ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯᠲᠠᠨ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠬᠦᠷᠴᠦ ᠬᠠᠤᠯᠢ ᠴᠠᠭᠠᠵᠠ ᠶᠢᠨ ᠲᠠᠶᠢᠯᠤᠮᠵᠢ ᠦᠷᠨᠢᠭᠦᠯᠪᠡ
ᠨᠡᠶᠢᠲᠡᠯᠡᠭᠰᠡᠨ ᠴᠠᠭ᠄
2024/12/24
      ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠬᠠᠤᠯᠢ ᠬᠡᠷᠡᠭᠵᠢᠭᠦᠯᠬᠦ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 12 ᠳ᠋ᠤᠭᠠᠷ ᠰᠠᠷ᠎ᠠ ᠶᠢᠨ 19 ᠤ ᠡᠳᠦᠷ᠂ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯᠲᠠᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠬᠦᠷᠴᠦ ᠬᠠᠤᠯᠢ ᠴᠠᠭᠠᠵᠠ ᠶᠢᠨ ᠲᠠᠶᠢᠯᠤᠮᠵᠢ ᠦᠷᠨᠢᠭᠦᠯᠪᠡ᠃
      ᠪᠤᠯᠪᠠᠰᠤᠷᠠᠯ ᠤᠨ ᠭᠤᠣᠯᠳᠠᠯᠭ᠎ᠠ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ ᠵᠦᠢᠯ ᠤᠨ ᠳᠦᠷᠢᠮ︾᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠣᠳᠠᠲᠤ ᠶᠠᠪᠤᠳᠠᠯ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠢᠴᠢᠭ ᠮᠠᠲ᠋ᠧᠷᠢᠶᠠᠯ ᠵᠢᠴᠢ ᠬᠡᠷᠡᠭ ᠤᠨ ᠡᠪᠬᠡᠮᠡᠯ ᠤᠨ ᠲᠣᠭᠤᠷᠢᠨ ᠳᠤ᠂ ᠪᠥᠬᠦ ᠤᠯᠤᠰ ᠤᠨ ᠡᠯ᠎ᠡ ᠭᠠᠵᠠᠷ ᠤᠨ ᠪᠠᠶᠢᠴᠠᠭᠠᠨ ᠰᠢᠢᠳᠪᠦᠷᠢᠯᠡᠭᠰᠡᠨ ᠪᠣᠳᠠᠲᠠᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠪᠣᠳᠠᠲᠤ ᠶᠠᠪᠤᠳᠠᠯ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠠᠵᠢᠯ ᠤᠨ ᠭᠤᠣᠯᠳᠠᠯᠭ᠎ᠠ ᠪᠠ ᠠᠩᠬᠠᠷᠬᠤ ᠨᠠᠷᠢᠨ ᠵᠦᠢᠯᠡᠰ ᠢ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠨ ᠵᠠᠳᠠᠯᠵᠤ᠂ ᠬᠠᠤᠯᠢ ᠬᠡᠷᠡᠭᠵᠢᠭᠦᠯᠬᠦ ᠠᠵᠢᠯᠲᠠᠨ ᠢ ᠬᠠᠪᠰᠤᠷᠤᠨ ᠬᠠᠤᠯᠢ ᠬᠡᠷᠡᠭᠵᠢᠭᠦᠯᠬᠦ ᠵᠦᠢᠯᠡᠰ ᠢ ᠲᠦᠷᠭᠡᠨ ᠣᠶᠢᠯᠠᠭᠠᠭᠤᠯᠵᠤ᠂ ᠬᠠᠤᠯᠢ ᠬᠡᠷᠡᠭᠵᠢᠭᠦᠯᠬᠦ ᠶᠠᠪᠤᠴᠠ ᠶᠢ ᠡᠵᠡᠮᠰᠢᠭᠦᠯᠵᠦ᠂ ᠲᠠᠰᠤᠯᠤᠯᠲᠠ ᠶᠢᠨ ᠦᠨᠳᠦᠰᠦᠨ ᠪᠠᠷᠢᠮᠵᠢᠶ᠎ᠠ ᠶᠢ ᠲᠣᠳᠣᠷᠬᠠᠢ ᠣᠶᠢᠯᠠᠭᠠᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠠᠵᠢᠯ ᠤᠨ ᠳᠤᠮᠳᠠ ᠪᠠᠨ ᠴᠢᠩᠭ᠎ᠠ᠂ ᠵᠢᠷᠤᠮᠵᠢᠭᠤᠨ᠂ ᠲᠥᠪ ᠭᠤᠥᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠵᠢᠭᠠᠨ ᠵᠢᠯᠣᠭᠤᠳᠪᠠ᠃
     ᠲᠣᠰ ᠤᠳᠠᠭᠠᠨ ᠤ ᠪᠤᠯᠪᠠᠰᠤᠷᠠᠯ ᠳᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠤᠬᠠᠶᠢᠯᠠᠭᠰᠠᠨ ᠠᠵᠢᠯ ᠪᠠ ᠬᠠᠤᠯᠢ ᠴᠠᠭᠠᠵᠠ ᠶᠢᠨ ᠮᠡᠳᠡᠯᠭᠡ ᠶᠢ ᠨᠢᠭᠲᠠ ᠤᠶᠠᠯᠳᠤᠭᠤᠯᠵᠤ᠂ ᠪᠤᠯᠪᠠᠰᠤᠷᠠᠯ ᠳᠤ ᠣᠷᠣᠯᠴᠠᠭᠰᠠᠨ ᠪᠥᠬᠦ ᠬᠥᠮᠥᠰ ᠢ ᠬᠠᠤᠯᠢ ᠬᠡᠷᠡᠭᠵᠢᠭᠦᠯᠬᠦ ᠵᠢᠷᠤᠮᠵᠢᠯ ᠤᠨ ᠲᠤᠬᠠᠢ ᠨᠠᠩ ᠲᠣᠳᠣᠷᠬᠠᠢ ᠪᠥᠭᠡᠳ ᠭᠦᠨᠵᠡᠭᠡᠢ ᠲᠠᠨᠢᠯᠲᠠ ᠲᠠᠢ ᠪᠣᠯᠭᠠᠭᠰᠠᠨ ᠪᠣᠯᠬᠤᠷ ᠨᠢᠭᠡ ᠤᠳᠠᠭᠠᠨ ᠤ ᠮᠠᠰᠢ ᠰᠠᠶᠢᠨ ᠮᠡᠳᠡᠯᠭᠡ ᠶᠢᠨ ᠴᠠᠬᠢᠯᠭᠠᠨ ᠴᠡᠨᠡᠭᠯᠡᠬᠦ ᠪᠠ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠪᠣᠯᠣᠨ᠎ᠠ᠃      ᠳᠠᠷᠠᠭᠠᠴᠢ ᠶᠢᠨ ᠠᠯᠬᠤᠮ ᠳᠤ᠂ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠪᠠ ᠬᠠᠤᠯᠢ ᠬᠡᠷᠡᠭᠵᠢᠭᠦᠯᠬᠦ ᠲᠦᠪᠰᠢᠨ ᠢ ᠳᠡᠭᠡᠭᠰᠢᠯᠡᠭᠦᠯᠬᠦ ᠡᠭᠦᠳᠡᠨ ᠠᠴᠠ ᠡᠭᠦᠰᠴᠦ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠦᠷᠭᠦᠯᠵᠢᠯᠡᠨ ᠬᠠᠨᠳᠤᠯᠭᠠᠲᠤ ᠴᠢᠨᠠᠷᠲᠠᠢ ᠪᠠᠷ ᠬᠠᠤᠯᠢ ᠬᠡᠷᠡᠭᠵᠢᠭᠦᠯᠬᠦ ᠲᠤᠰᠬᠠᠢ ᠰᠡᠳᠦᠪᠲᠦ ᠪᠣᠯᠪᠠᠰᠤᠷᠠᠯ ᠢ ᠥᠷᠨᠢᠭᠦᠯᠬᠦ ᠶᠢᠨ ᠬᠠᠮᠲᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠪᠠᠶᠢᠩᠭᠤᠵᠢᠭᠤᠯᠵᠤ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡᠨ ᠤ ᠬᠠᠤᠯᠢᠵᠢᠯ᠂ ᠲᠤᠰᠬᠠᠶᠢᠵᠢᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠴᠢᠩᠭ᠎ᠠ ᠵᠢᠷᠤᠮᠵᠢᠯ ᠲᠠᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠠᠬᠢᠭᠤᠯᠬᠤ ᠳᠤ ᠰᠠᠭᠤᠷᠢ ᠶᠢ ᠪᠠᠲᠤᠳᠬᠠᠵᠤ᠂ ᠦᠷ᠎ᠡ ᠪᠦᠲᠦᠮᠵᠢ ᠶᠢ ᠳᠡᠭᠡᠭᠰᠢᠯᠡᠭᠦᠯᠵᠦ ᠴᠢᠳᠠᠪᠤᠷᠢ ᠣᠯᠭᠤᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1