ᠲᠣᠭᠲᠠᠬᠤ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ 2024 ᠣᠨ ᠤ 11ᠳ᠋ᠤᠭᠡᠷ ᠰᠠᠷ᠎ᠠ ᠳᠤ ᠥᠪᠥᠷ ᠮᠣᠩᠭᠤᠯ ᠤᠨ ᠡᠳ᠋ ᠤᠨ ᠵᠠᠰᠠᠭ ᠤᠨ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠮᠡᠳᠡᠭᠡ ᠵᠠᠩᠭᠢ ᠶᠢᠨ ᠲᠠᠪᠴᠠᠩ ᠤᠨ ︽ᠪᠦᠬᠦᠨ ᠳᠤ ᠲᠣᠬᠢᠷᠠᠬᠤ ᠺᠠᠷᠲ︾ ᠢᠶᠠᠷ ᠳᠠᠮᠵᠢᠭᠤᠯᠤᠨ ᠡᠳ᠋ ᠤᠨ ᠵᠠᠰᠠᠭ ᠤᠨ ᠠᠷᠠᠳ ᠲᠤ ᠠᠰᠢᠭ ᠬᠦᠷᠲᠡᠭᠡᠵᠦ ᠲᠠᠷᠢᠶᠠᠴᠢᠳ ᠲᠤ ᠠᠰᠢᠭ ᠬᠦᠷᠲᠡᠭᠡᠬᠦ ᠴᠠᠯᠢᠩ ᠤᠨ ᠲᠥᠷᠥᠯ ᠤᠨ ᠪᠡᠯᠡ ᠮᠥᠩᠭᠦ ᠶᠢ 832.29 ᠲᠦᠮᠡᠨ ᠲᠥᠭᠦᠷᠢᠭ ᠲᠠᠷᠬᠠᠭᠠᠪᠠ
ᠨᠡᠶᠢᠲᠡᠯᠡᠭᠰᠡᠨ ᠴᠠᠭ᠄
2024/12/24
ᠢᠷᠡᠯᠲᠡ᠄ ᠡᠳ᠋ ᠤᠨ ᠵᠠᠰᠠᠭ ᠤᠨ ᠲᠣᠪᠴᠢᠶ᠎ᠠ      11 ᠳ᠋ᠤᠭᠡᠷ ᠰᠠᠷ᠎ᠠ ᠳᠤ᠂ ᠮᠠᠨ ᠤ ᠲᠣᠪᠴᠢᠶ᠎ᠠ ︽ᠪᠦᠬᠦᠨ ᠳᠤ ᠲᠣᠬᠢᠷᠠᠬᠤ ᠺᠠᠷᠲ︾ ᠢᠶᠠᠷ ᠳᠠᠮᠵᠢᠭᠤᠯᠤᠨ ᠡᠳ᠋ ᠤᠨ ᠵᠠᠰᠠᠭ ᠤᠨ ᠨᠥᠬᠦᠪᠦᠷᠢ ᠪᠡᠯᠡ ᠮᠥᠩᠭᠦ ᠶᠢᠨ ᠴᠠᠯᠢᠩ ᠤᠨ ᠲᠥᠷᠥᠯ ᠳᠤ ᠨᠡᠶᠢᠲᠡ 832.29 ᠲᠦᠮᠡᠨ ᠲᠥᠭᠦᠷᠢᠭ᠂ 5141 ᠬᠥᠮᠥᠨ ᠤᠳᠠᠭ᠎ᠠ ᠲᠠᠷᠬᠠᠭᠠᠭᠰᠠᠨ ᠪᠠᠶᠢᠨ᠎ᠠ᠃ ᠡᠭᠦᠨ ᠳᠤ ᠭᠠᠴᠠᠭ᠎ᠠ ᠳᠤᠭᠤᠶᠢᠯᠠᠩ ᠤᠨ ᠺᠠᠳ᠋ᠷᠴᠤᠳ ᠤᠨ ᠲᠣᠭᠲᠠᠮᠠᠯ ᠬᠥᠯᠥᠰᠦ ᠣᠯᠭᠤᠮᠵᠢ ᠪᠠ ᠠᠵᠢᠯ ᠰᠠᠭᠠᠲᠠᠭᠰᠠᠨ ᠨᠥᠬᠦᠪᠦᠷᠢ 702.65 ᠲᠦᠮᠡᠨ ᠲᠥᠭᠦᠷᠢᠭ ᠲᠤ ᠬᠦᠷᠴᠦ᠂ 3714 ᠬᠥᠮᠥᠨ ᠤᠳᠠᠭ᠎ᠠ ᠳᠤ ᠠᠰᠢᠭ ᠬᠦᠷᠲᠡᠭᠡᠪᠡ᠃ ᠭᠠᠴᠠᠭᠠᠨ ᠤ ᠺᠠᠳ᠋ᠷ ᠤᠨ ᠠᠮᠢᠳᠤᠷᠠᠯ ᠤᠨ ᠨᠥᠬᠦᠪᠦᠷᠢ 89.86 ᠲᠦᠮᠡᠨ ᠲᠥᠭᠦᠷᠢᠭ ᠪᠠᠶᠢᠵᠤ᠂ 988 ᠬᠥᠮᠥᠨ ᠤᠳᠠᠭ᠎ᠠ ᠳᠤ ᠠᠰᠢᠭ ᠬᠦᠷᠲᠡᠭᠡᠪᠡ᠃ ᠨᠡᠶᠢᠭᠡᠮ ᠤᠨ ᠠᠪᠤᠷᠠᠨ ᠲᠤᠰᠠᠯᠠᠬᠤ ᠲᠤᠰᠠᠯᠠᠭᠴᠢ ᠶᠢᠨ ᠠᠵᠢᠯ ᠤᠨ ᠨᠥᠬᠦᠪᠦᠷᠢ 39.78 ᠲᠦᠮᠡᠨ ᠲᠥᠭᠦᠷᠢᠭ ᠪᠠᠶᠢᠵᠤ᠂ 439 ᠬᠥᠮᠥᠨ ᠤᠳᠠᠭ᠎ᠠ ᠳᠤ ᠠᠰᠢᠭ ᠬᠦᠷᠲᠡᠭᠡᠪᠡ᠃      ᠳᠠᠷᠠᠭ᠎ᠠ ᠰᠠᠷ᠎ᠠ ᠳᠤ᠂ ᠮᠠᠨ ᠤ ᠲᠣᠪᠴᠢᠶ᠎ᠠ ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ ᠮᠥᠩᠭᠦ ᠶᠢ ᠬᠤᠲᠠ ᠬᠥᠳᠡᠭᠡ ᠶᠢᠨ ᠰᠠᠭᠤᠭᠠᠯᠢ ᠠᠷᠠᠳ ᠪᠠ ᠮᠠᠯᠴᠢᠨ ᠲᠠᠷᠢᠶᠠᠴᠢᠨ ᠤ ᠭᠠᠷ ᠲᠤ ᠠᠮᠤᠷ ᠲᠦᠪᠰᠢᠨ᠂ ᠴᠠᠭ ᠲᠤᠬᠠᠢ ᠳᠤᠨᠢ᠂ ᠲᠤᠭ᠎ᠠ ᠶᠣᠰᠣᠭᠠᠷ ᠥᠭᠬᠦ ᠶᠢ ᠦᠨᠡᠨ ᠬᠦ ᠪᠠᠲᠤᠯᠠᠵᠤ᠂ ᠠᠷᠠᠳ ᠣᠯᠠᠨ ᠤ ᠵᠣᠯ ᠵᠢᠷᠭᠠᠯᠳᠦ ᠰᠡᠳᠬᠢᠭᠳᠡᠯ᠂ ᠬᠠᠨᠤᠮᠵᠢ ᠶᠢᠨ ᠰᠡᠳᠬᠢᠭᠳᠡᠯ᠂ ᠬᠦᠷᠲᠡᠮᠵᠢ ᠶᠢᠨ ᠰᠡᠳᠬᠢᠭᠳᠡᠯ ᠢ ᠨᠡᠮᠡᠭᠳᠡᠭᠦᠯᠦᠨ᠎ᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1