᠷᠢ ᠶᠢᠨ ᠠᠮᠢᠳᠤᠯᠢᠭ ᠴᠢᠨᠠᠷᠲᠠᠢ ᠥᠭᠡᠷᠡᠴᠢᠯᠡᠯᠲᠡ ᠲᠠᠢ ᠤᠶᠠᠯᠳᠤᠭᠤᠯᠤᠨ᠂ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠪᠠ ᠨᠡᠭᠦᠷᠡᠰᠦ ᠰᠢᠲᠠᠭᠠᠵᠤ ᠥᠪᠡᠰᠦᠪᠡᠨ ᠪᠡᠯᠡᠳᠬᠡᠭᠰᠡᠨ ᠴᠠᠬᠢᠯᠭᠠᠨ ᠤ ᠦᠢᠯᠡᠳᠪᠦᠷᠢ ᠶᠢᠨ ᠴᠠᠬᠢᠯᠭᠠᠨ ᠬᠠᠩᠭᠠᠯᠭ᠎ᠠ ᠶᠢ ᠪᠡᠶᠡᠯᠡᠭᠦᠯᠵᠦ᠂ ᠠᠵᠤ ᠠᠬᠤᠶᠢᠯᠠᠯ ᠤᠨ ᠴᠠᠬᠢᠯᠭᠠᠨ ᠵᠠᠳᠠᠯᠤᠯ ᠤᠨ ᠬᠥᠩᠭᠡᠨ ᠴᠠᠭᠠᠨ ᠤ ᠦᠢᠯᠡᠳᠪᠦᠷᠢᠯᠡᠯ ᠢ ᠢᠵᠢ ᠪᠦᠷᠢᠳᠦᠭᠦᠯᠦᠨ᠂ ᠡᠭᠦᠨ ᠤ ᠤᠯᠠᠮ ᠠᠴᠠ ᠪᠦᠬᠦᠯᠢ ᠴᠣᠭᠴᠠ ᠶᠢᠨ ᠠᠵᠢᠯᠯᠠᠭᠠᠨ ᠤ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠵᠤ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠦᠷ᠎ᠡ ᠪᠦᠲᠦᠮᠵᠢ ᠪᠠᠷ ᠬᠠᠮᠤᠭ ᠤᠨ ᠰᠢᠯᠢᠳᠡᠭ ᠪᠠ ᠠᠵᠤ ᠠᠬᠤᠢ ᠶᠢᠨ ᠦᠷ᠎ᠡ ᠠᠰᠢᠭ ᠢ ᠬᠠᠮᠤᠭ ᠤᠨ ᠶᠡᠭᠡ ᠪᠣᠯᠭᠠᠬᠤ ᠶᠢ ᠪᠡᠶᠡᠯᠡᠭᠦᠯᠦᠨ᠎ᠡ ᠭᠡᠵᠡᠢ᠃      ᠪᠣᠬᠢᠷᠲᠤᠯ ᠦᠭᠡᠢ ᠡᠨᠧᠷᠭᠢ ᠶᠢᠨ ᠲᠦᠷᠦᠯ ᠵᠦᠢᠯ ᠤᠨ ᠠᠬᠢᠭᠤᠯᠤᠯ ᠳᠣᠣᠷ᠎ᠠ᠂ ᠲᠣᠭᠲᠠᠬᠤ ᠰᠢᠶᠠᠨ ᠤ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠥᠷᠨᠢᠭᠦᠨ ᠬᠥᠭᠵᠢᠪᠡ᠃ ᠪᠣᠬᠢᠷᠲᠤᠯ ᠦᠭᠡᠢ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠤᠨ ᠲᠤᠰ ᠪᠡᠶ᠎ᠡ ᠨᠢ ᠨᠢᠭᠡᠨᠲᠡ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠪᠣᠯᠵᠤ᠂ ᠬᠤᠯᠪᠣᠭᠳᠠᠯ ᠪᠦᠬᠦᠢ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠳᠠᠶᠢᠴᠢᠯᠠᠪᠠ︔ ᠡᠭᠦᠨ ᠤ ᠬᠠᠮᠲᠤ᠂ ᠪᠣᠬᠢᠷᠲᠤᠯ ᠦᠭᠡᠢ ᠡᠨᠧᠷᠭᠢ ᠶᠢ ᠥᠷᠭᠡᠨ ᠢᠶᠠᠷ ᠬᠡᠷᠡᠭᠯᠡᠭᠰᠡᠨ ᠨᠢ ᠪᠠᠰᠠ ᠪᠤᠰᠤᠳ ᠠᠵᠤ ᠦᠢᠯᠡᠰ ᠤᠨ ᠬᠡᠯᠪᠡᠷᠢ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ᠂ ᠡᠨᠧᠷᠭᠢ ᠶᠢᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠦᠢᠯᠡᠳᠪᠦᠷᠢᠯᠡᠯ ᠤᠨ ᠥᠪᠡᠷ ᠤᠨ ᠥᠷᠲᠡᠭ ᠢ ᠪᠠᠭᠤᠷᠠᠭᠤᠯᠤᠭᠰᠠᠨ ᠪᠠᠶᠢᠨ᠎ᠠ᠃      ᠲᠣᠭᠲᠠᠬᠤ ᠰᠢᠶᠠᠨ ᠪᠣᠬᠢᠷᠲᠤᠯ ᠦᠭᠡᠢ ᠡᠨᠧᠷᠭᠢ ᠶᠢ ᠶᠡᠬᠡᠪᠡᠷ ᠬᠥᠭᠵᠢᠭᠦᠯᠬᠦ ᠪᠠᠷ ᠳᠠᠮᠵᠢᠭᠤᠯᠵᠤ᠂ ᠠᠵᠤ ᠠᠬᠤᠢ ᠶᠢᠨ ᠪᠣᠬᠢᠷᠲᠤᠯ ᠦᠭᠡᠢ ᠬᠡᠯᠪᠡᠷᠢ ᠬᠤᠪᠢᠷᠠᠭᠤᠯᠬᠤ ᠪᠠ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠲᠦᠷᠭᠡᠨ ᠬᠥᠭᠵᠢᠯᠲᠡ ᠶᠢ ᠠᠮᠵᠢᠯᠲᠠ ᠲᠠᠢ ᠪᠡᠶᠡᠯᠡᠭᠦᠯᠵᠡᠢ᠃ ᠢᠷᠡᠭᠡᠳᠦᠢ ᠳᠤ᠂ ᠲᠣᠭᠲᠠᠬᠤ ᠰᠢᠶᠠᠨ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠦᠷᠭᠦᠯᠵᠢᠯᠡᠨ ᠪᠠᠷᠢᠮᠲᠠᠯᠠᠵᠤ᠂ ᠪᠣᠬᠢᠷᠲᠤᠯ ᠦᠭᠡᠢ ᠡᠨᠧᠷᠭᠢ ᠶᠢᠨ ᠠᠵᠤ ᠦᠢᠯᠡᠰ ᠤᠨ ᠦᠷᠭᠦᠯᠵᠢᠯᠡᠨ ᠬᠥᠭᠵᠢᠬᠦ ᠪᠠ ᠰᠢᠨ᠎ᠡ ᠶᠢ ᠡᠭᠦᠳᠦᠨ ᠳᠡᠰ ᠳᠡᠪᠰᠢᠬᠦ ᠶᠢ ᠠᠬᠢᠭᠤᠯᠵᠤ᠂ ᠪᠦᠬᠦ ᠰᠢᠶᠠᠨ ᠤ ᠠᠵᠤ ᠠᠬᠤᠢ ᠶᠢᠨ ᠬᠥᠭᠵᠢᠯᠲᠡ ᠪᠣᠯᠣᠨ ᠨᠡᠶᠢᠭᠡᠮ ᠤᠨ ᠳᠠᠪᠰᠢᠯᠲᠠ ᠳᠤ ᠨᠡᠩ ᠶᠡᠭᠡ ᠬᠦᠴᠦᠨ ᠴᠢᠳᠠᠯ ᠢᠶᠠᠨ ᠡᠷᠭᠦᠬᠦ ᠪᠤᠯᠤᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1