ᠵᠢᠷᠭᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠬᠤᠳᠠ ᠶᠢᠨ ᠢᠲᠡᠭᠡᠮᠵᠢ ᠶᠢᠨ ᠪᠠᠶᠢᠭᠤᠯᠤᠯᠲᠠ ᠶᠢᠨ ᠲᠦᠷᠦᠭᠦᠴᠦᠳ ᠤᠨ ᠶᠠᠷᠢᠶᠠᠨ ᠤ ᠲᠠᠪᠴᠠᠩ ᠬᠦᠬᠡᠬᠤᠳᠠ ᠳᠤ ᠦᠪᠡᠳᠡᠭᠰᠢ ᠶᠡᠭᠡ ᠪᠠᠷ ᠬᠤᠷᠠᠯᠳᠤᠪᠠ
ᠨᠡᠶᠢᠲᠡᠯᠡᠭᠰᠡᠨ ᠴᠠᠭ᠄
2024/12/25
      12 ᠳ᠋ᠤᠭᠠᠷ ᠰᠠᠷ᠎ᠠ ᠶᠢᠨ 20  ᠤ ᠡᠳᠦᠷ᠂ ᠵᠢᠷᠭᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠬᠤᠳᠠ ᠶᠢᠨ ᠢᠲᠡᠭᠡᠮᠵᠢ ᠶᠢᠨ ᠪᠠᠶᠢᠭᠤᠯᠤᠯᠲᠠ ᠶᠢᠨ ᠲᠦᠷᠦᠭᠦᠴᠦᠳ ᠤᠨ ᠶᠠᠷᠢᠶᠠᠨ ᠤ ᠲᠠᠪᠴᠠᠩ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠰᠠᠭᠤᠷᠢ ᠶᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ︾ ᠪᠠᠷ ᠭᠤᠣᠯ ᠰᠡᠳᠦᠪ ᠪᠣᠯᠭᠠᠵᠤ᠂ ᠪᠦᠬᠦ ᠤᠯᠤᠰ ᠤᠨ ᠢᠲᠡᠭᠡᠮᠵᠢ ᠶᠢᠨ ᠬᠦᠷᠢᠶᠡᠨ ᠤ ᠪᠦᠲᠦᠭᠡᠨ ᠪᠠᠶᠢᠭᠤᠯᠤᠭᠴᠢᠳ ᠢ ᠤᠷᠢᠵᠤ ᠢᠲᠡᠭᠡᠮᠵᠢ ᠶᠢᠨ ᠬᠦᠷᠢᠶᠡᠨ ᠤ ᠣᠨ ᠤ ᠦᠪᠡᠳᠡᠭᠰᠢ ᠬᠤᠷᠠᠯ ᠳᠤ ᠣᠷᠣᠯᠴᠠᠭᠤᠯᠵᠤ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠬᠤ ᠳᠤ ᠠᠷᠭ᠎ᠠ ᠤᠬᠠᠭᠠᠨ ᠳᠡᠪᠰᠢᠭᠦᠯᠵᠡᠢ᠃      ᠲᠤᠰ ᠬᠤᠭᠤᠴᠠᠭᠠᠨ ᠤ ᠶᠠᠷᠢᠶᠠᠨ ᠤ ᠲᠠᠪᠴᠠᠩ ᠢ ᠰᠢᠨᠬᠤᠸᠠ ᠴᠢᠮᠡᠭᠡᠯᠡᠯ ᠤᠨ ᠬᠤᠷᠢᠶ᠎ᠠ ᠠᠴᠠ ᠵᠢᠯᠤᠭᠤᠳᠴᠤ᠂ ᠳᠤᠮᠳᠠᠳᠤ ᠤᠯᠤᠰ ᠤᠨ ᠠᠵᠤ ᠠᠬᠤᠢ ᠶᠢᠨ ᠮᠡᠳᠡᠭᠡ ᠵᠠᠩᠭᠢ ᠶᠢᠨ ᠬᠤᠷᠢᠶ᠎ᠠ᠂ ᠰᠢᠨᠬᠤᠸᠠ ᠬᠤᠷᠢᠶᠠᠨ ᠤ ᠥᠪᠥᠷ ᠮᠣᠩᠭᠤᠯ ᠤᠨ ᠬᠤᠪᠢᠶᠠᠷᠢ ᠬᠤᠷᠢᠶ᠎ᠠ ᠠᠴᠠ ᠭᠤᠤᠯᠴᠢᠯᠠᠨ ᠡᠷᠬᠢᠯᠡᠵᠦ᠂ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠳᠠᠭᠠᠭᠠᠴᠢᠯᠠᠨ ᠡᠷᠬᠢᠯᠡᠵᠦ᠂ ᠡᠬᠢᠯᠡᠯᠲᠡ ᠶᠢᠨ ᠶᠣᠰᠣᠯᠠᠯ ᠵᠢᠴᠢ ᠭᠤᠣᠯ ᠶᠠᠷᠢᠶᠠᠨ ᠤ ᠲᠠᠪᠴᠠᠩ᠂ ᠬᠤᠶᠠᠷ ᠲᠠᠯᠠᠪᠤᠷ ᠭᠤᠣᠯ ᠰᠡᠳᠦᠪᠲᠦ ᠶᠠᠷᠢᠶᠠᠨ ᠤ ᠲᠠᠪᠴᠠᠩ ᠪᠣᠯᠣᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ ᠰᠢᠨᠵᠢᠯᠡᠨ ᠪᠠᠶᠢᠴᠠᠭᠠᠬᠤ ᠵᠡᠷᠭᠡ ᠭᠤᠭᠴᠤᠭ᠎ᠠ ᠶᠢ ᠲᠣᠬᠢᠷᠠᠭᠤᠯᠪᠠ᠃ ᠡᠬᠢᠯᠡᠯᠲᠡ ᠶᠢᠨ ᠶᠣᠰᠣᠯᠠᠯ ᠵᠢᠴᠢ ᠭᠤᠣᠯ ᠶᠠᠷᠢᠶᠠᠨ ᠤ ᠲᠠᠪᠴᠠᠩ ᠳᠡᠭᠡᠷ᠎ᠡ᠂ ︽ᠳᠤᠮᠳᠠᠳᠤ ᠤᠯᠤᠰ ᠤᠨ ᠬᠤᠳᠠ ᠶᠢᠨ ᠢᠲᠡᠭᠡᠮᠵᠢ ᠶᠢᠨ ᠬᠥᠭᠵᠢᠯᠲᠡ ᠶᠢᠨ ᠮᠡᠳᠡᠭᠦᠯᠦᠯᠲᠡ ︵2023︱2024︶︾᠂ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠥᠬᠡᠬᠤᠲᠠ ᠶᠢᠨ ᠬᠠᠮᠲᠤ ᠶᠢᠨ ᠲᠠᠨᠢᠯᠲᠠ︾ ᠶᠢ ᠨᠡᠶᠢᠲᠡᠯᠡᠨ ᠲᠠᠶᠢᠯᠪᠤᠷᠢᠯᠠᠬᠤ ᠶᠢᠨ ᠬᠠᠮᠲᠤ ᠵᠢᠷᠭᠤᠳᠤᠭᠠᠷ ᠬᠤᠭᠤᠴᠠᠭᠠᠨ ᠤ ︽ᠰᠢᠨᠬᠤᠸᠠ ᠢᠲᠡᠭᠡᠮᠵᠢ ᠶᠢᠨ ᠬᠤᠨᠳᠠᠭ᠎ᠠ︾ ᠶᠢᠨ ᠪᠦᠬᠦ ᠤᠯᠤᠰ ᠤᠨ ᠰᠢᠯᠢᠳᠡᠭ ᠢᠲᠡᠭᠡᠮᠵᠢ ᠶᠢᠨ ᠬᠡᠷᠡᠭ ᠤᠨ ᠵᠢᠱᠢᠶ᠎ᠡ ᠪᠣᠯᠣᠨ ᠪᠢᠴᠢᠯ ᠸᠢᠳᠢᠤ᠋᠂ ᠬᠥᠬᠡᠬᠤᠲᠠ ᠶᠢᠨ ︽ᠢᠲᠡᠭᠡᠮᠵᠢ +︾ ᠵᠢᠭᠰᠠᠭᠠᠯ ᠵᠢᠴᠢ 2024 ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠨᠥᠯᠥᠭᠡᠯᠡᠬᠦ ᠬᠦᠴᠦᠨ ᠲᠠᠢ ᠬᠤᠳᠠ ᠶᠢ ᠨᠡᠶᠢᠲᠡᠯᠡᠵᠦ᠂ ᠬᠥᠬᠡᠬᠤᠲᠠ 2024 ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠨᠥᠯᠥᠭᠡᠯᠡᠬᠦ ᠬᠦᠴᠦᠨ ᠲᠠᠢ ᠬᠤᠳᠠ ᠶᠢᠨ ᠨᠢᠭᠡ ᠪᠣᠯᠤᠭᠰᠠᠨ ᠪᠠᠶᠢᠨ᠎ᠠ᠃ ᠬᠤᠶᠠᠷ ᠲᠠᠯᠠᠪᠤᠷ ᠭᠤᠣᠯ ᠰᠡᠳᠦᠪᠲᠦ ᠶᠠᠷᠢᠯᠴᠠᠭᠠᠨ ᠤ ᠲᠠᠪᠴᠠᠩ ᠨᠢ ᠲᠣᠰ ᠲᠣᠰ ︽ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠦᠢᠯᠡᠳᠦᠯᠭᠡ ᠪᠠ ᠪᠠᠷᠠᠯᠠᠯ︾ ︽ᠢᠷᠡᠭᠡᠳᠦᠢ ᠶᠢᠨ ᠢᠲᠡᠭᠡᠮᠵᠢ ᠶᠢᠨ ᠠᠮᠢ ᠠᠬᠤᠢ ᠶᠢ ᠴᠣᠭᠴᠠᠯᠠᠨ ᠪᠠᠶᠢᠭᠤᠯᠤᠶ᠎ᠠ — ᠢᠲᠡᠭᠡᠮᠵᠢ ᠶᠢᠨ ᠬᠡᠷᠡᠭᠯᠡᠭᠡᠨ ᠤ ᠲᠠᠯᠠᠪᠤᠷ ᠤᠨ ᠰᠢᠨ᠎ᠡ ᠶᠢ ᠡᠭᠦᠳᠬᠦ ᠪᠠ ᠦᠢᠯᠡᠳᠦᠯᠭᠡ︾ ᠪᠠᠷ ᠵᠥᠪᠯᠡᠬᠦ ᠰᠡᠳᠦᠪ ᠪᠤᠯᠭᠠᠪᠠ᠃      ᠲᠠᠨᠢᠯᠴᠠᠭᠤᠯᠤᠭᠰᠠᠨ ᠢᠶᠠᠷ᠂ ᠳᠤᠮᠳᠠᠳᠤ ᠤᠯᠤᠰ ᠤᠨ ᠬᠤᠲᠠ ᠶᠢᠨ ᠢᠲᠡᠭᠡᠮᠵᠢ ᠶᠢᠨ ᠪᠠᠶᠢᠭᠤᠯᠤᠯᠲᠠ ᠶᠢᠨ ᠲᠦᠷᠦᠭᠦᠴᠦᠳ ᠤᠨ ᠶᠠᠷᠢᠶᠠᠨ ᠤ ᠲᠠᠪᠴᠠᠩ ᠨᠢ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠪᠥᠬᠦ ᠤᠯᠤᠰ ᠤᠨ ᠴᠢᠨᠠᠷᠲᠠᠢ ᠳᠡᠭᠡᠳᠦ ᠲᠠᠰ ᠤᠨ ᠶᠠᠷᠢᠶᠠᠨ ᠤ ᠲᠠᠪᠴᠠᠩ ᠪᠣᠯᠤᠭᠰᠠᠨ ᠤ ᠬᠤᠪᠢ ᠳᠤ᠂ ᠤᠷᠢᠳ ᠬᠤᠵᠢᠳ ᠬᠠᠩᠵᠧᠦ᠂ ᠹᠦᠵᠧᠦ᠂ ᠵᠢᠨᠠᠨ᠂ ᠭᠤᠸᠠᠩᠵᠧᠦ ᠪᠣᠯᠣᠨ ᠵᠧᠩᠵᠧᠦ ᠳᠤ ᠲᠠᠪᠤᠨ ᠬᠤᠭᠤᠴᠠᠭ᠎ᠠ ᠠᠮᠵᠢᠯᠲᠠ ᠲᠠᠢ ᠶᠠᠪᠤᠭᠳᠠᠵᠤ᠂ ᠳᠤᠮᠳᠠᠳᠤ ᠤᠯᠤᠰ ᠤᠨ ᠬᠤᠲᠠ ᠶᠢᠨ ᠢᠲᠡᠭᠡᠮᠵᠢ ᠶᠢᠨ ᠪᠠᠶᠢᠭᠤᠯᠤᠯᠲᠠ ᠶᠢᠨ ᠬᠦᠷᠢᠶᠡᠨ ᠳᠠᠬᠢ ᠲᠤᠶᠢᠯ ᠤᠨ ᠶᠡᠭᠡ ᠨᠥᠯᠥᠭᠡᠯᠡᠬᠦ ᠬᠦᠴᠦᠨ ᠲᠠᠢ ᠣᠨ ᠤ ᠦᠪᠡᠳᠡᠭᠰᠢ ᠴᠤᠭᠯᠠᠭᠠᠨ ᠪᠣᠯᠤᠭᠰᠠᠨ ᠪᠠᠶᠢᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1