12 ᠳ᠋ᠤᠭᠠᠷ ᠰᠠᠷ᠎ᠠ ᠶᠢᠨ 24 ᠤ ᠡᠳᠦᠷ ᠤᠨ ᠦᠳᠡ ᠶᠢᠨ ᠬᠤᠶᠢᠨ᠎ᠠ᠂ ᠤᠯᠤᠰ ᠲᠦᠷᠦ ᠶᠢᠨ ᠵᠥᠪᠯᠡᠯᠭᠡᠨ ᠤ | ᠲᠣᠭᠲᠠᠬᠤ ᠰᠢᠶᠠᠨ ᠤ ᠠᠷᠪᠠᠳᠤᠭᠠᠷ ᠬᠤᠭᠤᠴᠠᠭᠠᠨ ᠤ ᠵᠦᠪᠯᠡᠯ ᠤᠨ ᠲᠠᠪᠤᠳᠤᠭᠠᠷ ᠤᠳᠠᠭᠠᠨ ᠤ ᠬᠤᠷᠠᠯᠳᠤᠭᠠᠨ | ᠪᠡᠯᠡᠳᠬᠡᠯ ᠬᠤᠷᠠᠯ ᠬᠢᠪᠡ᠃ | | | | | ᠬᠤᠷᠠᠯ ᠠᠴᠠ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠲᠠᠪᠤᠳᠤᠭᠠᠷ | ᠤᠳᠠᠭᠠᠨ ᠤ ᠬᠤᠷᠠᠯᠳᠤᠭᠠᠨ ᠢ ᠬᠤᠷᠠᠯᠳᠤᠭᠤᠯᠬᠤ ᠲᠤᠬᠠᠢ ᠲᠣᠭᠲᠠᠭᠠᠯ ᠢ ᠨᠡᠶᠢᠲᠡᠯᠡᠪᠡ︔ ᠶᠡᠭᠡ ᠬᠤᠷᠠᠯ ᠤᠨ ᠪᠡᠯᠡᠳᠬᠡᠯ | ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠬᠢᠪᠡ︔ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ | ᠠᠷᠪᠠᠳᠤᠭᠠᠷ ᠬᠤᠭᠤᠴᠠᠭᠠᠨ ᠤ ᠲᠠᠪᠤᠳᠤᠭᠠᠷ ᠤᠳᠠᠭᠠᠨ ᠤ ᠬᠤᠷᠠᠯᠳᠤᠭᠠᠨ ᠤ ᠵᠥᠪᠯᠡᠬᠦ ᠵᠦᠢᠯ᠂ ᠡᠳᠦᠷ ᠤᠨ ᠳᠠᠷᠠᠭᠠᠯᠠᠯ | ᠂ ᠶᠡᠭᠡ ᠬᠤᠷᠠᠯ ᠤᠨ ᠨᠠᠷᠢᠨ ᠪᠢᠴᠢᠭ ᠤᠨ ᠳᠠᠷᠤᠭ᠎ᠠ ᠶᠢᠨ ᠨᠡᠷᠡᠰ᠂ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠬᠤ | ᠺᠣᠮᠢᠰ ᠤᠨ ᠨᠡᠷᠡᠰ ᠢ ᠬᠢᠨᠠᠨ ᠶᠠᠷᠢᠯᠴᠠᠵᠤ ᠪᠠᠲᠤᠯᠠᠪᠠ︔ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ | ᠬᠤᠭᠤᠴᠠᠭᠠᠨ ᠤ ᠲᠠᠪᠤᠳᠤᠭᠠᠷ ᠤᠳᠠᠭᠠᠨ ᠤ ᠬᠤᠷᠠᠯᠳᠤᠭᠠᠨ ᠤ ᠪᠠᠶᠢᠩᠭᠤ ᠶᠢᠨ ᠬᠤᠷᠢᠶ᠎ᠠ ᠶᠢᠨ ᠠᠵᠢᠯ ᠤᠨ | ᠢᠯᠡᠳᠬᠡᠯ ᠤᠨ ᠮᠡᠳᠡᠭᠦᠯᠦᠭᠴᠢ ᠶᠢᠨ ᠨᠡᠷᠡᠰ᠂ ᠪᠠᠶᠢᠩᠭᠤ ᠶᠢᠨ ᠬᠤᠷᠢᠶᠠᠨ ᠤ ᠰᠠᠨᠠᠯ ᠵᠥᠪᠯᠡᠯᠭᠡ ᠶᠢᠨ ᠠᠵᠢᠯ ᠤᠨ | ᠪᠠᠶᠢᠳᠠᠯ ᠤᠨ ᠮᠡᠳᠡᠭᠦᠯᠦᠯᠲᠡ ᠶᠢᠨ ᠮᠡᠳᠡᠭᠦᠯᠦᠭᠴᠢ ᠶᠢᠨ ᠨᠡᠷᠡᠰ᠂ ᠳᠡᠳ᠋ ᠨᠠᠷᠢᠨ ᠪᠢᠴᠢᠭ ᠤᠨ ᠳᠠᠷᠤᠭ᠎ᠠ ᠶᠢᠨ ᠨᠡᠷᠡᠰ᠂ | ᠰᠤᠯᠠ ᠣᠷᠣᠯᠴᠠᠭᠰᠠᠳ ᠤᠨ ᠨᠡᠷᠡᠰ᠂ ᠡᠯ᠎ᠡ ᠶᠠᠷᠢᠯᠴᠠᠬᠤ ᠳᠤᠭᠤᠶᠢᠯᠠᠩ ᠤᠨ ᠬᠤᠷᠠᠯᠳᠤᠭᠤᠯᠤᠭᠴᠢ ᠵᠢᠴᠢ ᠳᠤᠭᠤᠶᠢᠯᠠᠩ | ᠬᠤᠪᠢᠶᠠᠬᠤ ᠨᠡᠷᠡᠰ᠂ ᠶᠡᠭᠡ ᠬᠤᠷᠠᠯ ᠤᠨ ᠨᠠᠷᠢᠨ ᠪᠢᠴᠢᠭ ᠤᠨ ᠭᠠᠵᠠᠷ ᠤᠨ ᠵᠣᠬᠢᠶᠠᠨ ᠪᠠᠶᠢᠭᠤᠯᠤᠯᠲᠠ ᠶᠢᠨ | ᠪᠠᠶᠢᠭᠤᠯᠤᠮᠵᠢ ᠵᠢᠴᠢ ᠬᠠᠷᠢᠭᠤᠴᠠᠯᠭᠠᠲᠠᠨ ᠤ ᠨᠡᠷᠡᠰ ᠢ ᠨᠡᠶᠢᠲᠡᠯᠡᠪᠡ᠂ ᠶᠡᠭᠡ ᠬᠤᠷᠠᠯ ᠤᠨ ᠠᠩᠬᠠᠷᠬᠤ ᠵᠦᠢᠯᠡᠰ᠂ ᠶᠡᠭᠡ | ᠬᠤᠷᠠᠯ ᠤᠨ ᠰᠣᠩᠭᠤᠭᠤᠯᠢ ᠶᠢᠨ ᠠᠷᠭ᠎ᠠ ︵ᠲᠥᠰᠥᠯ︶ ᠶᠢ ᠳᠤᠷᠠᠳᠤᠨ ᠭᠠᠷᠭᠠᠪᠠ᠃ | | | | | ᠪᠡᠯᠡᠳᠬᠡᠯ ᠬᠤᠷᠠᠯ ᠤᠨ ᠲᠠᠷᠠᠭ᠎ᠠ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ | ᠳᠣᠲᠣᠷᠠᠬᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠳ ᠤᠨ ᠬᠤᠷᠠᠯ ᠢ ᠬᠤᠷᠠᠯᠳᠤᠭᠤᠯᠪᠠ᠃ | ᠬᠤᠷᠠᠯ ᠠᠴᠠ ᠶᠡᠭᠡ ᠬᠤᠷᠠᠯ ᠤᠨ ᠲᠦᠷ ᠴᠠᠭ ᠤᠨ ᠨᠠᠮ ᠤᠨ ᠬᠤᠷᠢᠶᠠᠨ ᠤ ᠪᠦᠷᠢᠯᠳᠦᠭᠦᠨ ᠤ ᠨᠡᠷᠡᠰ ᠢ ᠨᠡᠶᠢᠲᠡᠯᠡᠪᠡ︔ | ᠶᠡᠭᠡ ᠬᠤᠷᠠᠯ ᠤᠨ ᠡᠯ᠎ᠡ ᠶᠠᠷᠢᠯᠴᠠᠬᠤ ᠳᠤᠭᠤᠶᠢᠯᠠᠩ ᠤᠨ ᠲᠦᠷ ᠴᠠᠭ ᠤᠨ ᠨᠠᠮ ᠤᠨ ᠡᠭᠦᠷ ᠤᠨ ᠬᠠᠷᠢᠭᠤᠴᠠᠯᠭᠠᠲᠠᠨ ᠤ | ᠨᠡᠷᠡᠰ ᠢ ᠨᠡᠶᠢᠲᠡᠯᠡᠪᠡ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ |