ᠣᠷᠣᠨ ᠰᠠᠭᠤᠴᠠ ᠪᠠ ᠣᠷᠣᠨ ᠰᠠᠭᠤᠴᠠ ᠶᠢᠨ ᠲᠤᠭᠤᠷᠢᠭ ᠤᠨ ᠣᠶᠤᠨᠴᠢᠯᠠᠭᠰᠠᠨ ᠬᠢᠷᠢ ᠲᠦᠪᠰᠢᠨ ᠢ | ᠳᠡᠭᠡᠭᠰᠢᠯᠡᠭᠦᠯᠬᠦ ᠪᠣᠯ ᠣᠶᠤᠨᠴᠢ ᠥᠨᠳᠥᠷ ᠪᠦᠲᠦᠮᠵᠢᠲᠡᠢ ᠰᠢᠨ᠎ᠡ ᠮᠠᠶ᠋ᠢᠭ ᠤᠨ ᠬᠤᠳᠠ ᠶᠢᠨ ᠰᠠᠭᠤᠷᠢ | ᠲᠥᠬᠦᠭᠡᠷᠦᠮᠵᠢ ᠶᠢᠨ ᠰᠢᠰᠲ᠋ᠧᠮ ᠢ ᠪᠠᠶᠢᠭᠤᠯᠬᠤ ᠶᠢᠨ ᠬᠦᠴᠦᠲᠡᠢ ᠭᠠᠷᠳᠠᠴᠠ ᠮᠥᠨ᠂ ᠪᠠᠰᠠ ᠴᠤ ᠤᠶᠠᠨ ᠬᠠᠳᠠᠨ | ᠬᠤᠳᠠ ᠶᠢ ᠪᠦᠲᠦᠭᠡᠨ ᠪᠠᠶᠢᠭᠤᠯᠬᠤ ᠶᠢᠨ ᠴᠢᠬᠤᠯᠠ ᠠᠷᠭ᠎ᠠ ᠬᠡᠮᠵᠢᠶ᠎ᠡ ᠮᠥᠨ᠃ ᠣᠶᠢᠷ᠎ᠠ ᠳᠤ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ | ᠠᠯᠪᠠᠨ ᠲᠢᠩᠬᠢᠮ ︽ᠰᠢᠨ᠎ᠡ ᠬᠡᠯᠪᠡᠷᠢ ᠶᠢᠨ ᠬᠤᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠵᠤ ᠤᠶᠠᠨ ᠬᠠᠲᠠᠨ ᠬᠤᠲᠠ ᠶᠢ ᠪᠦᠲᠦᠭᠡᠨ ᠪᠠᠶᠢᠭᠤᠯᠬᠤ ᠲᠤᠬᠠᠢ ᠰᠠᠨᠠᠯ︾ ᠢ | ᠳᠠᠷᠤᠮᠠᠯᠯᠠᠨ ᠲᠠᠷᠬᠠᠭᠠᠵᠦ᠂ ᠣᠶᠤᠨᠲᠤ ᠣᠷᠣᠨ ᠰᠠᠭᠤᠴᠠ ᠶᠢ ᠬᠥᠭᠵᠢᠭᠦᠯᠬᠦ᠂ ᠲᠣᠭᠠᠴᠢᠯᠠᠭᠰᠠᠨ ᠭᠡᠷ ᠪᠦᠯᠢ ᠶᠢᠨ | ᠪᠦᠲᠦᠭᠡᠨ ᠪᠠᠶᠢᠭᠤᠯᠤᠯᠲᠠ ᠶᠢ ᠥᠷᠨᠢᠭᠦᠯᠬᠦ᠂ ᠰᠢᠨ᠎ᠡ ᠮᠠᠶ᠋ᠢᠭ ᠤᠨ ᠬᠤᠳᠠ ᠶᠢᠨ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠪᠣᠯᠣᠨ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠭᠦᠨᠵᠡᠭᠡᠢ | ᠠᠭᠤᠰᠤᠯᠴᠠᠯ ᠢ ᠠᠬᠢᠭᠤᠯᠵᠤ᠂ ᠠᠷᠠᠳ ᠤᠯᠠᠨ ᠢ ᠬᠤᠳᠠ ᠳᠤ ᠨᠡᠩ ᠲᠠᠭᠠᠯᠠᠮᠵᠢᠲᠠᠢ ᠨᠡᠩ ᠰᠠᠶᠢᠨ ᠰᠠᠶᠢᠬᠠᠨ | ᠠᠮᠢᠳᠤᠷᠠᠭᠤᠯᠬᠤ ᠵᠡᠷᠭᠡ ᠭᠤᠣᠯᠳᠠᠯᠭ᠎ᠠ ᠲᠠᠢ ᠡᠭᠦᠷᠭᠡ ᠶᠢ ᠲᠤᠷᠠᠳᠤᠨ ᠭᠠᠷᠭᠠᠵᠠᠢ᠃ | ᠬᠠᠮᠲᠤ ᠪᠠᠷ ᠡᠳ᠋ᠯᠡᠬᠦ ᠬᠠᠮᠵᠢᠯᠴᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠴᠣᠭᠴᠠᠵᠢᠭᠰᠠᠨ | ᠣᠶᠤᠨᠴᠢ ᠠᠮᠢ ᠠᠬᠤᠢ ᠶᠢᠨ ᠰᠢᠰᠲ᠋ᠧᠮ ᠢ ᠪᠦᠳᠦᠭᠡᠨ ᠪᠠᠶᠢᠭᠤᠯᠤᠨ᠎ᠠ᠃ ᠲᠣᠭᠠᠴᠢᠯᠠᠭᠰᠠᠨ ᠭᠡᠷ ᠪᠦᠯᠢ ᠪᠣᠯ ᠣᠶᠤᠨᠲᠤ | ᠣᠷᠣᠨ ᠰᠠᠭᠤᠴᠠ ᠶᠢᠨ ᠲᠤᠭᠤᠷᠢᠭ ᠤᠨ ᠬᠠᠮᠤᠭ ᠤᠨ ᠪᠠᠭ᠎ᠠ ᠡᠰ ᠮᠥᠨ᠂ ᠣᠶᠤᠨᠲᠤ ᠣᠷᠣᠨ ᠰᠠᠭᠤᠴᠠ ᠶᠢᠨ | ᠲᠤᠭᠤᠷᠢᠭ ᠪᠣᠯ ᠲᠣᠭᠠᠴᠢᠯᠠᠭᠰᠠᠨ ᠭᠡᠷ ᠪᠦᠯᠢ ᠶᠢᠨ ᠪᠠᠶᠢᠭᠤᠯᠤᠯᠲᠠ ᠶᠢ ᠬᠡᠷᠡᠭᠵᠢᠬᠦᠯᠬᠦ ᠰᠠᠭᠤᠷᠢ ᠮᠥᠨ᠃ ᠣᠶᠤᠨᠲᠤ | ᠣᠷᠣᠨ ᠰᠠᠭᠤᠴᠠ ᠶᠢᠨ ᠲᠤᠭᠤᠷᠢᠭ ᠪᠣᠯᠣᠨ ᠲᠣᠭᠠᠴᠢᠯᠠᠭᠰᠠᠨ ᠭᠡᠷ ᠪᠦᠯᠢ ᠶᠢᠨ ᠬᠠᠮᠵᠢᠯᠴᠠᠨ ᠬᠥᠭᠵᠢᠬᠦ ᠶᠢ | ᠴᠢᠬᠤᠯᠠᠴᠢᠯᠠᠵᠤ᠂ ᠦᠢᠯᠡᠴᠢᠯᠡᠭᠡ ᠬᠠᠮᠢᠶᠠᠷᠤᠯᠲᠠ ᠶᠢ ᠬᠤᠯᠪᠣᠯᠳᠤᠭᠤᠯᠤᠭᠰᠠᠨ ᠣᠷᠭᠠᠨᠢᠭ ᠠᠮᠢ ᠠᠬᠤᠢ ᠶᠢᠨ | ᠰᠢᠰᠲ᠋ᠧᠮ ᠢ ᠪᠠᠶᠢᠭᠤᠯᠬᠤ ᠬᠡᠷᠡᠭᠲᠡᠢ᠃ ᠨᠥᠬᠦᠴᠡᠯ ᠲᠠᠢ ᠣᠷᠣᠨ ᠰᠠᠭᠤᠴᠠ ᠶᠢᠨ ᠲᠣᠭᠤᠷᠢᠭ ᠨᠢ ᠪᠦᠷᠢᠨ ᠪᠦᠲᠦᠨ | ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ᠣᠯᠠᠨ ᠨᠡᠶᠢᠲᠡ ᠶᠢᠨ ᠪᠡᠯᠡᠳᠬᠡᠮᠵᠢ ᠶᠢᠨ | ᠲᠣᠭᠠᠵᠢᠭᠤᠯᠬᠤ᠂ ᠰᠦᠯᠵᠢᠶᠡᠵᠢᠭᠦᠯᠬᠦ᠂ ᠤᠶᠤᠨᠵᠢᠭᠤᠯᠬᠤ ᠥᠭᠡᠷᠡᠴᠢᠯᠡᠯᠲᠡ ᠬᠢᠭᠡᠳ ᠬᠠᠮᠢᠶᠠᠷᠤᠯᠲᠠ ᠶᠢ | ᠬᠡᠷᠡᠭᠵᠢᠭᠦᠯᠬᠦ ᠶᠢ ᠳᠡᠮᠵᠢᠨ᠎ᠡ᠃ ᠣᠷᠣᠨ ᠰᠠᠭᠤᠴᠠ ᠪᠠᠷ ᠠᠴᠢᠶᠠᠯᠠᠪᠤᠷᠢ ᠪᠣᠯᠭᠠᠵᠤ᠂ ᠪᠠᠷᠠᠭᠠᠨ ᠤ ᠮᠡᠳᠡᠭᠡ ᠵᠠᠩᠭᠢ ᠶᠢᠨ | ᠰᠦᠯᠵᠢᠶ᠎ᠡ᠂ ᠡᠭᠦᠯᠡᠨ ᠪᠣᠳᠣᠯᠲᠠ᠂ ᠲᠣᠮᠣ ᠳ᠋ᠠᠶᠢᠲ᠋ᠠ᠂ ᠰᠢᠯᠵᠢᠮᠡᠯ ᠮᠡᠳᠡᠭᠡ ᠬᠤᠯᠪᠣᠭ᠎ᠠ᠂ ᠵᠣᠬᠢᠶᠠᠮᠠᠯ ᠣᠶᠤᠨ | ᠵᠡᠷᠭᠡ ᠶᠢ ᠠᠰᠢᠭᠯᠠᠨ ᠰᠢᠰᠲ᠋ᠧᠮ ᠤᠨ ᠲᠠᠪᠴᠠᠩ᠂ ᠭᠡᠷ ᠤᠨ ᠬᠡᠷᠡᠭᠰᠡᠯ ᠤᠨ ᠪᠦᠲᠦᠭᠡᠭᠳᠡᠬᠦᠨ ᠤ ᠬᠤᠯᠪᠣᠯᠳᠤᠨ | ᠨᠡᠪᠲᠡᠷᠡᠯᠴᠡᠬᠦ ᠶᠢ ᠪᠡᠶᠡᠯᠡᠭᠦᠯᠵᠦ᠂ ᠲᠠᠪᠴᠠᠩ ᠠᠯᠤᠰᠯᠠᠨ ᠬᠠᠮᠲᠤᠪᠠᠷ ᠡᠳ᠋ᠯᠡᠬᠦ ᠨᠢᠭᠡᠳᠦᠯᠲᠡᠢ ᠠᠵᠢᠯᠯᠠᠭᠤᠯᠬᠤ | ᠰᠢᠰᠲ᠋ᠧᠮ ᠤᠨ ᠠᠮᠢ ᠠᠬᠤᠢ ᠶᠢ ᠲᠦᠷᠭᠡᠳᠬᠡᠨ ᠪᠠᠶᠢᠭᠤᠯᠤᠨ᠎ᠠ᠃ ᠣᠶᠤᠨᠴᠢ ᠮᠡᠳᠡᠭᠡ ᠵᠠᠩᠭᠢ ᠶᠢᠨ ᠶᠡᠷᠦᠩᠬᠡᠶᠢᠯᠡᠭᠰᠡᠨ | ᠪᠠᠶᠢᠷᠢᠯᠠᠭᠤᠯᠤᠯᠳᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠣᠷᠣᠨ ᠰᠠᠭᠤᠴᠠ ᠪᠠ ᠨᠡᠶᠢᠭᠡᠮ ᠲᠣᠭᠤᠷᠢᠭ ᠤᠨ | ᠮᠡᠳᠡᠭᠡ ᠵᠠᠩᠭᠢ ᠶᠢᠨ ᠰᠠᠭᠤᠷᠢ ᠪᠡᠯᠡᠳᠬᠡᠮᠵᠢ ᠶᠢᠨ ᠲᠥᠯᠦᠪᠵᠢᠭᠦᠯᠭᠡ ᠶᠢᠨ ᠪᠦᠲᠦᠭᠡᠨ ᠪᠠᠶᠢᠭᠤᠯᠤᠯᠲᠠ ᠳᠠᠬᠢ | ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠲᠣᠭᠠᠴᠢᠯᠠᠭᠰᠠᠨ ᠭᠡᠷ ᠪᠦᠯᠢ ᠶᠢᠨ ᠰᠢᠰᠲ᠋ᠧᠮ ᠤᠨ | ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠴᠠᠬᠢᠯᠭᠠᠨ ᠬᠦᠴᠦᠨ ᠵᠢᠴᠢ ᠮᠡᠳᠡᠭᠡ ᠵᠠᠩᠭᠢ ᠶᠢᠨ ᠲᠣᠣᠷ ᠰᠦᠯᠵᠢᠶ᠎ᠡ ᠶᠢ | ᠬᠤᠯᠪᠣᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠦᠨ᠎ᠡ᠃ | ᠪᠤᠳᠠᠳᠠᠶᠢᠵᠢᠭᠤᠯᠤᠨ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠲᠠᠯ᠎ᠠ ᠶᠢᠨ | ᠣᠶᠤᠨᠴᠢ ᠦᠢᠯᠡᠴᠢᠯᠡᠭᠡᠨ ᠤ ᠬᠡᠷᠡᠭᠴᠡᠭᠡ ᠶᠢ ᠬᠠᠩᠭᠠᠨ᠎ᠠ᠃ ᠨᠡᠶᠢᠭᠡᠮ ᠲᠣᠭᠤᠷᠢᠭ ᠤᠨ ᠢᠵᠢ ᠪᠦᠷᠢᠳᠦᠭᠦᠯᠬᠦ | ᠪᠡᠯᠡᠳᠬᠡᠮᠵᠢ ᠪᠠ ᠣᠷᠣᠨ ᠰᠠᠭᠤᠴᠠ ᠳᠠᠬᠢ ᠣᠶᠤᠨᠴᠢ ᠦᠢᠯᠡᠳᠬᠦᠨ ᠤ ᠪᠠᠶᠢᠷᠢᠯᠠᠭᠤᠯᠤᠯᠲᠠ ᠶᠢ ᠦᠷᠭᠦᠯᠵᠢᠯᠡᠨ | ᠲᠡᠭᠦᠯᠳᠡᠷᠵᠢᠭᠦᠯᠵᠦ᠂ ︽ᠪᠦᠬᠦᠨ ᠢ ᠤᠶᠤᠨᠴᠢᠯᠠᠬᠤ︾ ᠠᠮᠢᠳᠤᠷᠠᠯ ᠤᠨ ᠠᠬᠤᠢ ᠪᠠᠶᠢᠳᠠᠯ ᠢ ᠴᠢᠷᠮᠠᠶᠢᠨ ᠪᠣᠶ ᠪᠣᠯᠭᠠᠨ᠎ᠠ | ᠃ ᠣᠶᠤᠨᠲᠤ ᠵᠠᠬᠢᠳᠠᠯ ᠪᠣᠭᠤᠳᠠᠯ ᠤᠨ ᠬᠠᠶᠢᠷᠴᠠᠭ ︵ᠲᠦᠷᠭᠡᠨ ᠬᠦᠷᠭᠡᠯᠳᠡ ᠶᠢᠨ ᠬᠠᠶᠢᠷᠴᠠᠭ︶ ᠵᠡᠷᠭᠡ | ᠦᠢᠯᠡᠴᠢᠯᠡᠭᠡᠨ ᠤ ᠲᠠᠪᠴᠠᠩ ᠢ ᠤᠷᠤᠨ ᠰᠠᠭᠤᠴᠠ ᠶᠢᠨ ᠲᠤᠭᠤᠷᠢᠭ ᠲᠤ ᠪᠠᠶᠢᠷᠢᠰᠢᠭᠤᠯᠬᠤ ᠶᠢ ᠳᠡᠮᠵᠢᠵᠦ᠂ ᠣᠶᠤᠨᠴᠢ | ᠠᠳᠠᠯ ᠠᠬᠤᠢ ᠶᠢᠨ ᠦᠢᠯᠡᠴᠢᠯᠡᠭᠡᠨ ᠤ ᠵᠠᠭᠪᠤᠷ ᠲᠤ ᠰᠢᠨ᠎ᠡ ᠶᠢ ᠡᠭᠦᠳᠴᠦ᠂ ᠠᠳᠠᠯ ᠠᠬᠤᠢ ᠶᠢᠨ ᠦᠢᠯᠡᠴᠢᠯᠡᠭᠡᠨ ᠤ | ᠠᠵᠤ ᠠᠬᠤᠶᠢᠯᠠᠯ ᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠠᠮᠢᠳᠤᠷᠠᠯ ᠤᠨ | ᠦᠢᠯᠡᠴᠢᠯᠡᠭᠡ ᠶᠢ ᠬᠥᠭᠵᠢᠭᠦᠯᠬᠦ ᠶᠢ ᠬᠥᠲᠥᠯᠥᠨ ᠵᠢᠯᠤᠭᠤᠳᠴᠤ ᠳᠡᠮᠵᠢᠨ᠎ᠡ᠃ ᠣᠲᠣ ᠶᠢᠨ ᠪᠠᠶᠢᠭ᠎ᠠ ᠣᠷᠣᠨ | ᠰᠠᠭᠤᠴᠠ ᠳᠤ ᠰᠢᠨ᠎ᠡ ᠪᠠᠷ ᠪᠠᠶᠢᠭᠤᠯᠬᠤ ᠣᠷᠣᠨ ᠰᠠᠭᠤᠴᠠ ᠪᠠᠷ ᠯᠠᠪᠯᠠᠯᠲᠠ ᠪᠣᠯᠭᠠᠨ ᠣᠶᠤᠨᠴᠢ ᠦᠢᠯᠡᠳᠬᠦᠨ | ᠲᠣᠬᠢᠷᠠᠭᠤᠯᠬᠤ ᠶᠢ ᠵᠣᠷᠢᠭᠵᠢᠭᠤᠯᠵᠤ᠂ ᠤᠯᠠᠮᠵᠢᠯᠠᠯᠲᠤ ᠭᠡᠷ ᠤᠨ ᠬᠡᠷᠡᠭᠰᠡᠯ ᠤᠨ ᠦᠢᠯᠡᠳᠬᠦᠨ ᠳᠤ ᠴᠠᠬᠢᠯᠭᠠᠨᠵᠢᠭᠤᠯᠬᠤ | ᠂ ᠲᠣᠭᠠᠵᠢᠭᠤᠯᠬᠤ᠂ ᠰᠦᠯᠵᠢᠶᠡᠵᠢᠭᠦᠯᠬᠦ ᠥᠭᠡᠷᠡᠴᠢᠯᠡᠯᠲᠡ ᠬᠢᠬᠦ ᠶᠢ ᠵᠣᠷᠢᠭᠵᠢᠭᠤᠯᠤᠨ᠎ᠠ᠃ ᠬᠤᠲᠠ ᠶᠢᠨ ᠨᠡᠶᠢᠭᠡᠮ | ᠲᠣᠭᠤᠷᠢᠭ ᠤᠨ ᠰᠢᠭᠢᠳᠬᠡᠯ ᠮᠠᠶ᠋ᠢᠭ ᠤᠨ ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ | ᠢᠨᠵᠧᠨᠧᠷᠢᠩ ᠢ ᠬᠡᠷᠡᠭᠵᠢᠭᠦᠯᠵᠦ᠂ ᠰᠠᠭᠤᠭᠠᠯᠢ ᠠᠷᠠᠳ ᠤᠨ ᠦᠢᠯᠡᠴᠢᠯᠡᠭᠡᠨ ᠤ ᠳᠥᠭᠦᠮ ᠳᠥᠲᠡ ᠴᠢᠨᠠᠷ᠂ ᠬᠦᠷᠴᠦ | ᠪᠣᠯᠬᠤᠶᠢᠴᠠ ᠴᠢᠨᠠᠷ ᠢ ᠳᠡᠭᠡᠭᠰᠢᠯᠡᠭᠦᠯᠦᠨ᠎ᠡ᠃ ᠬᠡᠷᠡᠭᠯᠡᠭᠡ ᠶᠢᠨ ᠬᠡᠷᠡᠭᠴᠡᠭᠡ ᠱᠠᠭᠠᠷᠳᠠᠯᠭ᠎ᠠ ᠶᠢᠨ ᠬᠤᠪᠢᠷᠠᠯᠲᠠ ᠳᠤ | ᠢᠳᠡᠪᠬᠢᠲᠡᠢ ᠵᠣᠬᠢᠴᠠᠵᠤ᠂ ᠬᠤᠳᠠᠯᠳᠤᠭᠠᠨ ᠤ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠣᠶᠤᠨᠴᠢ | ᠬᠤᠳᠠᠯᠳᠤᠭᠠᠨ ᠤ ᠬᠦᠷᠢᠶ᠎ᠡ ᠶᠢ ᠬᠥᠭᠵᠢᠭᠦᠯᠵᠦ᠂ ᠣᠶᠤᠨᠴᠢ ᠪᠡᠯᠡᠳᠬᠡᠮᠵᠢ᠂ ᠣᠶᠤᠨᠴᠢ ᠦᠢᠯᠡᠴᠢᠯᠡᠭᠡ᠂ ᠣᠶᠤᠨᠴᠢ | ᠦᠵᠡᠮᠵᠢ ᠪᠠᠶᠢᠳᠠᠯ ᠪᠠ ᠣᠶᠤᠨᠴᠢ ᠬᠠᠮᠢᠶᠠᠷᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠰᠠᠭᠤᠭᠠᠯᠢ ᠠᠷᠠᠳ ᠲᠤ | ᠶᠠᠰᠤ ᠴᠢᠨᠠᠷᠵᠢᠭᠰᠠᠨ᠂ ᠣᠯᠠᠨ ᠶᠠᠩᠵᠤ ᠶᠢᠨ ᠬᠡᠷᠡᠭᠯᠡᠭᠡ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ | ᠠᠶᠤᠯ ᠲᠦᠭᠰᠢᠭᠦᠷᠢ ᠶᠢ ᠰᠡᠷᠭᠡᠶᠢᠯᠡᠨ ᠵᠠᠰᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠲᠡᠰ | ᠳᠠᠪᠬᠤᠷᠭ᠎ᠠ ᠶᠢᠨ ᠠᠮᠤᠷ ᠲᠦᠪᠰᠢᠨ ᠤ ᠵᠠᠰᠠᠯᠳᠠ ᠶᠢᠨ ᠰᠢᠰᠲ᠋ᠧᠮ ᠢ ᠪᠠᠶᠢᠭᠤᠯᠤᠨ᠎ᠠ᠃ ᠣᠷᠣᠨ ᠰᠠᠭᠤᠴᠠ ᠪᠣᠯᠣᠨ | ᠣᠷᠣᠨ ᠰᠠᠭᠤᠴᠠ ᠶᠢᠨ ᠲᠤᠭᠤᠷᠢᠭ ᠤᠨ ᠤᠶᠤᠨᠴᠢ ᠲᠡᠰ ᠳᠡᠪᠰᠢᠭᠦᠯᠬᠦ ᠪᠠᠷ ᠠᠵᠠ ᠲᠣᠬᠢᠶᠠᠯ ᠪᠣᠯᠭᠠᠵᠤ᠂ | ᠨᠡᠶᠢᠭᠡᠮ ᠤᠨ ᠵᠠᠰᠠᠯᠲᠠ ᠶᠢ ᠠᠬᠢᠭᠤᠯᠵᠤ᠂ ᠭᠡᠮ ᠰᠣᠭᠤᠭ ᠢ ᠬᠠᠮᠤᠭ ᠤᠨ ᠲᠦᠷᠦᠭᠦᠨ ᠳᠤ ᠰᠡᠷᠡᠵᠦ ᠮᠡᠳᠡᠵᠦ᠂ | ᠠᠰᠠᠭᠤᠳᠠᠯ ᠢ ᠬᠠᠮᠤᠭ ᠤᠨ ᠲᠦᠷᠦᠭᠦᠨ ᠳᠤ ᠰᠢᠢᠳᠪᠦᠷᠢᠯᠡᠬᠦ ᠶᠢ ᠪᠡᠶᠡᠯᠡᠭᠦᠯᠦᠨ᠎ᠡ᠃ ᠲᠣᠭᠠᠴᠢᠯᠠᠭᠰᠠᠨ ᠡᠨᠧᠷᠭᠢ | ᠣᠯᠭᠤᠬᠤ᠂ ᠣᠯᠠᠨ ᠲᠠᠯ᠎ᠠ ᠶᠢᠨ ᠬᠢᠨ ᠣᠷᠣᠯᠴᠠᠭᠰᠠᠨ ᠣᠷᠣᠨ ᠰᠠᠭᠤᠴᠠ ᠶᠢᠨ ᠠᠮᠤᠷ ᠲᠦᠪᠰᠢᠨ ᠤ ᠵᠠᠰᠠᠯᠲᠠ ᠶᠢᠨ | ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠤᠷᠤᠨ ᠰᠠᠭᠤᠴᠠ ᠶᠢᠨ ᠲᠣᠭᠤᠷᠢᠭ ᠤᠨ ᠴᠠᠬᠢᠯᠭᠠᠨ ᠬᠥᠳᠡᠯᠭᠡᠭᠦᠷᠲᠦ | ᠳᠤᠭᠤᠢ ᠲᠡᠷᠭᠡᠨ ᠤ ᠲᠥᠪᠯᠡᠷᠡᠭᠦᠯᠦᠨ ᠴᠠᠬᠢᠯᠭᠠᠨ ᠴᠡᠨᠡᠭᠯᠡᠬᠦ ᠪᠡᠯᠡᠳᠬᠡᠮᠵᠢ᠂ ᠣᠷᠣᠨ ᠰᠠᠭᠤᠴᠠ ᠶᠢᠨ ᠲᠣᠭᠤᠷᠢᠭ ᠤᠨ | ᠭᠠᠯ ᠤᠨᠲᠠᠷᠠᠭᠠᠬᠤ ᠲᠡᠷᠭᠡᠨ ᠤ ᠨᠡᠪᠲᠡᠷᠡᠬᠦ ᠵᠠᠮ᠂ ᠠᠮᠤᠷ ᠲᠦᠪᠰᠢᠨ ᠢᠶᠠᠷ ᠲᠠᠷᠬᠠᠭᠠᠬᠤ ᠰᠢᠰᠲ᠋ᠧᠮᠵᠢ ᠵᠡᠷᠭᠡ ᠳᠠᠯᠳᠠ | ᠬᠡᠮ ᠢ ᠰᠡᠷᠭᠡᠶᠢᠯᠡᠨ ᠵᠠᠰᠠᠬᠤ ᠶᠢ ᠴᠢᠩᠭᠠᠳᠬᠠᠨ᠂ ᠤᠷᠤᠨ ᠰᠠᠭᠤᠴᠠ ᠶᠢᠨ ᠲᠣᠭᠤᠷᠢᠭ ᠤᠨ ᠬᠦᠮᠦᠨ᠂ ᠲᠡᠷᠭᠡ ᠬᠥᠰᠬᠡ | ᠵᠡᠷᠭᠡ ᠳᠤ ᠣᠶᠤᠨᠴᠢ ᠦᠢᠯᠡᠴᠢᠯᠡᠭᠡ ᠪᠠ ᠡᠮᠬᠢ ᠳᠢᠭᠯᠢᠮ ᠤᠨ ᠬᠠᠮᠠᠭᠠᠯᠠᠯᠲᠠ ᠬᠢᠬᠦ ᠶᠢ ᠵᠣᠷᠢᠭᠵᠢᠭᠤᠯᠵᠤ᠂ | ᠬᠤᠲᠠ ᠶᠢᠨ ᠣᠷᠣᠨ ᠰᠠᠭᠤᠴᠠ ᠶᠢᠨ ᠤᠶᠠᠨ ᠬᠠᠳᠠᠨ ᠴᠢᠨᠠᠷ ᠢ ᠳᠡᠭᠡᠭᠰᠢᠯᠡᠭᠦᠯᠦᠨ᠎ᠡ᠃ ᠰᠢᠨ᠎ᠡ ᠪᠠᠷ ᠪᠠᠶᠢᠭᠤᠯᠤᠭᠰᠠᠨ | ᠪᠦᠷᠢᠨ ᠵᠠᠰᠠᠵᠤ ᠴᠢᠮᠡᠭᠯᠡᠭᠰᠡᠨ ᠣᠷᠣᠨ ᠰᠠᠭᠤᠴᠠ ᠳᠤ᠂ ᠦᠨᠳᠦᠰᠦᠨ ᠳᠡᠭᠡᠨ ᠤᠶᠤᠯᠢᠭ ᠦᠢᠯᠡᠳᠬᠦᠨ | ᠲᠣᠬᠢᠷᠠᠭᠤᠯᠬᠤ ᠱᠠᠭᠠᠷᠳᠠᠯᠭ᠎ᠠ ᠶᠢ ᠲᠣᠳᠣᠷᠬᠠᠶᠢᠯᠠᠵᠤ᠂ ᠭᠡᠷ ᠪᠦᠯᠢ ᠶᠢᠨ ᠬᠡᠪ ᠤᠨ ᠪᠤᠰᠤ ᠦᠶᠯᠡ ᠠᠵᠢᠯᠯᠠᠭ᠎ᠠ ᠶᠢ | ᠤᠷᠢᠳᠴᠢᠯᠠᠨ ᠬᠢᠨᠠᠨ ᠡᠵᠡᠮᠳᠡᠬᠦ᠂ ᠪᠠᠴᠢᠮ ᠳᠠᠭᠤᠳᠠᠬᠤ ᠵᠡᠷᠭᠡ ᠤᠶᠤᠯᠢᠭ ᠦᠢᠯᠡᠳᠬᠦᠨ ᠲᠣᠬᠢᠷᠠᠭᠤᠯᠬᠤ ᠶᠢ | ᠵᠣᠷᠢᠭᠵᠢᠭᠤᠯᠤᠨ᠂ ᠤᠶᠤᠯᠢᠭ ᠭᠡᠷ ᠤᠨ ᠬᠡᠷᠡᠭᠰᠡᠯ ᠤᠨ ᠲᠥᠬᠦᠭᠡᠷᠦᠮᠵᠢ ᠶᠢᠨ ᠬᠡᠷᠡᠭᠯᠡᠭᠡᠨ ᠤ ᠴᠢᠨᠠᠷ᠂ ᠠᠮᠤᠷ | ᠲᠦᠪᠰᠢᠨ ᠤ ᠴᠢᠨᠠᠷ ᠢ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠴᠠᠬᠢᠯᠭᠠᠨ ᠬᠡᠷᠡᠭᠯᠡᠬᠦ ᠭᠠᠯ ᠬᠡᠷᠡᠭᠯᠡᠬᠦ ᠬᠡᠢ | ᠬᠡᠷᠡᠭᠯᠡᠬᠦ ᠤᠰᠤ ᠬᠡᠷᠡᠭᠯᠡᠬᠦ ᠠᠮᠤᠷ ᠲᠦᠪᠰᠢᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ | ᠰᠢᠨ᠎ᠡ ᠶᠢ ᠡᠭᠦᠳᠬᠦ ᠪᠣᠯ ᠬᠥᠭᠵᠢᠯᠲᠡ ᠶᠢ ᠬᠥᠲᠥᠯᠥᠨ ᠳᠠᠭᠠᠭᠤᠯᠬᠤ ᠨᠢᠭᠡᠳᠦᠭᠡᠷ ᠬᠥᠳᠡᠯᠭᠡᠬᠦ ᠬᠦᠴᠦᠨ ᠮᠥᠨ | ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠬᠤᠲᠠ ᠶᠢᠨ ᠠᠵᠢᠯ ᠤᠨ ᠨᠡᠩ ᠲᠣᠪᠣᠶᠢᠮ᠎ᠠ | ᠪᠠᠶᠢᠷᠢᠨ ᠳᠤ ᠲᠠᠯᠪᠢᠵᠤ᠂ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠪᠠᠷ ᠬᠥᠲᠥᠯᠥᠮᠵᠢ ᠪᠣᠯᠭᠠᠵᠤ᠂ | ᠣᠶᠤᠨᠲᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠᠷ ᠰᠠᠭᠤᠷᠢ ᠪᠣᠯᠭᠠᠵᠤ᠂ ᠣᠶᠤᠨᠴᠢ ᠬᠡᠷᠡᠭᠯᠡᠭᠡᠨ ᠤ | ᠠᠬᠤᠢ ᠪᠠᠶᠢᠳᠠᠯ ᠢᠶᠠᠷ ᠲᠦᠰᠢᠭ ᠪᠣᠯᠭᠠᠵᠤ᠂ ᠬᠤᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢᠨ ᠲᠣᠭᠠᠴᠢᠯᠠᠭᠰᠠᠨ ᠬᠡᠯᠪᠡᠷᠢ ᠬᠤᠪᠢᠷᠠᠭᠤᠯᠬᠤ ᠶᠢ ᠠᠬᠢᠭᠤᠯᠵᠤ᠂ ︽ᠠᠮᠦᠷ ᠲᠦᠪᠰᠢᠨ︾ ︽ | ᠣᠷᠣᠰᠢᠨ ᠰᠠᠭᠤᠬᠤ ᠳᠤ ᠲᠣᠬᠢᠷᠠᠮᠵᠢᠲᠠᠢ︾ ᠬᠤᠶᠠᠷ ᠶᠡᠭᠡ ᠴᠢᠭᠯᠡᠯ ᠲᠠᠢ ᠨᠢᠭᠲᠠ ᠤᠶᠠᠯᠳᠤᠭᠤᠯᠵᠤ᠂ ᠣᠶᠤᠨᠲᠤ | ᠣᠷᠣᠨ ᠰᠠᠭᠤᠴᠠ ᠶᠢ ᠬᠥᠭᠵᠢᠭᠦᠯᠬᠦ᠂ ᠲᠣᠭᠠᠴᠢᠯᠠᠭᠰᠠᠨ ᠭᠡᠷ ᠪᠦᠯᠢ ᠶᠢ ᠪᠦᠲᠦᠭᠡᠨ ᠪᠠᠶᠢᠭᠤᠯᠬᠤ ᠪᠠᠷ ᠬᠤᠲᠠ ᠶᠢᠨ | ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠴᠢᠬᠤᠯᠠ ᠠᠴᠢᠶᠠᠯᠠᠪᠤᠷᠢ ᠪᠣᠯᠭᠠᠵᠤ᠂ | ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠤᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ | ᠲᠥᠷᠥᠭᠳᠡᠯ ᠤᠨ ᠰᠢᠨ᠎ᠡ ᠳᠡᠭᠡᠭᠰᠢᠯᠡᠯᠲᠡ ᠶᠢ ᠲᠠᠰᠤᠷᠠᠯᠲᠠ ᠦᠭᠡᠢ ᠠᠬᠢᠭᠤᠯᠤᠨ᠎ᠠ᠃ | ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ |