ᠣᠯᠠᠨ ᠲᠦᠮᠡᠨ ᠤ ᠠᠮᠤᠷ ᠲᠦᠪᠰᠢᠨ ᠡᠪᠦᠯᠵᠢᠶ᠎ᠡ ᠶᠢ ᠦᠨᠡᠨ ᠬᠦ ᠪᠠᠲᠤᠯᠠᠨ᠎ᠠ
ᠨᠡᠶᠢᠲᠡᠯᠡᠭᠰᠡᠨ ᠴᠠᠭ᠄
2024/12/24
       ︽ᠡᠪᠦᠯ ᠤᠨ ᠤᠯᠠᠷᠢᠯ ᠤᠨ ᠡᠯ᠎ᠡ ᠵᠦᠢᠯ ᠤᠨ ᠠᠷᠠᠳ ᠤᠨ ᠠᠮᠢᠳᠤᠷᠠᠯ ᠤᠨ ᠪᠠᠳᠤᠯᠠᠭ᠎ᠠ ᠶᠢᠨ ᠠᠵᠢᠯ ᠢ ᠰᠠᠶᠢᠲᠤᠷ ᠬᠢᠵᠦ᠂ ᠣᠨᠴᠠᠭᠠᠶᠢᠯᠠᠨ ᠤᠯᠠᠨ ᠲᠦᠮᠡᠨ ᠤ ᠬᠠᠯᠠᠭᠤᠨ ᠳᠤᠯᠠᠭᠠᠨ ᠡᠪᠦᠯᠵᠢᠬᠦ ᠶᠢ ᠰᠠᠶᠢᠲᠤᠷ ᠪᠠᠲᠤᠯᠠᠬᠤ ᠬᠡᠷᠡᠭᠲᠡᠢ︾᠂ ︽ᠭᠠᠮᠰᠢᠭᠳᠠᠭᠰᠠᠨ ᠤᠷᠤᠨ ᠤ ᠤᠯᠠᠨ ᠲᠦᠮᠡᠨ ᠤ ᠠᠮᠤᠷ ᠲᠦᠪᠰᠢᠨ ᠬᠠᠯᠠᠭᠤᠨ ᠳᠤᠯᠠᠭᠠᠨ ᠢᠶᠠᠷ ᠡᠪᠦᠯᠵᠢᠬᠦ ᠶᠢ ᠪᠠᠲᠤᠯᠠᠬᠤ ᠪᠣᠯ ᠨᠢᠭᠡ ᠵᠦᠢᠯ ᠤᠨ ᠬᠠᠲᠠᠭᠤ ᠡᠭᠦᠷᠭᠡ ᠮᠥᠨ︾᠂ ︽ᠳᠤᠯᠠᠭᠠᠯᠠᠭ᠎ᠠ ᠶᠢᠨ ᠠᠵᠢᠯ ᠢ ᠡᠷᠬᠡᠪᠰᠢ ᠨᠠᠷᠢᠨ ᠨᠢᠭᠲᠠ ᠨᠠᠶᠢᠳᠠᠪᠤᠷᠢᠵᠢᠭᠤᠯᠵᠤ᠂ ᠠᠶᠢᠯ ᠡᠷᠦᠬᠡ ᠪᠣᠯᠭᠠᠨ ᠳᠤ ᠰᠠᠶᠢᠲᠤᠷ ᠪᠤᠳᠠᠳᠠᠶᠢᠵᠢᠭᠤᠯᠬᠤ ᠬᠡᠷᠡᠭᠲᠡᠢ︾ ᠁  ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠶᠡᠷᠦᠩᠬᠡᠢ ᠱᠦᠵᠢ ᠰᠢ ᠶᠢᠨ ᠫᠢᠩ ᠤᠯᠠᠨ ᠤᠳᠠᠭ᠎ᠠ ᠰᠠᠯᠬᠢ ᠰᠢᠭᠤᠷᠭᠠᠨ ᠢ ᠰᠥᠷᠦᠨ ᠦᠨᠳᠦᠰᠦᠨ ᠱᠠᠲᠤᠨ ᠤ ᠺᠠᠳ᠋ᠷ ᠤᠯᠠᠨ ᠲᠦᠮᠡᠨ ᠢ ᠪᠣᠯᠭᠤᠭᠠᠨ ᠲᠣᠬᠤᠨᠢᠭᠤᠯᠵᠠᠢ᠃      ᠭᠡᠷ ᠤᠨ ᠳᠤᠯᠠᠭᠠᠨ ᠤ ᠬᠡᠮᠵᠢᠶ᠎ᠡ ᠪᠠᠷᠢᠮᠵᠢᠶ᠎ᠠ ᠳᠤ ᠭᠦᠷᠦᠭᠰᠡᠨ ᠡᠰᠡᠬᠦ᠂ ᠳᠤᠯᠠᠭᠠᠯᠭ᠎ᠠ ᠶᠢᠨ ᠠᠵᠢᠯ ᠢ ᠨᠠᠷᠢᠯᠢᠭ ᠬᠢᠭᠰᠡᠨ ᠡᠰᠡᠬᠦ᠂ ᠠᠷᠢᠭᠤᠨ ᠴᠡᠪᠡᠷ ᠳᠤᠯᠠᠭᠠᠯᠭ᠎ᠠ ᠶᠢᠨ ᠠᠬᠢᠴᠠ ᠬᠢᠷᠢ ᠵᠡᠷᠭᠡ ᠪᠣᠯᠤᠭᠰᠠᠨ ᠪᠣᠶ︖ ᠁ ᠡᠪᠦᠯ ᠤᠨ ᠲᠤᠶᠢᠯ ᠪᠣᠯᠬᠤ ᠠᠴᠠ ᠡᠮᠦᠨᠡᠬᠡᠨ᠂ ᠥᠪᠥᠷ ᠮᠣᠩᠭᠤᠯ᠂ ᠯᠢᠶᠣᠤᠨᠢᠩ᠂ ᠨᠢᠩᠰᠢᠶᠠ ᠵᠡᠷᠭᠡ ᠭᠠᠵᠠᠷ ᠢᠶᠠᠷ ᠰᠤᠷᠪᠤᠯᠵᠢᠯᠠᠵᠤ ᠣᠶᠢᠯᠠᠭᠠᠭᠰᠠᠨ ᠢᠶᠠᠷ᠂ ᠣᠷᠣᠨ ᠨᠤᠲᠤᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠶᠡᠷᠦᠩᠬᠡᠢ ᠱᠦᠵᠢ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠯᠠᠵᠤ᠂ ᠡᠯ᠎ᠡ ᠵᠦᠢᠯ ᠤᠨ ᠨᠠᠷᠢᠨ ᠨᠢᠭᠲᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠂ ᠣᠯᠠᠨ ᠲᠦᠮᠡᠨ ᠤ ᠡᠪᠦᠯ ᠤᠨ ᠤᠯᠠᠷᠢᠯ ᠤᠨ ᠬᠠᠯᠠᠭᠤᠨ ᠳᠤᠯᠠᠭᠠᠨ ᠡᠪᠦᠯᠵᠢᠬᠦ ᠶᠢ ᠦᠨᠡᠨ ᠬᠦ ᠪᠠᠳᠤᠯᠠᠵᠦ ᠪᠠᠶᠢᠨ᠎ᠠ᠃      ᠭᠡᠷ ᠪᠠᠶᠢᠰᠢᠩ ᠵᠠᠰᠠᠬᠤ᠂ ᠰᠢᠨ᠎ᠡ ᠭᠡᠷ ᠲᠤ ᠨᠡᠭᠦᠬᠦ᠂ ᠪᠡᠯᠡᠭ ᠬᠦᠷᠭᠡᠬᠦ ︽ᠪᠢᠳᠡ ᠵᠥᠪᠬᠡᠨ 41 ᠡᠳᠦᠷ ᠬᠡᠷᠡᠭᠯᠡᠵᠦ ᠤᠯᠢᠶᠠᠰᠦ ᠲᠣᠰᠬᠤᠨ ᠤ 47 ᠡᠷᠦᠬᠡ ᠶᠢᠨ ᠠᠷᠠᠳ ᠲᠤ ᠲᠤᠭ᠎ᠠ ᠶᠤᠰᠤᠭᠠᠷ ᠴᠢᠨᠠᠷ ᠢ ᠪᠠᠳᠤᠯᠠᠨ ᠰᠢᠨ᠎ᠡ ᠭᠡᠷ ᠪᠠᠶᠢᠰᠢᠩ ᠪᠠᠷᠢᠵᠤ ᠥᠭᠭᠦᠭᠰᠡᠨ ᠶᠤᠮ︾ ᠭᠡᠵᠦ ᠯᠢᠶᠣᠤᠨᠢᠩ ᠮᠤᠵᠢ ᠶᠢᠨ ᠬᠤ᠋ ᠯᠦ ᠳ᠋ᠣᠣ ᠬᠤᠲᠠ ᠶᠢᠨ ᠵᠢᠶᠠᠨ ᠵᠢᠶᠤᠤ ᠪᠦᠯᠦᠭᠯᠡᠯ ᠤᠨ ᠭᠠᠮᠰᠢᠭ ᠤᠨ ᠳᠠᠷᠠᠭᠠᠬᠢ ᠳᠠᠬᠢᠨ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠵᠢᠯᠣᠭᠤᠳᠤᠭᠴᠢ ᠽᠧᠦ ᠵᠢᠩ ᠯᠢᠶᠠᠩ ᠰᠡᠳᠬᠢᠯ ᠳᠣᠭᠳᠣᠯᠤᠨ ᠨᠢᠯᠪᠤᠰᠤ ᠪᠦᠮᠪᠦᠷᠢᠭᠦᠯᠦᠨ ᠶᠠᠷᠢᠵᠠᠢ᠃      ᠡᠨᠡ ᠵᠢᠯ ᠤᠨ 8 ᠳ᠋ᠤᠭᠠᠷ ᠰᠠᠷ᠎ᠠ ᠳᠤ᠂ ᠯᠢᠶᠣᠤᠨᠢᠩ ᠮᠤᠵᠢ ᠶᠢᠨ ᠬᠤ᠋ ᠯᠦ ᠳ᠋ᠣᠣ ᠬᠤᠳᠠ ᠬᠦᠨᠳᠦ ᠨᠣᠴᠢᠲᠠᠢ ᠦᠶᠡᠷ ᠤᠰᠤᠲᠤᠯ ᠤᠨ ᠭᠠᠮᠰᠢᠭ ᠲᠤ ᠳᠠᠭᠠᠷᠢᠭᠳᠠᠵᠤ᠂ ᠵᠢᠶᠠᠨ ᠴᠠᠩ ᠰᠢᠶᠠᠨ᠂ ᠰᠦᠢ ᠵᠦᠩ ᠰᠢᠶᠠᠨ ᠤ ᠬᠡᠰᠡᠭ ᠰᠢᠶᠠᠩ ᠪᠠᠯᠭᠠᠰᠤᠨ ᠳᠤ ᠬᠦᠨᠳᠦ ᠨᠣᠴᠢᠲᠠᠢ ᠠᠭᠤᠯᠠᠨ ᠦᠶᠡᠷ ᠭᠠᠷᠴᠤ᠂ ᠶᠡᠭᠡ ᠬᠡᠮᠵᠢᠶᠡᠨ ᠤ ᠭᠡᠷ ᠪᠠᠶᠢᠰᠢᠩ᠂ ᠵᠠᠮ ᠨᠤᠷᠠᠵᠤ᠂ ᠰᠦᠯᠵᠢᠶ᠎ᠡ ᠲᠠᠰᠤᠷᠠᠵᠠᠢ᠃ ᠭᠠᠮᠰᠢᠭ ᠤᠨ ᠳᠠᠷᠠᠭ᠎ᠠ ᠭᠠᠮᠰᠢᠭᠳᠠᠭᠰᠠᠨ ᠣᠷᠣᠨ ᠤ ᠣᠯᠠᠨ ᠲᠦᠮᠡᠨ ᠳᠤᠯᠠᠭᠠᠨ ᠪᠦᠯᠢᠶᠡᠨ ᠡᠪᠦᠯ ᠢ ᠥᠩᠭᠡᠷᠡᠭᠡᠵᠦ ᠴᠢᠳᠠᠬᠤ ᠡᠰᠡᠬᠦ ᠨᠢ ᠪᠦᠬᠦ ᠤᠯᠤᠰ ᠤᠨ ᠠᠷᠠᠳ ᠲᠦᠮᠡᠨ ᠤ ᠠᠩᠬᠠᠷᠤᠯ ᠢ ᠲᠠᠲᠠᠵᠤ ᠪᠠᠶᠢᠯ᠎ᠠ᠃ ᠭᠠᠮᠰᠢᠭ ᠤᠨ ᠪᠠᠶᠢᠳᠠᠯ ᠪᠣᠯ ᠵᠠᠷᠯᠢᠭ ᠮᠥᠨ᠂ ᠠᠶᠤᠯ ᠲᠦᠭᠰᠢᠭᠦᠷᠢ ᠪᠣᠯ ᠲᠠᠶᠢᠨ ᠤ ᠲᠠᠯᠠᠪᠤᠷ ᠮᠥᠨ᠃ ᠬᠤ᠋ ᠯᠦ ᠳ᠋ᠣᠣ ᠬᠤᠲᠠ ᠶᠢᠨ ᠬᠤᠯᠪᠣᠭᠳᠠᠯ ᠪᠦᠬᠦᠢ ᠨᠢᠭᠡᠴᠢ ᠶᠢᠨ ᠬᠢᠨ ᠳᠠᠷᠤᠶᠢᠬᠠᠨ ᠬᠥᠳᠡᠯᠦᠯᠴᠡᠵᠦ᠂ 1600 ᠭᠠᠷᠤᠢ ᠪᠠᠷᠢᠯᠭ᠎ᠠ ᠶᠢᠨ ᠠᠩᠬᠢ᠂ 2.3 ᠲᠦᠮᠡᠨ ᠬᠥᠮᠥᠨ᠂ 4300 ᠭᠠᠷᠤᠢ ᠮᠠᠰᠢᠨ ᠲᠥᠬᠦᠭᠡᠷᠦᠮᠵᠢ ᠶᠢ ᠬᠡᠷᠡᠭᠯᠡᠨ ᠭᠠᠮᠰᠢᠭᠳᠠᠭᠰᠠᠨ ᠣᠷᠣᠨ ᠰᠠᠭᠤᠴᠠ ᠶᠢ ᠵᠠᠰᠠᠨ ᠰᠡᠷᠭᠦᠭᠡᠵᠦ ᠳᠠᠬᠢᠨ ᠪᠦᠲᠦᠭᠡᠨ ᠪᠠᠶᠢᠭᠤᠯᠬᠤ ᠠᠵᠢᠯ ᠢ ᠲᠦᠯᠬᠢᠨ ᠠᠬᠢᠭᠤᠯᠪᠠ᠃ ᠣᠳᠣᠬᠠᠨ ᠪᠣᠯᠲᠠᠯ᠎ᠠ᠂ ᠦᠶᠡᠷ ᠤᠨ ᠤᠰᠤᠨ ᠳᠤ ᠨᠤᠷᠠᠭᠰᠠᠨ ᠪᠤᠶᠤ ᠬᠦᠨᠳᠦ ᠨᠣᠴᠢᠲᠠᠢ ᠬᠤᠬᠢᠷᠠᠯ ᠳᠤ ᠤᠴᠠᠷᠠᠭᠰᠠᠨ ᠠᠴᠠ ᠪᠣᠯᠵᠤ᠂ ᠳᠠᠬᠢᠨ ᠪᠠᠶᠢᠭᠤᠯᠬᠤ ᠴᠢᠬᠤᠯᠠᠲᠠᠢ 5447 ᠡᠷᠦᠬᠡ ᠭᠡᠷ ᠪᠠᠶᠢᠰᠢᠩ ᠤᠨ ᠭᠤᠣᠯ ᠪᠠᠷᠢᠯᠭ᠎ᠠ ᠶᠢ ᠪᠦᠬᠦᠨ ᠢᠶᠠᠷ ᠨᠢ ᠪᠠᠷᠢᠵᠤ ᠳᠠᠭᠤᠰᠬᠠᠭᠠᠳ᠂ ᠭᠠᠮᠰᠢᠭᠳᠠᠭᠰᠠᠨ ᠣᠯᠠᠨ ᠲᠦᠮᠡᠨ ᠵᠠᠯᠭᠠᠭ᠎ᠠ ᠵᠠᠯᠭᠠᠭ᠎ᠠ ᠪᠠᠷ ᠰᠢᠨ᠎ᠡ ᠭᠡᠷ ᠲᠤ ᠨᠡᠭᠦᠵᠦ ᠣᠷᠣᠭᠰᠠᠨ ᠪᠠᠶᠢᠨ᠎ᠠ᠃      ᠵᠢᠶᠠᠨ ᠴᠠᠩ ᠰᠢᠶᠠᠨ ᠤ ᠾᠧᠢ ᠱᠠᠨ ᠺᠧ ᠰᠢᠶᠠᠩ ᠤᠨ ᠤᠯᠢᠶᠠᠰᠦ ᠲᠣᠰᠬᠤᠨ ᠪᠣᠯ ᠬᠠᠮᠤᠭ ᠤᠨ ᠬᠦᠨᠳᠦ ᠭᠠᠮᠰᠢᠭᠳᠠᠭᠰᠠᠨ ᠲᠣᠰᠬᠤᠨ ᠤ ᠨᠢᠭᠡ ᠪᠣᠯᠣᠨ᠎ᠠ᠃ ᠭᠡᠷ ᠪᠠᠶᠢᠰᠢᠩ ᠨᠢ ᠬᠦᠨᠳᠦ ᠨᠣᠴᠢᠲᠠᠢ ᠡᠪᠳᠡᠭᠳᠡᠭᠰᠡᠨ 47 ᠲᠣᠰᠬᠤᠨ ᠤ ᠠᠷᠠᠳ ᠢ ᠡᠷᠲᠡᠬᠡᠨ ᠰᠢᠨ᠎ᠡ ᠭᠡᠷ ᠲᠤ ᠰᠠᠭᠤᠯᠭᠠᠬᠤ ᠶᠢᠨ ᠲᠥᠯᠥᠭᠡ᠂ ᠵᠢᠶᠠᠨ ᠴᠠᠩ ᠰᠢᠶᠠᠨ ᠤ ᠪᠠᠷᠢᠯᠭ᠎ᠠ ᠶᠢᠨ ᠠᠩᠭᠢ 9 ᠳ᠋ᠤᠭᠡᠷ ᠰᠠᠷ᠎ᠠ ᠶᠢᠨ 7 ᠤ ᠡᠳᠦᠷ ᠠᠴᠠ ᠡᠬᠢᠯᠡᠨ ᠡᠷᠲᠡᠯᠡᠵᠦ ᠣᠷᠣᠶᠢᠯᠠᠨ᠂ ᠠᠵᠢᠯᠴᠢᠳ ᠪᠠᠷᠢᠯᠭ᠎ᠠ ᠶᠢᠨ ᠭᠠᠵᠠᠷ ᠲᠤ ᠢᠳᠡᠵᠦ ᠤᠤᠭᠤᠬᠤ ᠬᠤᠨᠣᠵᠤ ᠬᠡᠪᠲᠡᠵᠦ᠂ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠂ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭ᠎ᠠ ᠶᠢ ᠵᠠᠪᠳᠤᠨ ᠠᠵᠢᠯᠯᠠᠵᠠᠢ᠃   ︽ᠵᠠᠰᠠᠭ ᠤᠨ ᠣᠷᠳᠣᠨ ᠠᠴᠠ ᠨᠡᠶᠢᠭᠡᠮ ᠤᠨ ᠡᠯ᠎ᠡ ᠲᠠᠯ᠎ᠠ ᠶᠢᠨ ᠬᠢ ᠢ ᠵᠣᠬᠢᠴᠠᠭᠤᠯᠤᠨ ᠳᠡᠮᠵᠢᠵᠦ᠂ ᠡᠷᠦᠬᠡ ᠪᠦᠷᠢ ᠳᠤ ᠰᠦᠢᠳᠬᠡᠯ ᠬᠤᠷᠢᠶᠠᠬᠤ ᠦᠭᠡᠢ ᠪᠠᠷ ᠲᠧᠯᠸᠢᠰ᠂ ᠬᠦᠯᠳᠡᠭᠡᠭᠦᠷ᠂ ᠬᠤᠪᠴᠠᠰᠤ ᠤᠬᠢᠶᠠᠬᠤ ᠮᠠᠰᠢᠨ᠂ ᠰᠢᠳᠠᠮᠠᠬᠠᠢ ᠬᠡᠢ ᠶᠢᠨ ᠵᠤᠤᠬ᠎ᠠ᠂ ᠴᠠᠬᠢᠯᠭᠠᠨ ᠲᠣᠭᠤᠭ᠎ᠠ ᠵᠡᠷᠭᠡ ᠲᠠᠪᠤᠨ ᠵᠦᠢᠯ ᠤᠨ ᠭᠡᠷ ᠤᠨ ᠴᠠᠬᠢᠯᠭᠠᠨ ᠬᠡᠷᠡᠭᠰᠡᠯ ᠤᠨ ︽ᠲᠣᠮᠣ ᠪᠡᠯᠡᠭ︾ ᠢ ᠬᠠᠩᠭᠠᠵᠠᠢ᠃      71 ᠨᠠᠰᠤᠲᠠᠢ ᠵᠢᠶᠠᠨ ᠴᠠᠩ ᠰᠢᠶᠠᠨ ᠤ ᠶᠠᠩ ᠱᠦ ᠸᠠᠨ ᠽᠢ ᠰᠢᠶᠠᠩ ᠤᠨ ᠮᠤᠩᠭᠤᠯ ᠠᠶᠢᠯ ᠲᠣᠰᠬᠤᠨ ᠤ ᠠᠷᠠᠳ ᠯᠢ ᠴᠢᠶᠠᠩ᠄ ︽ᠭᠡᠷ ᠪᠠᠷᠢᠬᠤ ᠳᠤ 11 ᠲᠦᠮᠡᠨ ᠲᠥᠭᠦᠷᠢᠭ ᠵᠠᠷᠤᠴᠠᠭᠤᠯᠵᠤ᠂ ᠨᠥᠬᠦᠪᠦᠷᠢ ᠮᠥᠩᠭᠦ ᠨᠢ 6 ᠲᠦᠮᠡ 8 ᠮᠢᠩᠭ᠎ᠠ ᠦᠭᠴᠡᠢ᠂ ᠭᠠᠳᠠᠷ ᠬᠡᠷᠡᠮ ᠳᠤ ᠪᠠᠰᠠ ᠳᠤᠯᠠᠭᠠᠨ ᠢ ᠬᠠᠮᠠᠭᠠᠯᠠᠬᠤ ᠬᠠᠪᠲᠠᠰᠤ ᠤᠭᠰᠠᠷᠠᠵᠤ᠂ ᠰᠢᠯ  ᠨᠢ ᠬᠤᠶᠠᠷ ᠲᠠᠪᠬᠤᠷ᠂ ᠰᠠᠭᠤᠷᠢ ᠨᠢ ᠬᠠᠭᠤᠴᠢᠨ ᠭᠡᠷ ᠠᠴᠠ 1.4 ᠮᠧᠲᠷ ᠥᠨᠳᠥᠷ᠂ ᠦᠶᠡᠷ ᠠᠴᠠ ᠠᠶᠤᠬᠤ ᠦᠭᠡᠢ ᠪᠣᠯᠵᠠᠢ︾ ᠭᠡᠵᠦ ᠬᠡᠯᠡᠪᠡ᠃      ᠡᠯ᠎ᠡ ᠲᠠᠯ᠎ᠠ ᠶᠢᠨ ᠬᠢᠨ ᠤ ᠬᠠᠮᠲᠤ ᠶᠢᠨ ᠴᠢᠷᠮᠠᠶᠢᠯᠭ᠎ᠠ ᠪᠠᠷ᠂ ᠬᠠᠬᠢᠷ ᠡᠪᠦᠯ ᠢᠷᠡᠬᠦ ᠠᠴᠠ ᠡᠮᠦᠨ᠎ᠡ᠂ ᠶᠠᠩ ᠱᠦ ᠸᠠᠨ ᠽᠢ ᠰᠢᠶᠠᠩ ᠤᠨ 377 ᠰᠠᠭᠤᠭᠠᠯᠢ ᠠᠷᠠᠳ ᠪᠦᠬᠦᠨ ᠢᠶᠠᠷ ᠢᠶᠠᠨ ᠰᠢᠨ᠎ᠡ ᠭᠡᠷ ᠲᠤ ᠨᠡᠭᠦᠵᠦ ᠣᠷᠣᠵᠠᠢ᠃      ᠵᠢᠶᠠᠨ ᠴᠠᠩ ᠰᠢᠶᠠᠨ ᠤ ᠳ᠋ᠠ ᠲᠦᠨ ᠪᠠᠯᠭᠠᠰᠤᠨ ᠤ ᠲᠠᠩ ᠸᠠᠩ ᠭᠦ᠋ ᠲᠣᠰᠬᠤᠨ ᠤ ᠳ᠋ᠦᠩ ᠵᠠᠩ ᠽᠢ ︽ᠨᠡᠭᠦᠳᠡᠯ ᠠᠷᠠᠳ ᠤᠨ ᠰᠢᠨ᠎ᠡ ᠲᠣᠰᠬᠤᠨ︾ ᠳᠤ᠂ 26 ᠰᠠᠭᠤᠷᠢ ᠰᠢᠨ᠎ᠡ ᠪᠠᠶᠢᠰᠢᠩ ᠪᠦᠬᠦᠨ ᠢᠶᠠᠷ ᠢᠶᠠᠨ ᠠᠰᠢᠬᠯᠠᠯᠳᠠ ᠳᠤ ᠤᠷᠤᠵᠦ᠂ ᠠᠮᠢᠳᠤᠷᠠᠯ ᠴᠤ ᠤᠯᠠᠮ ᠠᠴᠠ ᠤᠯᠠᠮ ᠰᠠᠶᠢᠵᠢᠷᠠᠬᠤ ᠶᠤᠮ︕︾ ᠭᠡᠵᠦ ᠲᠣᠰᠬᠤᠨ ᠤ ᠨᠠᠮ ᠤᠨ ᠡᠭᠦᠷ ᠤᠨ ᠱᠦᠵᠢ ᠸᠠᠩ ᠢᠦᠢ ᠰᠢᠶᠠ ᠬᠡᠯᠡᠪᠡ᠃      ᠲᠦᠭᠵᠢᠷᠡᠯ ᠢ ᠪᠠᠶᠢᠴᠠᠭᠠᠨ᠂ ᠲᠤᠳᠠᠭᠳᠠᠯ ᠢ ᠨᠥᠬᠦᠪᠦᠷᠢᠯᠡᠵᠦ᠂ ᠨᠠᠶᠢᠳᠠᠪᠤᠷᠢᠵᠢᠭᠤᠯᠤᠯᠲᠠ ᠶᠢ ᠴᠢᠬᠤᠯᠠᠴᠢᠯᠠᠪᠠ ᠥᠪᠥᠷ ᠮᠣᠩᠭᠤᠯ ᠤᠨ ᠬᠥᠬᠡᠬᠤᠲᠠ ᠶᠢᠨ ᠢᠦᠢ ᠴᠢᠦᠸᠠᠨ ᠲᠣᠭᠤᠷᠢᠭ ᠤᠨ ᠹᠧᠩ ᠷᠦᠢ ᠴᠡᠴᠡᠷᠯᠢᠭᠳᠦ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠶᠠᠩ ᠼᠠᠢ ᠰᠢᠶᠠ ᠶᠢᠨ ᠭᠡᠷ ᠤᠨ ᠲᠤᠯᠠᠭᠠᠨ ᠤ24.3℃ ᠬᠦᠷᠴᠦ ᠪᠠᠶᠢᠨ᠎ᠠ᠂ ᠡᠨᠡ ᠬᠦ ᠭᠡᠷ ᠤᠨ ᠳᠤᠯᠠᠭᠠᠨ ᠤ ᠲᠤᠭ᠎ᠠ ᠪᠠᠷᠢᠮᠲᠠ ᠶᠢ 20 ᠮᠢᠨᠦ᠋ᠲ ᠪᠦᠷᠢ ᠳᠤ ᠨᠢᠭᠡ ᠤᠳᠠᠭ᠎ᠠ ᠰᠢᠨᠡᠳᠬᠡᠳᠡᠭ᠃ ︽ᠡᠨᠡ ᠪᠣᠯ ᠵᠠᠰᠠᠭ ᠤᠨ ᠣᠷᠳᠣᠨ ᠠᠴᠠ ᠨᠢᠭᠡᠳᠦᠯᠲᠡᠢ ᠤᠭᠰᠠᠷᠠᠵᠤ ᠥᠭᠭᠦᠭᠰᠡᠨ ᠭᠡᠷ ᠤᠨ ᠳᠤᠯᠠᠭᠠᠨ ᠤ ᠬᠡᠮᠵᠢᠭᠦᠷ ᠮᠥᠨ᠂ ᠭᠡᠷ ᠤᠨ ᠳᠤᠯᠠᠭᠠᠨ ᠤ ᠬᠡᠮᠵᠢᠶ᠎ᠡ ᠵᠢᠭᠠᠬᠠᠨ ᠳᠣᠷᠣᠭᠰᠢᠯᠠᠪᠠᠯ ᠳᠤᠯᠠᠭᠠᠯᠭ᠎ᠠ ᠶᠢᠨ ᠺᠣᠮᠫᠠᠨᠢ ᠶᠢᠨ ᠬᠢᠨ ᠠᠶᠠᠨᠳᠠᠭᠠᠨ ᠰᠡᠷᠡᠵᠦ ᠮᠡᠳᠡᠵᠦ᠂ ᠤᠳᠠᠯ ᠦᠭᠡᠢ ᠰᠢᠢᠳᠪᠦᠷᠢᠯᠡᠴᠢᠬᠡᠨ᠎ᠡ︾ ᠭᠡᠵᠦ ᠶᠠᠩ ᠼᠠᠢ ᠰᠢᠶᠠ ᠬᠡᠯᠡᠪᠡ᠃      ᠥᠪᠥᠷ ᠮᠣᠩᠭᠤᠯ ᠤᠨ ᠡᠪᠦᠯ ᠤᠨ ᠤᠯᠠᠷᠢᠯ ᠤᠨ ᠬᠠᠬᠢᠷ ᠬᠦᠢᠲᠡᠨ᠂ ᠳᠤᠯᠠᠭᠠᠯᠠᠭ᠎ᠠ ᠶᠢᠨ ᠬᠤᠭᠤᠴᠠᠭ᠎ᠠ ᠨᠢ 6 ᠰᠠᠷ᠎ᠠ᠂ ᠲᠤᠶᠢᠯ ᠤᠨ ᠬᠦᠢᠲᠡᠨ ᠭᠠᠵᠠᠷ ᠣᠷᠣᠨ ᠳᠤ 9 ᠰᠠᠷ᠎ᠠ ᠦᠷᠭᠦᠯᠵᠢᠯᠡᠨ᠎ᠡ᠃ ᠲᠦᠷᠦᠭᠦᠸ ᠬᠡᠳᠦᠨ ᠵᠢᠯ ᠤᠨ ᠳᠤᠯᠠᠭᠠᠯᠠᠭ᠎ᠠ ᠶᠢᠨ ᠤᠯᠠᠷᠢᠯ ᠳᠤ᠂ ᠣᠯᠠᠨ ᠲᠦᠮᠡᠨ ᠦᠷᠭᠦᠯᠵᠢ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠭᠤᠨ ᠤᠲᠠᠰᠤ ᠪᠠᠷ ᠭᠡᠷ ᠪᠦᠯᠢ ᠶᠢᠨ ᠳᠤᠯᠠᠭᠠᠨ ᠤ ᠬᠡᠮᠵᠢᠶ᠎ᠡ ᠪᠠᠷᠢᠮᠵᠢᠶ᠎ᠠ ᠳᠤ ᠬᠦᠷᠬᠦ ᠦᠭᠡᠢ᠂ ᠳᠤᠯᠠᠭᠠᠯᠠᠭ᠎ᠠ ᠵᠣᠭᠰᠤᠩᠭᠤᠶᠢᠷᠠᠭᠰᠠᠨ᠂ ᠳᠤᠯᠠᠭᠠᠯᠠᠭ᠎ᠠ ᠶᠢᠨ ᠬᠡᠮᠵᠢᠶ᠎ᠡ ᠵᠢᠭᠳᠡ ᠪᠤᠰᠤ ᠵᠡᠷᠭᠡ ᠠᠰᠠᠭᠤᠳᠠᠯ ᠢ ᠲᠤᠰᠬᠠᠵᠤ᠂ ᠳᠤᠯᠠᠭᠠᠯᠠᠭ᠎ᠠ ᠶᠢᠨ ᠲᠤᠬᠠᠢ ᠵᠠᠭᠠᠯᠳᠤᠯᠭ᠎ᠠ ᠶᠢᠨ ᠲᠤᠭ᠎ᠠ ᠬᠡᠮᠵᠢᠶ᠎ᠡ ᠮᠠᠰᠢ ᠥᠨᠳᠥᠷ ᠪᠠᠶᠢᠵᠠᠢ᠃      ᠠᠷᠠᠳ ᠢᠷᠭᠡᠳ ᠤᠨ ᠲᠤᠯᠠᠭᠠᠯᠭ᠎ᠠ ᠶᠢᠨ ᠠᠰᠠᠭᠤᠳᠠᠯ ᠢ ᠬᠡᠷᠬᠢᠨ ᠲᠤᠶᠢᠯᠪᠤᠷᠢᠲᠠᠢ ᠰᠢᠢᠳᠪᠦᠷᠢᠯᠡᠬᠦ ᠪᠤᠢ︖      2024 ᠣᠨ ᠤ ᠡᠬᠢᠨ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠨᠠᠷᠢᠨ ᠬᠢᠨᠠᠮᠠᠭᠠᠢ ᠰᠤᠳᠤᠯᠬᠤ ᠪᠠᠷ ᠳᠠᠮᠵᠢᠨ᠂ 196 ᠳ᠋ᠦᠩᠰᠢᠭᠤᠷ ᠲᠥᠭᠦᠷᠢᠭ ᠭᠠᠷᠭᠠᠵᠤ ︽ᠲᠤᠯᠠᠭᠠᠯᠭ᠎ᠠ ᠶᠢᠨ ᠢᠨᠵᠧᠨᠧᠷᠢᠩ︾ ᠢ ᠬᠡᠷᠡᠭᠵᠢᠭᠦᠯᠵᠦ᠂ ︽ᠡᠪᠦᠯ ᠤᠨ ᠡᠪᠡᠳᠴᠢᠨ ᠢ ᠵᠤᠨ ᠵᠠᠰᠠᠬᠤ︾ ᠠᠷᠭ᠎ᠠ ᠬᠡᠯᠪᠡᠷᠢ ᠶᠢ ᠠᠪᠴᠤ᠂ ᠢᠯᠴᠢ ᠶᠢᠨ ᠢᠷᠡᠯᠲᠡ᠂ ᠢᠯᠴᠢ ᠶᠢᠨ ᠲᠣᠣᠷ᠂ ᠢᠯᠴᠢ ᠶᠢᠨ ᠦᠷᠳᠡᠭᠡ᠂ ᠰᠠᠭᠤᠭᠠᠯᠢ ᠡᠷᠦᠬᠡ ᠵᠡᠷᠭᠡ ᠳᠤ ᠪᠦᠬᠦ ᠬᠡᠯᠬᠢᠶ᠎ᠡ ᠶᠢᠨ ᠪᠠᠶᠢᠴᠠᠭᠠᠯᠲᠠ ᠬᠢᠵᠦ᠂ ᠲᠦᠷᠦᠯ ᠵᠦᠢᠯ ᠤᠨ ᠨᠠᠷᠢᠨ ᠳᠠᠩᠰᠠ ᠶᠢ ᠪᠠᠶᠢᠭᠤᠯᠵᠤ᠂ ᠳᠤᠯᠠᠭᠠᠯᠠᠭ᠎ᠠ ᠶᠢᠨ ᠠᠵᠢᠯ ᠢ ᠨᠠᠷᠢᠯᠢᠭ ᠨᠠᠶᠢᠳᠠᠪᠤᠷᠢᠵᠢᠭᠤᠯᠪᠠ᠃      ︽ᠡᠪᠡᠳᠴᠢᠨ ᠤ ᠦᠨᠳᠦᠰᠦ︾ ᠶᠢ ᠣᠨᠣᠪᠴᠢᠲᠠᠶ ᠡᠷᠢᠵᠦ ᠣᠯᠬᠤ ᠪᠣᠯ ᠢᠯᠴᠢ ᠬᠠᠩᠭᠠᠯᠭ᠎ᠠ ᠶᠢᠨ ᠰᠠᠶᠢᠨ ᠡᠰᠡᠬᠦ ᠶᠢᠨ ᠵᠠᠩᠭᠢᠯᠠᠭ᠎ᠠ ᠪᠣᠯᠣᠨ᠎ᠠ᠃ ᠡᠨᠡ ᠵᠢᠯ ᠤᠨ ᠬᠠᠪᠤᠷ ᠤᠨ ᠡᠬᠢ ᠪᠠᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ᠲᠦᠷᠦᠭᠦᠸ ᠬᠤᠶᠠᠷ ᠵᠢᠯ ᠤᠨ ᠢᠯᠴᠢ ᠬᠠᠩᠭᠠᠬᠤ ᠠᠵᠢᠯ ᠲᠠᠢ ᠬᠤᠯᠪᠣᠭᠳᠠᠭᠰᠠᠨ ᠵᠠᠭᠠᠯᠳᠤᠯᠭ᠎ᠠ᠂ ᠵᠠᠭᠠᠯᠳᠤᠯᠭ᠎ᠠ ᠶᠢᠨ ᠦᠭᠡ ᠶᠢ ᠡᠮᠬᠢᠯᠡᠨ ᠵᠠᠳᠠᠯᠤᠭᠰᠠᠨ ᠤ ᠬᠠᠮᠲᠤ᠂ ᠠᠵᠢᠯᠲᠠᠨ ᠢ ᠡᠷᠦᠬᠡ ᠳᠤ ᠲᠤᠮᠢᠯᠠᠨ ᠪᠠᠶᠢᠳᠠᠯ ᠢ ᠪᠠᠶᠢᠴᠠᠭᠠᠨ ᠲᠣᠳᠣᠯᠠᠵᠤ᠂ ᠡᠴᠦᠰ ᠲᠡᠭᠡᠨ ᠲᠥᠬᠦᠭᠡᠷᠦᠮᠵᠢ᠂ ᠬᠤᠭᠤᠯᠠᠢ ᠲᠣᠣᠷ ᠬᠠᠭᠤᠴᠢᠷᠠᠵᠤ᠂ ᠢᠯᠴᠢ ᠶᠢᠨ ᠢᠷᠡᠯᠲᠡ ᠬᠦᠷᠦᠯᠴᠡᠬᠦ ᠦᠭᠡᠢ ᠪᠠᠶᠢᠬᠤ ᠪᠣᠯ ᠢᠯᠴᠢ ᠬᠠᠩᠭᠠᠯᠭ᠎ᠠ ᠶᠢᠨ ᠵᠠᠩᠬᠢᠯᠭ᠎ᠠ ᠶᠢᠨ ᠠᠰᠠᠭᠤᠳᠠᠯ ᠮᠥᠨ ᠭᠡᠵᠦ ᠲᠣᠳᠣᠯᠠᠵᠠᠢ᠃ ᠹᠧᠩ ᠷᠦᠢ ᠴᠡᠴᠡᠷᠯᠢᠭᠳᠦ ᠤᠷᠤᠨ ᠰᠠᠭᠤᠴᠠ ᠶᠢᠨ ᠲᠣᠭᠤᠷᠢᠭ ᠤᠨ ᠤᠤᠯ ᠤᠨ ᠳᠤᠯᠠᠭᠠᠯᠭ᠎ᠠ ᠶᠢᠨ ᠬᠤᠭᠤᠯᠠᠢ ᠲᠤᠤᠷ ᠤᠨ ᠢᠳᠡᠭᠳᠡᠯ ᠬᠦᠨᠳᠦ ᠨᠣᠴᠢᠲᠠᠢ ᠪᠠᠶᠢᠵᠤ᠂ ᠨᠡᠭᠡᠯᠡᠭᠡᠢ ᠶᠢ ᠴᠢᠩᠭ᠎ᠠ ᠬᠠᠭᠠᠭᠰᠠᠨ ᠦᠭᠡᠢ ᠠᠴᠠ ᠪᠣᠯᠵᠤ᠂ ᠬᠡᠪ ᠤᠨ ᠳᠤᠯᠠᠭᠠᠯᠭ᠎ᠠ ᠶᠢ ᠬᠦᠨᠳᠦ ᠨᠣᠴᠢᠲᠠᠢ ᠨᠥᠯᠥᠭᠡᠯᠡᠵᠦ᠂ ᠳᠤᠯᠠᠭᠠᠯᠭ᠎ᠠ ᠶᠢᠨ ᠤᠯᠠᠷᠢᠯ ᠳᠤ ᠣᠯᠠᠨ ᠤᠳᠠᠭ᠎ᠠ ᠰᠡᠯᠪᠢᠨ ᠵᠠᠰᠠᠭᠰᠠᠨ ᠪᠣᠯᠪᠠᠴᠤ ᠳᠡᠮᠡᠢ ᠶᠡᠭᠡ ᠬᠡᠷᠡᠭᠴᠡᠭᠡ ᠦᠭᠡᠢ ᠪᠠᠶᠢᠪᠠ᠃ ᠡᠨᠡ ᠬᠦ ᠲᠥᠷᠥᠯ ᠤᠨ ᠠᠰᠠᠭᠤᠳᠠᠯ ᠢ ᠲᠤᠶᠢᠯᠪᠤᠷᠢᠲᠠᠢ ᠰᠢᠢᠳᠪᠦᠷᠢᠯᠡᠬᠦ ᠶᠢᠨ ᠲᠥᠯᠥᠭᠡ᠂ ᠡᠨᠡ ᠵᠢᠯ ᠤᠨ ᠳᠡᠭᠡᠷ᠎ᠡ ᠬᠠᠭᠠᠰ ᠵᠢᠯ ᠳᠤ ᠬᠥᠬᠡᠬᠤᠲᠠ ᠶᠢᠨ ᠵᠠᠰᠠᠭ ᠤᠨ ᠣᠷᠳᠣᠨ ᠲᠤᠯᠠᠭᠠᠯᠭ᠎ᠠ ᠵᠣᠭᠰᠣᠮᠠᠭᠴᠠ ᠠᠵᠢᠯ ᠢᠶᠠᠨ ᠡᠬᠢᠯᠡᠭᠦᠯᠵᠦ᠂ ᠢᠯᠴᠢ ᠬᠠᠩᠭᠠᠯᠭ᠎ᠠ ᠶᠢᠨ ᠬᠤᠭᠤᠯᠠᠢ ᠲᠤᠤᠷ ᠢ ᠰᠣᠯᠢᠭᠰᠠᠨ ᠢᠶᠠᠷ ᠪᠠᠷᠠᠬᠤ ᠦᠭᠡᠢ ᠪᠠᠰᠠ ᠤᠷᠤᠨ ᠲᠣᠭᠤᠷᠢᠭ ᠬᠤᠪᠢᠶᠠᠨ ᠢᠯᠴᠢ ᠬᠠᠩᠭᠠᠬᠤ ᠥᠭᠡᠷᠡᠴᠢᠯᠡᠯᠲᠡ ᠬᠢᠭᠰᠡᠨ ᠪᠠᠶᠢᠨ᠎ᠠ᠃      ︽ᠡᠨᠡ ᠡᠪᠦᠯ ᠭᠡᠷ ᠤᠨ ᠬᠠᠯᠠᠭᠤᠨ ᠤ ᠬᠡᠮᠵᠢᠶ᠎ᠡ ᠨᠡᠯᠢᠶᠡᠳ ᠳᠡᠭᠡᠭᠰᠢᠯᠡᠪᠡ᠂ ᠪᠢ ᠵᠤᠵᠠᠭᠠᠨ ᠬᠥᠨᠵᠢᠯᠡ ᠪᠠᠨ ᠬᠤᠷᠢᠶᠠᠭᠠᠳ ᠨᠢᠮᠭᠡᠨ ᠬᠥᠨᠵᠢᠯᠡ ᠬᠤᠴᠢᠪᠠᠯ ᠪᠣᠯᠴᠢᠬᠠᠨ᠎ᠠ︾ ᠭᠡᠵᠦ ᠶᠠᠩ ᠼᠠᠢ ᠰᠢᠶᠠ ᠬᠡᠯᠡᠪᠡ᠃      ᠢᠯᠴᠢ ᠶᠢᠨ ᠡᠬᠢ ᠰᠤᠷᠪᠤᠯᠵᠢ ᠶᠢᠨ ᠲᠣᠭᠲᠠᠭᠤᠨ ᠪᠠᠶᠢᠬᠤ ᠶᠢ ᠪᠠᠳᠤᠯᠠᠬᠤ ᠪᠣᠯ ᠪᠠᠰᠠᠴᠤ ︽ᠲᠤᠯᠠᠭᠠᠯᠭ᠎ᠠ ᠶᠢᠨ ᠢᠨᠵᠧᠨᠧᠷᠢᠩ︾ ᠤᠨ ᠪᠡᠷᠬᠡ ᠰᠡᠳᠦᠪ ᠢ ᠰᠢᠢᠳᠪᠦᠷᠢᠯᠡᠬᠦ ᠴᠢᠬᠤᠯᠠ ᠶᠠᠪᠤᠳᠠᠯ ᠪᠣᠯᠣᠨ᠎ᠠ᠃ ᠶᠠᠩ ᠼᠠᠢ ᠰᠢᠶᠠ ᠶᠢᠨ ᠰᠠᠭᠤᠵᠤ ᠪᠠᠶᠢᠭ᠎ᠠ ᠤᠷᠤᠨ ᠰᠠᠭᠤᠴᠠ ᠶᠢᠨ ᠲᠣᠭᠤᠷᠢᠭ ᠤᠨ ᠢᠯᠴᠢ ᠬᠠᠩᠭᠠᠬᠤ ᠬᠤᠭᠤᠯᠠᠢ ᠨᠢ ᠥᠩᠭᠡᠷᠡᠭᠰᠡᠨ ᠳᠤ ᠬᠤᠲᠠ ᠶᠢᠨ ᠲᠥᠪᠯᠡᠷᠡᠭᠦᠯᠦᠨ ᠢᠯᠴᠢ ᠬᠠᠩᠭᠠᠬᠤ ᠰᠢᠰᠲ᠋ᠧᠮ ᠳᠤ ᠣᠷᠣᠭᠰᠠᠨ ᠦᠭᠡᠢ᠂ ᠵᠥᠪᠬᠡᠨ ᠢᠯᠴᠢ ᠬᠠᠩᠭᠠᠬᠤ ᠠᠵᠤ ᠠᠬᠤᠶᠢᠯᠠᠯ ᠤᠨ ᠵᠢᠵᠢᠭ ᠭᠦᠸᠧᠯᠦ ᠶᠢᠨ ᠳᠤᠯᠠᠭᠠᠯᠠᠭ᠎ᠠ ᠳᠤ ᠲᠦᠰᠢᠭᠯᠡᠵᠦ ᠪᠠᠶᠢᠭᠰᠠᠨ ᠪᠣᠯᠬᠤᠷ ᠭᠡᠷ ᠤᠨ ᠳᠤᠯᠠᠭᠠᠨ ᠤ ᠬᠡᠮᠵᠢᠶ᠎ᠡ ᠨᠢ ᠮᠠᠰᠢ ᠲᠣᠭᠲᠠᠪᠤᠷᠢ ᠦᠭᠡᠢ ᠪᠠᠶᠢᠪᠠ᠃      ︽ᠡᠨᠡ ᠵᠢᠯ ᠪᠢᠳᠡ ᠳ᠋ᠡ ᠲᠠᠩ ᠲᠣᠭᠲᠠᠬᠤ ᠴᠠᠬᠢᠯᠭᠠᠨ ᠤ ᠦᠢᠯᠡᠳᠪᠦᠷᠢ ᠠᠴᠠ ᠬᠤᠲᠠ ᠶᠢᠨ ᠲᠣᠭᠤᠷᠢᠭ ᠬᠦᠷᠬᠦ ᠣᠷᠳᠣ ᠬᠤᠭᠤᠯᠠᠶᠢᠳᠦ ᠢᠯᠴᠢ ᠬᠠᠩᠭᠠᠬᠤ ᠬᠤᠭᠤᠯᠠᠢ ᠲᠣᠣᠷ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ︿ᠲᠤᠯᠠᠭᠠᠯᠭ᠎ᠠ ᠶᠢᠨ ᠢᠨᠵᠧᠨᠧᠷᠢᠩ﹀ ᠤᠨ ᠴᠢᠬᠤᠯᠠ ᠲᠥᠷᠥᠯ ᠵᠦᠢᠯ ᠪᠣᠯᠭᠠᠵᠤ᠂ ᠢᠯᠴᠢ ᠴᠠᠬᠢᠯᠭᠠᠨ ᠢ ᠬᠠᠮᠲᠤᠷᠠᠨ ᠦᠢᠯᠡᠳᠪᠦᠷᠢᠯᠡᠬᠦ ᠪᠠᠷ ᠳᠠᠮᠵᠢᠭᠤᠯᠤᠨ ᠪᠥᠬᠦ ᠬᠤᠲᠠ ᠳᠤ ᠢᠯᠴᠢ ᠬᠠᠩᠭᠠᠵᠤ᠂ ᠢᠯᠴᠢ ᠶᠢᠨ ᠰᠤᠷᠪᠤᠯᠵᠢ ᠳᠤᠲᠠᠭᠳᠠᠵᠤ ᠪᠠᠶᠢᠭ᠎ᠠ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ︾ ᠭᠡᠵᠦ ᠬᠥᠬᠡᠬᠤᠲᠠ ᠶᠢᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠨᠡᠶᠢᠲᠡ ᠶᠢᠨ ᠬᠡᠷᠡᠭᠯᠡᠭᠡᠨ ᠤ ᠰᠠᠯᠠᠭᠠᠨ ᠤ ᠳᠠᠷᠤᠭ᠎ᠠ ᠦ᠋ ᠯᠧᠢ ᠬᠡᠯᠡᠪᠡ᠃    ᠹᠧᠩ ᠷᠦᠢ ᠴᠡᠴᠡᠷᠯᠢᠭᠳᠦ ᠰᠠᠭᠤᠭᠠᠯᠢ ᠠᠷᠠᠳ ᠤᠨ ᠲᠣᠭᠤᠷᠢᠭ ᠢ ᠴᠤ ᠡᠨᠡᠬᠦ ᠲᠦᠷᠦᠯ ᠵᠦᠢᠯ ᠤᠨ ᠳᠤᠯᠠᠭᠠᠯᠭ᠎ᠠ ᠶᠢᠨ ᠦᠭᠡᠷᠡᠴᠢᠯᠡᠯᠳᠡ ᠶᠢᠨ ᠬᠡᠪᠴᠢᠶᠡᠨ ᠳᠤ ᠣᠷᠣᠭᠤᠯᠪᠠ᠂ ᠡᠨᠡ ᠵᠢᠯ ᠤᠨ ᠡᠪᠦᠯ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠤᠨ ᠲᠤᠰᠬᠠᠭᠰᠠᠨ ᠢᠶᠠᠷ᠂ ᠡᠳᠦᠷ᠂ ᠣᠷᠣᠢ ᠶᠢᠨ ᠳᠤᠯᠠᠭᠠᠨ ᠤ ᠬᠡᠮᠵᠢᠶ᠎ᠡ ᠮᠠᠰᠢ ᠲᠣᠭᠲᠠᠭᠤᠨ ᠪᠥᠭᠡᠳ ᠴᠢᠨᠠᠷ ᠰᠠᠶᠢᠲᠠᠢ᠂ ᠠᠷᠢᠭᠤᠨ ᠴᠡᠪᠡᠷ ᠢᠯᠴᠢ ᠶᠢᠨ ᠡᠬᠢ ᠰᠤᠷᠪᠤᠯᠵᠢ ᠶᠢ ᠡᠳ᠋ᠯᠡᠪᠡ᠃      ᠬᠥᠬᠡᠬᠤᠲᠠ ᠶᠢᠨ ᠰᠢᠲᠠᠭᠠᠯᠭ᠎ᠠ ᠶᠢᠨ ᠢᠯᠴᠢ ᠶᠢᠨ ᠣᠶᠤᠨᠴᠢ ᠢᠯᠴᠢ ᠬᠠᠩᠭᠠᠯᠭ᠎ᠠ ᠶᠢ ᠶᠡᠷᠦᠩᠬᠡᠶᠢᠯᠡᠨ ᠬᠠᠮᠢᠶᠠᠷᠤᠨ ᠡᠵᠡᠮᠳᠡᠬᠦ ᠲᠠᠪᠴᠠᠩ ᠤᠨ ᠶᠡᠷᠦᠩᠬᠡᠢ ᠡᠵᠡᠮᠰᠢᠯ ᠤᠨ ᠲᠠᠰᠤᠭ ᠲᠤ᠂ 21 ᠮᠧᠲᠷ ᠤᠷᠳᠤ᠂ 7 ᠮᠧᠲᠷ ᠥᠷᠭᠡᠨ ᠲᠣᠮᠣ ᠳᠡᠯᠭᠡᠴᠡ ᠳᠤ᠂ ᠬᠥᠬᠡᠬᠤᠲᠠ ᠶᠢᠨ ᠬᠤᠳᠠ ᠶᠢᠨ ᠰᠢᠲᠠᠭᠠᠯᠭ᠎ᠠ ᠶᠢᠨ ᠢᠯᠴᠢ ᠶᠢᠨ ᠪᠦᠯᠦᠭᠯᠡᠯ ᠤᠨ ᠬᠠᠷᠢᠶᠠᠨ ᠳᠠᠬᠢ ᠢᠯᠴᠢ ᠶᠢᠨ ᠡᠬᠢ ᠰᠤᠷᠪᠤᠯᠵᠢ᠂ ᠢᠯᠴᠢ ᠶᠢᠨ ᠦᠷᠳᠡᠭᠡ᠂ ᠢᠯᠴᠢ ᠬᠠᠩᠭᠠᠯᠭ᠎ᠠ ᠶᠢᠨ ᠬᠦᠷᠢᠶ᠎ᠡ ᠬᠡᠪᠴᠢᠶ᠎ᠡ ᠵᠡᠷᠭᠡ ᠦᠢᠯᠡᠳᠪᠦᠷᠢᠯᠡᠯ ᠠᠵᠢᠯᠯᠠᠭᠠᠨ ᠤ ᠪᠠᠶᠢᠳᠠᠯ ᠢ ᠪᠦᠷᠢᠨ ᠤᠶᠢᠯᠠᠭᠠᠵᠦ ᠪᠤᠯᠤᠨ᠎ᠠ᠃      ︽ᠣᠶᠤᠨᠴᠢ ᠢᠯᠴᠢ ᠬᠠᠩᠭᠠᠬᠤ ᠲᠠᠪᠴᠠᠩ ᠠᠴᠠ ᠰᠠᠭᠤᠭᠠᠯᠢ ᠠᠷᠠᠳ ᠤᠨ ᠥᠷᠥᠭᠡᠨ ᠤ ᠳᠤᠯᠠᠭᠠᠨ ᠤ ᠬᠡᠮᠵᠢᠶ᠎ᠡ ᠶᠢ ᠪᠦᠲᠦᠮᠵᠢᠲᠡᠶ ᠪᠠᠷ ᠬᠢᠨᠠᠨ ᠡᠵᠡᠮᠳᠡᠵᠦ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠰᠡᠷᠡᠮᠵᠢᠯᠡᠭᠦᠯᠦᠨ ᠰᠢᠢᠳᠪᠦᠷᠢᠯᠡᠵᠦ᠂ ᠢᠯᠴᠢ ᠬᠠᠩᠭᠠᠬᠤ ᠶᠢ ᠬᠢᠨᠠᠨ ᠬᠠᠮᠢᠶᠠᠷᠬᠤ ᠠᠷᠭ᠎ᠠ ᠮᠠᠶ᠋ᠢᠭ ᠢ ᠵᠠᠭᠠᠯᠳᠤᠯᠭ᠎ᠠ ᠶᠢ ᠬᠦᠯᠢᠶᠡᠨ ᠠᠪᠤᠭᠰᠠᠨ ᠤ ᠳᠠᠷᠠᠭ᠎ᠠ ᠰᠠᠨᠠᠭᠠᠴᠢᠯᠠᠭ᠎ᠠ ᠪᠤᠰᠤ ᠰᠢᠢᠳᠪᠦᠷᠢᠯᠡᠵᠦ ᠪᠠᠶᠢᠭᠰᠠᠨ ᠠᠴᠠ ᠬᠡᠷᠡᠭ ᠤᠨ ᠡᠮᠦᠨ᠎ᠡ ᠤᠷᠢᠳᠴᠢᠯᠠᠨ ᠰᠡᠷᠡᠮᠵᠢᠯᠡᠭᠦᠯᠵᠦ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠪᠣᠯᠭᠠᠨ ᠬᠤᠪᠢᠷᠠᠭᠤᠯᠵᠠᠢ︾ ᠭᠡᠵᠦ ᠬᠤᠳᠠ ᠶᠢᠨ ᠢᠯᠴᠢ ᠶᠢᠨ ᠬᠦᠴᠦᠨ ᠤ ᠪᠦᠯᠦᠭᠯᠡᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠠᠵᠢᠯᠲᠠᠨ ᠮᠢᠶᠣᠣ ᠶᠦᠩ ᠴᠢᠩ ᠬᠡᠯᠡᠪᠡ᠃       ᠨᠡᠩ ᠤᠶᠤᠨᠴᠢ᠂ ᠨᠡᠩ ᠴᠡᠪᠡᠷ᠂ ᠨᠡᠩ ᠵᠣᠭᠤᠰ ᠠᠷᠪᠢᠯᠠᠵᠠᠢ      ᠨᠢᠩᠰᠢᠶᠠ ᠶᠢᠨ ᠯᠢᠩ ᠦ᠋ ᠬᠤᠳᠠ ᠶᠢᠨ ᠴᠥᠩ ᠰᠢᠩ ᠪᠠᠯᠭᠠᠰᠤᠨ ᠤ ᠵᠦᠩ ᠪᠧᠢ ᠲᠣᠰᠬᠤᠨ ᠤ ᠠᠷᠠᠳ ᠮᠠ ᠶᠢᠨ ᠪᠦᠦ᠂ ᠡᠨᠡ ᠡᠪᠦᠯ ᠤᠨ ᠬᠠᠮᠤᠭ ᠠᠴᠠ ᠬᠢᠬᠦ ᠳᠤᠷᠠᠲᠠᠢ ᠶᠠᠪᠤᠳᠠᠯ ᠪᠣᠯ ᠳᠠᠷᠤᠢ ᠭᠡᠷ ᠲᠡᠭᠡᠨ ᠴᠡᠴᠡᠭ ᠠᠷᠠᠴᠢᠠᠯᠬᠤ ᠶᠠᠪᠤᠳᠠᠯ ᠪᠣᠯᠣᠨ᠎ᠠ᠃ ︽ᠥᠩᠭᠡᠷᠡᠭᠰᠡᠨ ᠳᠤ ᠡᠪᠦᠯ ᠭᠡᠷ ᠲᠤ ᠬᠦᠢᠲᠡᠨ᠂ ᠴᠡᠴᠡᠭ ᠠᠷᠠᠴᠢᠯᠠᠬᠤ ᠳᠤ ᠮᠠᠭᠤ᠂ ᠤᠳᠤ ᠭᠡᠷ ᠨᠡᠯᠢᠶᠡᠳ ᠬᠠᠯᠠᠭᠤᠨ᠂ ᠪᠢ 20 ᠭᠠᠷᠤᠢ ᠫᠸᠡᠭᠰᠡ ᠴᠡᠴᠡᠭ ᠲᠡᠵᠢᠭᠡᠵᠡᠢ︕ ᠰᠡᠳᠬᠢᠯ ᠰᠠᠨᠠᠭ᠎ᠠ ᠲᠡᠨᠢᠭᠦᠨ ᠲᠠᠭᠠᠯᠠᠮᠵᠢᠳᠠᠢ ᠪᠠᠶᠢᠨ᠎ᠠ︾ ᠭᠡᠪᠡ᠃      ᠵᠦᠩ ᠪᠧᠢ ᠲᠣᠰᠬᠤᠨ ᠳᠤ ᠠᠶᠢᠯ ᠡᠷᠦᠬᠡ ᠪᠦᠷᠢ ᠳᠤ᠂ ᠰᠣᠷᠭᠤᠭ ᠴᠡᠴᠡᠭ ᠲᠡᠯᠭᠡᠷᠡᠵᠦ᠂ ᠡᠪᠦᠯ ᠤᠨ ᠤᠯᠠᠷᠢᠯ ᠤᠨ ᠬᠥᠮᠥᠰ ᠤᠨ ᠰᠡᠳᠬᠢᠯ ᠢ ᠬᠥᠳᠡᠯᠭᠡᠮ᠎ᠡ ᠦᠵᠡᠮᠵᠢ ᠪᠣᠯᠵᠠᠢ᠃      ᠥᠩᠭᠡᠷᠡᠭᠰᠡᠨ ᠳᠤ ᠡᠪᠦᠯ ᠪᠣᠯᠬᠤ ᠪᠦᠷᠢ ᠲᠣᠰᠬᠤᠨ ᠤ ᠠᠷᠠᠳ ᠭᠡᠷ ᠲᠡᠭᠡᠨ ᠵᠤᠤᠬ᠎ᠠ ᠪᠣᠰᠬᠠᠵᠤ᠂ ᠮᠣᠳᠣᠨ ᠲᠦᠯᠡᠭᠡ ᠪᠤᠶᠤ ᠨᠡᠭᠦᠷᠡᠰᠦ ᠰᠢᠲᠠᠭᠠᠵᠤ ᠳᠤᠯᠠᠭᠠᠯᠠᠳᠠᠭ᠃ ︽ᠨᠡᠭᠦᠷᠡᠰᠦ ᠶᠢ ᠠᠷᠪᠢᠯᠠᠬᠤ ᠶᠢᠨ ᠲᠥᠯᠥᠭᠡ ᠶᠡᠷᠦᠩᠬᠡᠢ ᠳᠡᠭᠡᠨ ᠨᠢᠭᠡ ᠯᠡ ᠵᠤᠤᠬ᠎ᠠ ᠪᠣᠰᠬᠠᠳᠠᠭ᠂ ᠪᠤᠰᠤᠳ ᠭᠡᠷ ᠪᠠᠶᠢᠰᠢᠩ ᠨᠢ ᠪᠦᠷ ᠭᠦᠪ ᠬᠦᠢᠲᠡᠨ ᠪᠠᠶᠢᠳᠠᠭ᠂ ᠰᠥᠨᠢ ᠤᠨᠲᠠᠬᠤ ᠳᠠᠭᠠᠨ ᠭᠠᠯ ᠤᠨ ᠠᠶᠤᠯ ᠠᠴᠠ ᠠᠶᠤᠳᠠᠭ᠂ ᠨᠡᠭᠦᠷᠡᠰᠦᠨ ᠤᠳᠤᠭ᠎ᠠ ︵ᠨᠡᠭᠦᠷᠡᠰᠦᠲᠥ᠋ᠷᠥᠭᠴᠢ ᠶᠢᠨ ᠲᠠᠩ ᠢᠰᠦᠯ ᠳᠤ ᠬᠤᠣᠷᠳᠠᠭᠳᠠᠬᠤ︶ ᠠᠴᠠ ᠪᠠᠰᠠ ᠠᠶᠤᠳᠠᠭ ᠪᠤᠯᠬᠤᠷ ᠵᠦᠪᠬᠡᠨ ᠨᠡᠭᠦᠷᠡᠰᠦᠨ ᠭᠠᠯ ᠢ ᠤᠨᠲᠠᠷᠠᠭᠠᠵᠤ᠂ ᠬᠤᠶᠠᠷ ᠬᠥᠨᠵᠢᠯᠡ ᠬᠤᠴᠢᠵᠤ ᠤᠨᠲᠠᠳᠠᠭ ᠪᠠᠶᠢᠵᠠᠢ︾᠂ ᠡᠳᠦᠷ ᠪᠦᠷᠢ ᠨᠡᠭᠦᠷᠡᠰᠦ ᠨᠡᠮᠡᠵᠦ ᠦᠨᠡᠰᠦ ᠴᠢᠳᠬᠤᠬᠤ ᠪᠣᠯ ᠡᠪᠦᠯ ᠤᠨ ᠤᠯᠠᠷᠢᠯ ᠤᠨ ᠬᠡᠪ ᠤᠨ ᠪᠠᠶᠢᠳᠠᠯ ᠮᠥᠨ᠃       2017 ᠣᠨ ᠠᠴᠠ ᠡᠬᠢᠯᠡᠨ᠂ ᠬᠥᠳᠡᠭᠡ ᠲᠣᠰᠬᠤᠨ ᠤ ᠭᠠᠵᠠᠷ ᠣᠷᠣᠨ ᠢᠶᠠᠷ ᠭᠤᠤᠯᠳᠠᠯᠭ᠎ᠠ ᠪᠤᠯᠭᠠᠵᠦ᠂ ᠲᠥᠪ ᠤᠨ ᠡᠳ᠋ ᠤᠨ ᠵᠠᠰᠠᠭ ᠠᠴᠠ ᠤᠮᠠᠷᠠᠲᠤ ᠣᠷᠣᠨ ᠤ ᠡᠪᠦᠯ ᠤᠨ ᠤᠯᠠᠷᠢᠯ ᠤᠨ ᠠᠷᠢᠭᠤᠨ ᠴᠡᠪᠡᠷ ᠳᠤᠯᠠᠭᠠᠯᠠᠭ᠎ᠠ ᠶᠢᠨ ᠲᠤᠷᠰᠢᠯᠲᠠ ᠶᠢ ᠲᠡᠮᠵᠢᠪᠡ᠃2023 ᠣᠨ ᠤ ᠬᠠᠪᠤᠷ ᠤᠨ ᠡᠬᠢ ᠪᠠᠷ᠂ ᠡᠷᠦᠬᠡ ᠪᠦᠷᠢ ᠳᠤ 1.35 ᠲᠦᠮᠡᠨ ᠲᠥᠭᠦᠷᠢᠭ ᠤᠨ ᠲᠥᠷᠥᠯ ᠵᠦᠢᠯ ᠤᠨ ᠨᠥᠬᠦᠪᠦᠷᠢ ᠥᠭᠴᠦ᠂ ᠮᠠ ᠶᠢᠨ ᠪᠦᠦ ᠵᠥᠪᠬᠡᠨ 1500 ᠲᠥᠭᠦᠷᠢᠭ ᠭᠠᠷᠭᠠᠵᠤ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠠᠵᠢᠯ ᠢ ᠪᠡᠶᠡᠯᠡᠭᠦᠯᠵᠦ᠂ ᠠᠭᠠᠷ ᠤᠨ ᠢᠯᠴᠢ ᠶᠢᠨ ᠬᠥᠭᠡᠷᠭᠡ ᠪᠠ ᠳᠤᠯᠠᠭᠠᠮᠵᠢ ᠶᠢᠨ ᠢᠯᠲᠠᠰᠤ ᠤᠭᠰᠠᠷᠠᠭᠰᠠᠨ ᠪᠠᠶᠢᠨ᠎ᠠ᠃ ᠴᠠᠬᠢᠯᠭᠠᠨ ᠡᠭᠦᠰᠬᠡᠭᠴᠢ ᠶᠢᠨ ᠨᠡᠭᠡᠭᠡᠯᠭᠡ ᠶᠢ ᠨᠡᠭᠡᠭᠡᠪᠡᠯ ᠳᠠᠷᠤᠢ ᠠᠭᠠᠷ ᠤᠨ ᠢᠯᠴᠢ ᠶᠢ ᠠᠰᠢᠭᠯᠠᠨ ᠭᠡᠷ ᠢᠶᠠᠨ ᠬᠠᠯᠠᠭᠤᠯᠵᠤ᠂ ᠬᠤᠭᠤᠯᠠᠢ ᠳᠣᠲᠣᠷᠠᠬᠢ ᠬᠥᠯᠳᠡᠬᠦ ᠠᠴᠠ ᠰᠡᠷᠭᠡᠶᠢᠯᠡᠬᠦ ᠰᠢᠩᠭᠡᠨ ᠢ ᠬᠠᠯᠠᠭᠠᠵᠤ᠂ ᠳᠤᠯᠠᠭᠠᠮᠵᠢ ᠶᠢᠨ ᠢᠯᠲᠠᠰᠤ ᠤᠭᠰᠠᠷᠠᠭᠰᠠᠨ ᠦᠷᠦᠭᠡ ᠪᠣᠯᠭᠠᠨ ᠢ ᠳᠤᠯᠠᠭᠠᠴᠠᠭᠤᠯᠤᠨ᠎ᠠ᠃ ︽ᠥᠨᠥ ᠰᠥᠨᠢ ᠤᠨᠳᠠᠬᠤ ᠳᠠᠭᠠᠨ ᠨᠢᠮᠭᠡᠨ ᠬᠦᠨᠵᠢᠯᠡ ᠬᠡᠷᠡᠭᠯᠡᠵᠦ᠂ ᠭᠠᠯ ᠤᠨ ᠠᠶᠤᠯ ᠪᠤᠶᠤ ᠨᠡᠭᠦᠷᠡᠰᠦᠨ ᠤᠲᠤᠭ᠎ᠠ ᠠᠴᠠ ᠴᠤ ᠠᠶᠤᠬᠤ ᠦᠭᠡᠢ ᠪᠣᠯᠵᠠᠢ︾ ᠭᠡᠵᠦ ᠬᠡᠯᠡᠪᠡ᠃      ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠨᠢ ︽ᠲᠣᠭᠲᠠᠭᠤᠨ︾ ᠲᠤᠯᠠᠭᠠᠯᠭ᠎ᠠ ᠬᠠᠩᠭᠠᠭᠰᠠᠨ ᠢᠶᠠᠷ ᠪᠠᠷᠠᠬᠤ ᠦᠭᠡᠢ ᠨᠡᠩ ᠠᠷᠢᠭᠤᠨ ᠴᠡᠪᠡᠷ ᠪᠣᠯᠤᠭᠰᠠᠨ ᠪᠠᠶᠢᠨ᠎ᠠ᠃      ᠲᠣᠰᠬᠤᠨ ᠤ ᠠᠷᠠᠳ ᠤᠨ ᠳᠤᠯᠠᠭᠠᠯᠠᠭ᠎ᠠ ᠶᠢᠨ ᠥᠪᠡᠷ ᠤᠨ ᠥᠷᠲᠡᠭ ᠢ ᠪᠠᠭᠤᠷᠠᠭᠤᠯᠬᠤ ᠶᠢᠨ ᠲᠥᠯᠥᠭᠡ᠂ ᠨᠢᠩᠰᠢᠶᠠ ᠶᠢᠨ ᠬᠢᠨ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠬᠤᠭᠤᠴᠠᠭᠠᠨ ᠳᠠᠬᠢ ᠴᠡᠪᠡᠷ ᠳᠤᠯᠠᠭᠠᠯᠭ᠎ᠠ ᠶᠢᠨ ᠴᠠᠬᠢᠯᠭᠠᠨ ᠳᠤ ᠴᠠᠭ ᠬᠤᠪᠢᠶᠠᠭᠰᠠᠨ ᠴᠠᠬᠢᠯᠭᠠᠨ ᠤ ᠦᠨ᠎ᠡ ᠬᠡᠷᠡᠭᠵᠢᠭᠦᠯᠵᠡᠢ᠂ ᠡᠳᠦᠷ ᠤᠨ ᠴᠠᠬᠢᠯᠭᠠᠨ ᠨᠢ ᠭᠷᠡᠳᠦ᠋ᠰ ᠪᠦᠷᠢ ᠳᠤ 0.49 ᠲᠥᠭᠦᠷᠢᠭ᠂ ᠣᠷᠣᠢ ᠶᠢᠨ 10 ᠴᠠᠭ ᠠᠴᠠ ᠳᠠᠷᠠᠭ᠎ᠠ ᠡᠳᠦᠷ ᠤᠨ ᠬᠢᠨᠢ ᠥᠷᠯᠥᠭᠡ ᠶᠢᠨ 8 ᠴᠠᠭ ᠪᠣᠯᠲᠠᠯ᠎ᠠ᠂ ᠭᠷᠡᠳᠦ᠋ᠰ ᠪᠦᠷᠢ ᠳᠤ 0.24 ᠲᠥᠭᠦᠷᠢᠭ ᠪᠤᠯᠤᠨ᠎ᠠ᠃       ︽︿ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ﹀ ᠲᠤᠬᠠᠢ ᠲᠣᠰᠬᠤᠨ ᠤ ᠠᠷᠠᠳ ᠤᠨ ᠡᠷᠡᠭᠡᠯᠵᠡᠭᠡ ᠶᠢ ᠠᠷᠢᠯᠭᠠᠬᠤ ᠶᠢᠨ ᠲᠥᠯᠥᠭᠡ᠂ ᠪᠢᠳᠡ ᠰᠠᠶᠢᠨ ᠳᠤᠷ᠎ᠠ ᠠᠴᠠ ᠪᠠᠨ ᠨᠡᠷ᠎ᠡ ᠮᠡᠳᠡᠭᠦᠯᠬᠦ ᠠᠷᠭ᠎ᠠ ᠪᠠᠷ ᠪᠦᠯᠦᠭ ᠬᠤᠪᠢᠶᠠᠨ ᠥᠭᠡᠷᠡᠴᠢᠯᠡᠵᠦ᠂ ᠥᠪᠡᠷ ᠤᠨ ᠦᠷᠳᠡᠭ ᠢᠶᠠᠷ ᠨᠡᠯᠢᠶᠡᠳ ᠳᠣᠣᠷ᠎ᠠ᠂ ᠲᠤᠰ ᠭᠠᠵᠠᠷ ᠤᠨ ᠬᠥᠳᠡᠭᠡ ᠲᠣᠰᠬᠤᠨ ᠤ ᠪᠣᠳᠠᠲᠤ ᠪᠠᠶᠢᠳᠠᠯ ᠳᠤ ᠲᠣᠬᠢᠷᠠᠬᠤ ᠠᠭᠠᠷ ᠤᠨ ᠢᠷᠡᠯᠲᠡ ᠶᠢᠨ ᠢᠯᠴᠢ ᠶᠢᠨ ᠬᠥᠭᠡᠷᠭᠡ ᠶᠢ ᠨᠢᠭᠡᠳᠦᠯᠲᠡᠢ ᠤᠭᠰᠠᠷᠠᠪᠠ︾᠂ ᠳᠤᠯᠠᠭᠠᠯᠠᠭ᠎ᠠ ᠶᠢᠨ ᠥᠭᠡᠷᠡᠴᠢᠯᠡᠯᠲᠡ ᠶᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠬᠤ ᠴᠠᠬᠢᠯᠭᠠᠨ ᠤᠳᠠᠰᠤ ᠶᠢ ᠲᠠᠷᠢᠶᠠᠴᠢᠨ ᠡᠷᠦᠬᠡ ᠳᠤ ᠰᠦᠢᠳᠬᠡᠯ ᠬᠤᠷᠢᠶᠠᠬᠤ ᠦᠭᠡᠢ ᠪᠠᠷ ᠵᠠᠯᠭᠠᠵᠤ ᠦᠭᠴᠡᠢ᠂ ᠤᠳᠤ ᠪᠦᠬᠦ ᠬᠤᠳᠠ ᠶᠢᠨ ᠪᠠᠶᠢᠩᠭᠤ ᠰᠠᠭᠤᠭ᠎ᠠ 3 ᠲᠦᠮᠡ ᠭᠠᠷᠤᠢ ᠡᠷᠤᠭᠡ ᠶᠢᠨ ᠠᠷᠢᠭᠤᠨ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢ ᠦᠨᠳᠦᠰᠦᠨ ᠳᠡᠭᠡᠨ ᠪᠡᠶᠡᠯᠡᠭᠦᠯᠪᠡ ᠭᠡᠵᠦ ᠯᠢᠩ ᠦ᠋ ᠬᠤᠳᠠ ᠶᠢᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠰᠢᠦᠢ ᠸᠧᠢ ᠮᠢᠨ ᠲᠠᠨᠢᠯᠴᠠᠭᠤᠯᠵᠠᠢ ᠢᠷᠡᠯᠳᠡ᠄ ᠰᠢᠨᠬᠤᠸᠠ ᠬᠤᠷᠢᠶ᠎ᠠ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1