ᠲᠠᠪᠤᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠣᠯᠠᠨ ᠲᠦᠮᠡᠨ ᠤ ᠣᠳᠣᠨ ᠱᠠᠩᠨᠠᠯ︾ ᠤᠨ ᠤᠷᠤᠯᠳᠤᠭᠠᠨ ᠳᠤ ᠣᠷᠣᠯᠴᠠᠪᠠ
ᠨᠡᠶᠢᠲᠡᠯᠡᠭᠰᠡᠨ ᠴᠠᠭ᠄
2024/12/24
      12 ᠳ᠋ᠤᠭᠠᠷ ᠰᠠᠷ᠎ᠠ ᠶᠢᠨ 9 ᠤ ᠡᠳᠦᠷ ᠠᠴᠠ 11 ᠤ ᠡᠳᠦᠷ ᠪᠣᠯᠲᠠᠯ᠎ᠠ᠂ ᠲᠠᠪᠤᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠣᠯᠠᠨ ᠲᠦᠮᠡᠨ ᠤ ᠣᠳᠣᠨ ᠱᠠᠩᠨᠠᠯ︾ ᠰᠢᠯᠭᠠᠷᠠᠭᠤᠯᠬᠤ ᠦᠪᠡᠳᠡᠭᠰᠢ ᠶᠣᠰᠣᠯᠠᠯ ᠣᠯᠠᠨ ᠤ ᠠᠩᠬᠠᠷᠤᠯ ᠢ ᠲᠠᠲᠠᠭᠰᠠᠨ ᠳᠤᠮᠳᠠ ᠭᠡᠷᠡᠯ ᠰᠠᠴᠤᠷᠠᠩᠭᠤᠢ ᠪᠠᠷ ᠲᠣᠭᠯᠠᠯᠲᠠ ᠭᠠᠷᠭᠠᠪᠠ ᠂ ᠡᠨᠡ ᠨᠢ ᠣᠯᠠᠨ ᠲᠦᠮᠡᠨ ᠤ ᠤᠳᠭ᠎ᠠ ᠤᠷᠠᠯᠢᠭ ᠤᠨ ᠦᠪᠡᠳᠡᠭᠰᠢ ᠳᠠᠶᠢᠯᠠᠯᠭ᠎ᠠ ᠪᠣᠯᠬᠤ ᠪᠠᠷ ᠪᠠᠷᠠᠬᠤ ᠦᠭᠡᠢ᠂ ᠨᠡᠩ ᠴᠤ ᠥᠪᠥᠷ ᠮᠣᠩᠭᠤᠯ ᠤᠨ ᠠᠷᠪᠠᠨ ᠬᠤᠶᠠᠷ ᠠᠶᠢᠮᠠᠭ ᠬᠤᠲᠠ ᠶᠢᠨ ᠰᠣᠶᠣᠯ ᠤᠨ ᠣᠬᠢ ᠰᠣᠳᠣ ᠶᠢᠨ ᠨᠢᠭᠡ ᠤᠳᠠᠭᠠᠨ ᠤ ᠭᠤᠶᠤ ᠰᠠᠶᠢᠬᠠᠨ ᠴᠤᠭᠯᠠᠭᠠᠨ ᠪᠣᠯᠣᠨ᠎ᠠ︕        ᠲᠤᠭᠳᠠᠬᠤ ᠰᠢᠶᠠᠨ ᠤ ᠰᠣᠶᠣᠯ ᠤᠨ ᠣᠷᠳᠣᠨ ᠤ ᠰᠣᠩᠭᠤᠨ ᠬᠦᠷᠭᠡᠭᠰᠡᠨ ᠳᠠᠭᠤᠤ ᠬᠥᠭᠵᠢᠮ᠂ ᠰᠢᠯᠦᠭ ᠬᠤᠯᠪᠤᠭ᠎ᠠ ᠵᠡᠷᠭᠡ ᠠᠮᠢᠳᠤᠯᠢᠭ ᠲᠣᠭᠯᠠᠯᠲᠠ ᠪᠠ ᠴᠢᠩ ᠦᠨᠡᠨᠴᠢ ᠰᠡᠳᠬᠢᠯᠭᠡ ᠪᠠᠷ ᠳᠠᠮᠵᠢᠭᠤᠯᠤᠨ᠂ ᠦᠵᠡᠭᠴᠢᠳ ᠢ ᠲᠡᠦᠬᠡ ᠶᠢᠨ ᠥᠩᠭᠡ ᠠᠶᠠᠰ ᠪᠠ ᠰᠣᠶᠣᠯ ᠤᠨ ᠠᠭᠤᠯᠭ᠎ᠠ ᠪᠠᠷ ᠪᠢᠯᠬᠠᠭᠰᠠᠨ ᠶᠢᠷᠲᠢᠨᠴᠦ ᠳᠤ ᠣᠷᠣᠭᠤᠯᠤᠭᠰᠠᠨ ᠪᠠᠶᠢᠨ᠎ᠠ᠃ ᠳᠠᠭᠤᠤ ᠬᠥᠭᠵᠢᠮ ᠤᠨ ᠴᠠᠷᠭᠢᠯ ᠬᠤᠯᠪᠣᠭ᠎ᠠ ︽ᠮᠠᠩᠬᠠᠨ ᠳᠠᠭᠤᠤ ᠳᠠᠭᠤᠯᠠᠭᠰᠠᠨ ᠬᠡᠳᠦᠨ ᠵᠠᠭᠤᠨ ᠵᠢᠯ︾ ᠨᠢ ᠦᠴᠦᠸᠠᠨ ᠤ ᠬᠡᠳᠦᠨ ᠵᠠᠭᠤᠨ ᠵᠢᠯ ᠤᠨ ᠬᠥᠭᠵᠢᠯᠲᠡ ᠶᠢ ᠶᠠᠷᠢᠭᠰᠠᠨ ᠢᠶᠠᠷ ᠪᠠᠷᠠᠬᠤ ᠦᠭᠡᠢ᠂ ᠨᠡᠩ ᠴᠤ ᠲᠤᠭᠳᠠᠬᠤ ᠰᠢᠶᠠᠨ ᠤ ᠠᠷᠠᠳ ᠲᠦᠮᠡᠨ ᠤ ᠠᠮᠢᠳᠤᠷᠠᠯ ᠢᠶᠠᠨ ᠬᠠᠶᠢᠷᠠᠯᠠᠬᠤ ᠪᠠ ᠰᠣᠶᠣᠯ ᠢᠶᠠᠨ ᠪᠠᠲᠤ ᠰᠠᠬᠢᠬᠤ ᠶᠢ ᠢᠯᠡᠷᠡᠭᠦᠯᠦᠭᠰᠡᠨ ᠪᠠᠶᠢᠨ᠎ᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1