ᠠᠳᠠᠯ ᠠᠬᠤᠢ ᠶᠢᠨ ᠺᠤᠮᠫᠠᠨᠢ ᠰᠠᠭᠤᠭᠠᠯᠢ ᠠᠷᠠᠳ ᠤᠨ ᠲᠣᠭᠤᠷᠢᠭ ᠲᠤ ᠲᠥᠬᠦᠭᠡᠷᠦᠮᠵᠢ ᠵᠡᠷ ᠮᠡᠳᠡᠭᠡ ᠤᠷᠤᠭᠤᠯᠬᠤ ᠳᠤ ᠥᠮᠴᠢᠲᠡᠨ ᠤ ᠵᠦᠪᠰᠢᠶᠡᠷᠡᠯ ᠢ ᠠᠪᠬᠤ ᠴᠢᠬᠤᠯᠠᠳᠠᠢ ᠦᠦ︖ ᠠᠰᠢᠭ ᠣᠷᠣᠯᠭ᠎ᠠ ᠨᠢ ᠬᠡᠨ ᠠᠪᠤᠭᠰᠠᠨ ᠪᠤᠢ︖
ᠨᠡᠶᠢᠲᠡᠯᠡᠭᠰᠡᠨ ᠴᠠᠭ᠄
2024/12/25
      ᠡᠨᠡ ᠬᠤᠶᠠᠷ ᠵᠢᠯ ᠳᠤ᠂ ᠰᠠᠭᠤᠭᠠᠯᠢ ᠠᠷᠠᠳ ᠤᠨ ᠲᠣᠭᠤᠷᠢᠭ ᠲᠤ ᠶᠠᠩᠵᠤ ᠪᠦᠷᠢ ᠶᠢᠨ ᠮᠠᠰᠢᠨ᠂ ᠲᠥᠬᠦᠭᠡᠷᠦᠮᠵᠢ ᠠᠷᠪᠢᠨ ᠪᠣᠯᠵᠠᠢ᠃ ᠬᠠᠮᠤᠭ ᠤᠨ ᠣᠯᠠᠨ ᠲᠣᠬᠢᠶᠠᠯᠳᠤᠳᠠᠭ ᠨᠢ ᠤᠮᠳᠠᠭᠠᠨ ᠤ ᠤᠰᠤ ᠬᠤᠳᠠᠯᠳᠤᠬᠤ ᠮᠠᠰᠢᠨ ᠪᠠᠶᠢᠵᠤ ᠮᠡᠳᠡᠨ᠎ᠡ᠂ 24 ᠴᠠᠭ ᠢᠶᠠᠷ ᠤᠰᠤ ᠬᠤᠳᠠᠯᠳᠤᠨ ᠠᠪᠴᠤ ᠪᠣᠯᠣᠨ᠎ᠠ᠂ ᠡᠭᠦᠨ ᠲᠠᠢ ᠠᠳᠠᠯᠢᠪᠲᠤᠷ ᠪᠤᠰᠤᠳ ᠤᠯᠠᠨ ᠵᠦᠢᠯ ᠤᠨ ᠮᠠᠰᠢᠨ ᠲᠦᠭᠦᠭᠡᠷᠦᠮᠵᠢ ᠪᠠᠶᠢᠳᠠᠭ᠃      ᠬᠡᠷᠪᠡ ᠡᠳᠡᠭᠡᠷ ᠲᠥᠬᠦᠭᠡᠷᠦᠮᠵᠢ ᠨᠢ ᠰᠠᠭᠤᠭᠠᠯᠢ ᠠᠷᠠᠳ ᠲᠤ ᠳᠥᠭᠦᠮ ᠦᠵᠡᠭᠦᠯᠵᠦ ᠪᠠᠶᠢᠬᠤ ᠳᠤ ᠬᠦᠷᠪᠡᠯ᠂ ᠠᠰᠠᠷ ᠤᠨ ᠬᠤᠩᠭᠢᠯ᠂ ᠴᠠᠬᠢᠯᠭᠠᠨ ᠱᠠᠲᠤᠨ ᠳᠤ ᠤᠭᠰᠠᠷᠠᠭᠰᠠᠨ ᠵᠠᠷ ᠮᠡᠳᠡᠭᠡᠨ ᠤ ᠲᠥᠬᠦᠭᠡᠷᠦᠮᠵᠢ ᠨᠢ ᠰᠠᠭᠤᠭᠠᠯᠢ ᠠᠷᠠᠳ ᠲᠤ ᠲᠡᠶᠢᠮᠦ ᠢᠯᠡᠷᠬᠡᠢ ᠠᠰᠢᠭ ᠲᠤᠰᠠ ᠲᠠᠢ ᠶᠠᠭᠤᠮ᠎ᠠ ᠪᠢᠰᠢ᠃ ᠵᠠᠷᠢᠮ ᠨᠢ ᠬᠡᠷᠡᠯᠳᠦᠯᠦᠭᠡ ᠶᠢᠨ ᠬᠠᠶᠢᠷᠴᠠᠭ  ᠲᠠᠢ ᠵᠠᠷ ᠮᠡᠳᠡᠭᠡ᠂ ᠪᠠᠰᠠ ᠴᠥᠭᠡᠨ ᠪᠤᠰᠤ ᠨᠢ ᠰᠢᠭᠤᠳ ᠨᠢᠭᠡ ᠲᠧᠯᠸᠢᠰ ᠤᠭᠰᠠᠷᠠᠵᠤ᠂ 24 ᠴᠠᠭ ᠢᠶᠠᠷ ᠵᠠᠷ ᠮᠡᠳᠡᠭᠡ ᠶᠢ ᠡᠭᠡᠯᠵᠢᠯᠡᠨ ᠲᠠᠯᠪᠢᠵᠤ᠂ ᠳᠥᠭᠦᠮ ᠪᠢᠰᠢ ᠮᠥᠷᠲᠡᠭᠡᠨ ᠵᠠᠷᠢᠮ ᠦᠶ᠎ᠡ ᠳᠤ ᠠᠷᠠᠳ ᠢ ᠦᠢᠮᠡᠭᠦᠯᠳᠡᠭ᠃      ᠡᠳᠡᠭᠡᠷ ᠵᠦᠢᠯ ᠵᠢᠰᠦᠮ ᠤᠨ ᠲᠥᠬᠦᠭᠡᠷᠦᠮᠵᠢ ᠨᠦᠭᠦᠳ ᠰᠠᠭᠤᠭᠠᠯᠢ ᠠᠷᠠᠳ ᠤᠨ ᠲᠣᠭᠤᠷᠢᠭ ᠲᠤ ᠤᠷᠤᠵᠦ ᠢᠷᠡᠭᠡᠳ ᠤᠳᠠᠵᠦ ᠪᠠᠶᠢᠭ᠎ᠠ ᠪᠣᠯᠬᠤᠷ ᠣᠯᠠᠩᠬᠢ ᠬᠥᠮᠥᠰ ᠲᠡᠭᠦᠨ ᠳᠤ ᠳᠠᠳᠤᠭᠰᠠᠨ ᠪᠠᠶᠢᠵᠤ ᠮᠡᠳᠡᠨ᠎ᠡ᠃ ᠲᠡᠭᠡᠪᠡᠯ᠂ ᠲᠤᠬᠠᠢ ᠶᠢᠨ ᠦᠶ᠎ᠡ ᠳᠤ ᠴᠣᠬᠤᠮ ᠬᠡᠨ ᠡᠲᠡᠭᠡᠷ ᠲᠥᠬᠦᠭᠡᠷᠦᠮᠵᠢ ᠶᠢ ᠣᠷᠣᠭᠤᠯᠵᠤ ᠠᠪᠴᠢᠷᠠᠬᠤ ᠪᠠᠷ ᠲᠣᠭᠲᠠᠭᠰᠠᠨ ᠪᠣᠶ︖ ᠡᠳᠡᠭᠡᠷ ᠲᠥᠬᠦᠭᠡᠷᠦᠮᠵᠢ ᠶᠢ ᠤᠭᠰᠠᠷᠠᠬᠤ ᠳᠤ ᠥᠮᠴᠢᠲᠡᠨ ᠢᠶᠠᠷ ᠵᠥᠪᠰᠢᠶᠡᠷᠡᠭᠦᠯᠬᠦ ᠴᠢᠬᠤᠯᠠ ᠲᠠᠢ ᠦᠦ︖ ᠥᠮᠴᠢᠲᠡᠨ ᠪᠣᠯᠤᠭᠰᠠᠨ ᠤ ᠬᠤᠪᠢ ᠳᠤ᠂ ᠡᠳᠡᠭᠡᠷ ᠲᠥᠬᠦᠭᠡᠷᠦᠮᠵᠢ ᠠᠴᠠ ᠬᠡᠳᠦᠢ ᠠᠰᠢᠭ ᠣᠷᠣᠯᠭ᠎ᠠ ᠣᠯᠣᠭᠰᠠᠨ᠂ ᠠᠰᠢᠭ ᠣᠷᠣᠯᠭ᠎ᠠ ᠨᠢ ᠶᠠᠮᠠᠷ ᠬᠦᠮᠦᠨ ᠤᠯᠤᠭᠰᠠᠨ ᠢ ᠮᠡᠳᠡᠨ᠎ᠡ ᠤᠤ︖      ᠣᠶᠢᠷ᠎ᠠ ᠶᠢᠨ ᠵᠢᠯ ᠤᠳ ᠲᠤ᠂ ᠴᠥᠭᠡᠨ ᠪᠤᠰᠤ ᠠᠳᠠᠯ ᠠᠬᠤᠢ ᠶᠢᠨ ᠺᠣᠮᠫᠠᠨᠢ ᠡᠯ᠎ᠡ ᠲᠥᠷᠥᠯ ᠤᠨ ᠠᠦ᠋ᠲ᠋ᠤ᠋ ᠦᠢᠯᠡᠴᠢᠯᠡᠬᠦ ᠲᠥᠬᠦᠭᠡᠷᠦᠮᠵᠢ ᠶᠢ ᠰᠠᠭᠤᠭᠠᠯᠢ ᠠᠷᠠᠳ ᠤᠨ ᠲᠣᠭᠤᠷᠢᠭ ᠲᠤ ᠤᠷᠤᠭᠤᠯᠤᠨ ᠠᠪᠴᠢᠷᠠᠵᠠᠢ᠃ ᠭᠡᠪᠡᠴᠦ ᠣᠯᠠᠨ ᠨᠡᠶᠢᠲᠡ ᠶᠢᠨ ᠣᠷᠣᠨ ᠪᠦᠰᠡ ᠳᠤ ᠡᠶᠢᠮᠦᠷᠬᠦ ᠲᠥᠬᠦᠭᠡᠷᠦᠮᠵᠢ ᠶᠢ ᠲᠣᠬᠢᠷᠠᠭᠤᠯᠬᠤ ᠳᠤ ᠰᠠᠭᠤᠭᠠᠯᠢ ᠠᠷᠠᠳ ᠤᠨ ᠵᠥᠪᠰᠢᠶᠡᠷᠡᠯ ᠢ ᠣᠯᠣᠭᠰᠠᠨ ᠦᠦ︖    ᠨᠢᠭᠡᠨ ᠰᠠᠭᠤᠭᠠᠯᠢ ᠠᠷᠠᠳ ᠤᠨ ᠲᠤᠭᠤᠷᠢᠭ ᠤᠨ ᠴᠧᠨ ᠠᠪᠠᠭ᠋ᠠᠢ ᠶᠢᠨ ᠬᠡᠯᠡᠬᠦ ᠪᠠᠷ᠂ ᠣᠶᠢᠷ᠎ᠠ ᠳᠤ ᠮᠠᠨ ᠤ ᠰᠠᠭᠤᠭᠠᠯᠢ ᠠᠷᠠᠳ ᠤᠨ ᠲᠣᠭᠤᠷᠢᠭ ᠤᠨ ᠣᠷᠣᠬᠤ ᠡᠭᠦᠳᠡᠨ ᠳᠤ ᠤᠰᠤ ᠴᠡᠪᠡᠷᠰᠢᠭᠦᠯᠬᠦ ᠮᠠᠰᠢᠨ ᠪᠠᠶᠢᠬᠤ ᠶᠢ ᠣᠯᠵᠤ ᠬᠠᠷᠠᠵᠠᠢ᠂ ᠡᠲᠡᠭᠡᠷ ᠮᠠᠰᠢᠨ ᠢ ᠤᠷᠤᠭᠤᠯᠬᠤ ᠳᠤ ᠡᠳᠦᠢ ᠲᠡᠳᠦᠢ ᠠᠰᠢᠭ ᠣᠷᠣᠯᠭ᠎ᠠ ᠲᠠᠢ ᠪᠠᠶᠢᠬᠤ ᠶᠢ ᠪᠢ ᠮᠡᠳᠡᠨ᠎ᠡ᠂ ᠭᠡᠪᠡᠴᠦ ᠠᠳᠠᠯ ᠠᠬᠤᠢ ᠶᠢᠨ ᠺᠤᠮᠫᠠᠨᠢ ᠮᠡᠳᠡᠭᠳᠡᠯ ᠲᠠᠷᠬᠠᠭᠠᠭᠰᠠᠨ ᠦᠭᠡᠢ᠂ ᠦᠮᠴᠢᠳᠡᠳ ᠤᠨ ᠶᠡᠭᠡ ᠬᠤᠷᠠᠯ ᠢ ᠬᠤᠷᠠᠯᠳᠤᠭᠤᠯᠵᠤ ᠰᠠᠨᠠᠯ ᠥᠭᠴᠦ ᠪᠢᠯᠧᠲ ᠥᠭᠬᠦ ᠵᠡᠷᠭᠡ ᠵᠢᠷᠤᠮᠵᠢᠯ ᠶᠤᠰᠤᠭᠠᠷ ᠬᠢᠭᠰᠡᠨ ᠦᠭᠡᠢ᠂᠃ ᠡᠳᠡᠭᠡᠷ ᠠᠰᠢᠭ ᠣᠷᠣᠯᠭ᠎ᠠ ᠶᠢ ᠬᠠᠮᠤᠭ ᠤᠨ ᠡᠴᠦᠰ ᠲᠤ ᠬᠡᠨ ᠬᠡᠷᠡᠭᠯᠡᠭᠰᠡᠨ ᠢ ᠠᠳᠠᠯ ᠠᠬᠤᠢ ᠶᠢᠨ ᠺᠤᠮᠫᠠᠨᠢ ᠴᠤ ᠪᠢᠳᠡᠨ ᠳᠤ ᠮᠡᠳᠡᠭᠳᠡᠭᠰᠡᠨ ᠦᠭᠡᠢ᠂ ᠡᠨᠡ ᠲᠠᠯ᠎ᠠ ᠪᠠᠷ ᠮᠠᠨ ᠤ ᠦᠮᠴᠢᠳᠡᠨ ᠴᠦ ᠶᠡᠭᠡ ᠡᠷᠡᠭᠡᠯᠵᠡᠭᠡ ᠲᠠᠢ ᠪᠠᠶᠢᠨ᠎ᠠ᠃      ᠰᠠᠭᠤᠭᠠᠯᠢ ᠠᠷᠠᠳ ᠤᠨ ᠲᠣᠭᠤᠷᠢᠭ ᠲᠤ᠂ ᠤᠮᠳᠠᠭᠠᠨ ᠤ ᠤᠰᠤ ᠬᠤᠳᠠᠯᠳᠤᠬᠤ ᠮᠠᠰᠢᠨ ᠠᠴᠠ ᠪᠤᠰᠤᠳ ᠮᠠᠰᠢ ᠣᠯᠠᠨ ᠡᠯ᠎ᠡ ᠵᠦᠢᠯ ᠤᠨ ᠵᠠᠷ ᠮᠡᠳᠡᠭᠡ ᠲᠠᠯᠪᠢᠵᠦ ᠪᠠᠶᠢᠨ᠎ᠠ᠂ ᠴᠠᠬᠢᠯᠭᠠᠨ ᠱᠠᠲᠤᠨ ᠳᠤ ᠨᠠᠩ ᠴᠤ ᠵᠠᠷ ᠮᠡᠳᠡᠭᠡᠨ ᠤ ᠸᠢᠳᠢᠤ᠋ ᠶᠢ ᠡᠭᠡᠯᠵᠢᠯᠡᠨ ᠲᠠᠯᠪᠢᠵᠤ ᠪᠠᠶᠢᠨ᠎ᠠ᠂ ᠡᠲᠡᠭᠡᠷ ᠲᠣᠨᠤᠭ ᠲᠥᠬᠦᠭᠡᠷᠦᠮᠵᠢ ᠶᠢ ᠤᠭᠰᠠᠷᠠᠬᠤ᠂ ᠵᠠᠷ ᠲᠠᠯᠪᠢᠬᠤ ᠳᠤ ᠥᠮᠴᠢᠲᠡᠨ ᠤ ᠵᠥᠪᠰᠢᠶᠡᠷᠡᠯ ᠢ ᠣᠯᠣᠭᠰᠠᠨ ᠦᠦ ᠦᠭᠡᠢ ᠤᠤ︖ ᠡᠭᠦᠨ ᠠᠴᠠ ᠣᠯᠣᠭᠰᠠᠨ ᠠᠰᠢᠭ ᠣᠷᠣᠯᠭ᠎ᠠ ᠨᠢ ᠬᠡᠨ ᠠᠪᠤᠭᠰᠠᠨ ᠪᠤᠢ︖ ᠰᠠᠭᠤᠭᠠᠯᠢ ᠠᠷᠠᠳ ᠤᠨ ᠡᠲᠡᠭᠡᠷ ᠠᠰᠠᠭᠤᠳᠠᠯ ᠤᠨ ᠲᠤᠬᠠᠢ᠂ ᠠᠨᠾᠦ᠋ᠢ ᠮᠤᠵᠢ ᠶᠢᠨ ᠰᠦᠵᠧᠦ ᠬᠤᠲᠠ ᠶᠢᠨ ᠨᠢᠭᠡᠨ ᠰᠠᠭᠤᠭᠠᠯᠢ ᠠᠷᠠᠳ ᠤᠨ ᠲᠣᠭᠤᠷᠢᠭ ᠤᠨ ᠠᠳᠠᠯ ᠠᠬᠤᠢ ᠶᠢᠨ ᠺᠤᠮᠫᠠᠨᠢ ᠶᠢᠨ ᠳᠠᠭᠠᠭᠠᠮᠠᠯ ᠯᠢᠦ ᠴᠧᠩ ᠢᠯᠡᠷᠬᠡᠶᠢᠯᠡᠬᠦ ᠳᠡᠭᠡᠨ᠂ ᠲᠠᠳᠠ ᠤᠰᠤ ᠬᠠᠩᠭᠠᠬᠤ ᠺᠣᠮᠫᠠᠨᠢ ᠲᠠᠢ ᠵᠥᠪᠳᠡᠯᠴᠡᠬᠦ ᠪᠠᠷ ᠳᠡᠮᠵᠢᠨ᠂ ᠤᠮᠳᠠᠭᠠᠨ ᠤ ᠤᠰᠤ ᠬᠤᠳᠠᠯᠳᠤᠬᠤ ᠮᠠᠰᠢᠨ ᠨᠢᠭᠡᠪᠦᠷᠢ ᠨᠢ ᠵᠢᠯ ᠪᠦᠷᠢ ᠠᠳᠠᠯ ᠠᠬᠤᠢ ᠶᠢᠨ ᠺᠤᠮᠫᠠᠨᠢ ᠳᠤ 2000 ᠲᠥᠭᠦᠷᠢᠭ ᠤᠨ ᠭᠠᠵᠠᠷ ᠡᠵᠡᠯᠡᠬᠦ ᠵᠠᠷᠤᠳᠠᠯ ᠲᠤᠰᠢᠶᠠᠵᠤ᠂ ᠠᠳᠠᠯ ᠠᠬᠤᠢ ᠶᠢᠨ ᠺᠤᠮᠫᠠᠨᠢ ᠵᠢᠯ ᠪᠦᠷᠢ 8000 ᠲᠥᠭᠦᠷᠢᠭ ᠤᠨ ᠠᠰᠢᠭ ᠣᠷᠣᠯᠭ᠎ᠠ ᠤᠯᠤᠨ᠎ᠠ᠂ ᠪᠦᠬᠦᠨ ᠢ ᠰᠠᠭᠤᠭᠠᠯᠢ ᠠᠷᠠᠳ ᠤᠨ ᠲᠣᠭᠤᠷᠢᠭ ᠤᠨ ᠡᠳᠦᠷ ᠲᠤᠲᠤᠮ ᠤᠨ ᠬᠠᠮᠠᠭᠠᠯᠠᠯᠲᠠ ᠳᠤ ᠬᠡᠷᠡᠭᠯᠡᠵᠦ ᠪᠠᠶᠢᠨ᠎ᠠ ᠭᠡᠵᠡᠢ᠃      ᠡᠳᠡᠭᠡᠷ ᠲᠥᠬᠦᠭᠡᠷᠦᠮᠵᠢ ᠶᠢ ᠬᠡᠷᠬᠢᠨ ᠤᠭᠰᠠᠷᠠᠭᠰᠠᠨ ᠪᠤᠢ︖ ᠵᠢᠶᠠᠩᠰᠢ ᠶᠢᠨ ᠨᠠᠨᠴᠠᠩ ᠤᠨ ᠨᠢᠭᠡᠨ ᠠᠳᠠᠯ ᠠᠬᠤᠢ ᠶᠢᠨ ᠺᠣᠮᠫᠠᠨᠢ ᠶᠢᠨ ᠬᠠᠮᠢᠶᠠᠷᠤᠯᠲᠠ ᠶᠢᠨ ᠠᠵᠢᠯᠲᠠᠨ ᠯᠢᠨ ᠠᠪᠤᠭᠠᠢ ᠢᠯᠡᠷᠬᠡᠶᠢᠯᠡᠬᠦ ᠳᠡᠭᠡᠨ᠂ ᠡᠩ ᠤᠨ ᠪᠠᠶᠢᠳᠠᠯ ᠲᠤᠤᠷ᠎ᠠ᠂ ᠥᠮᠴᠢᠲᠡᠨ ᠬᠢᠭᠡᠳ ᠠᠳᠠᠯ ᠠᠬᠤᠢ ᠶᠢᠨ ᠺᠤᠮᠫᠠᠨᠢ ᠨᠢ ᠭᠡᠷ᠎ᠡ ᠲᠣᠭᠲᠠᠭᠠᠬᠤ ᠳᠠᠭᠠᠨ ᠴᠥᠮ ᠠᠳᠠᠯ ᠠᠬᠤᠢ ᠶᠢᠨ ᠺᠤᠮᠫᠠᠨᠢ ᠳᠤ ᠡᠷᠬᠡ ᠣᠯᠭᠤᠵᠤ ᠬᠤᠯᠪᠣᠭᠳᠠᠯ ᠪᠦᠬᠦᠢ ᠣᠯᠠᠨ ᠨᠡᠶᠢᠲᠡ ᠶᠢᠨ ᠲᠠᠯᠠᠪᠤᠷ ᠭᠠᠵᠠᠷ ᠢ ᠬᠠᠮᠢᠶᠠᠷᠤᠭᠤᠯᠳᠠᠭ᠃       ᠯᠢᠨ ᠠᠪᠤᠭᠠᠢ ᠬᠡᠯᠡᠬᠦ ᠳᠡᠭᠡᠨ᠄ ︽ᠭᠤᠣᠯᠳᠠᠭᠤ ᠠᠳᠠᠯ ᠠᠬᠤᠢ ᠶᠢᠨ ᠺᠣᠮᠫᠠᠨᠢ ᠪᠤᠯᠤᠨ ᠰᠠᠭᠤᠭᠠᠯᠢ ᠠᠷᠠᠳ ᠲᠠᠢ ᠲᠣᠭᠲᠠᠭᠠᠭᠰᠠᠨ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠳᠤ ᠵᠣᠬᠢᠴᠠᠩᠭᠤᠢ ᠵᠦᠢᠯ ᠵᠤᠷᠪᠤᠰ ᠪᠠᠶᠢᠬᠤ ᠡᠰᠡᠬᠦ ᠪᠠᠷ ᠲᠣᠭᠲᠠᠭᠠᠭᠳᠠᠨ᠎ᠠ᠃ ᠬᠡᠷᠪᠡ ᠭᠡᠷ᠎ᠡ ᠳᠤ ᠠᠳᠠᠯ ᠠᠬᠤᠢ ᠶᠢᠨ ᠺᠣᠮᠫᠠᠨᠢ ᠣᠯᠠᠨ ᠨᠡᠶᠢᠲᠡ ᠶᠢᠨ ᠣᠷᠣᠨ ᠲᠣᠭᠤᠷᠢᠭ ᠤᠨ ᠲᠠᠯᠠᠪᠤᠷ ᠭᠠᠵᠠᠷ᠂ ᠭᠡᠷ ᠪᠠᠶᠢᠰᠢᠩ ᠢ ᠠᠰᠢᠭᠯᠠᠨ ᠡᠵᠡᠩᠨᠡᠯᠲᠡ ᠶᠢᠨ ᠠᠵᠢᠯᠯᠠᠭ᠎ᠠ ᠬᠢᠵᠦ ᠪᠣᠯᠣᠨ᠎ᠠ ᠭᠡᠵᠦ ᠲᠣᠳᠣᠷᠬᠠᠢ ᠲᠣᠭᠲᠠᠭᠠᠭᠰᠠᠨ ᠪᠠᠶᠢᠪᠠᠯ᠂ ᠲᠣᠨᠤᠭ ᠲᠥᠬᠦᠭᠡᠷᠦᠮᠵᠢ ᠣᠷᠣᠭᠤᠯᠬᠤ ᠳᠠᠭᠠᠨ ᠥᠮᠴᠢᠲᠡᠨ ᠨᠢᠭᠡᠪᠦᠷᠢ ᠶᠢᠨ ᠰᠠᠨᠠᠯ ᠢ ᠲᠤᠰᠠᠭᠠᠷ ᠬᠤᠷᠢᠶᠠᠬᠤ ᠴᠢᠬᠤᠯᠠ ᠦᠭᠡᠢ᠂ ᠰᠠᠭᠤᠭᠠᠯᠢ ᠠᠷᠠᠳ ᠤᠨ ᠲᠣᠭᠤᠷᠢᠭ ᠤᠨ ᠡᠩ ᠤᠨ ᠦᠶ᠎ᠡ ᠳᠤ ᠳᠡᠯᠭᠡᠭᠡ ᠮᠠᠶᠢᠮᠠᠢ ᠶᠢᠨ ᠣᠷᠣ ᠶᠢ ᠲᠦᠷᠢᠶᠡᠰᠦᠯᠡᠭᠡᠳ ᠣᠯᠣᠭᠰᠠᠨ ᠠᠰᠢᠭ ᠣᠷᠣᠯᠭ᠎ᠠ ᠲᠠᠢ ᠨᠢᠭᠡ ᠯᠡ ᠰᠢᠨᠵᠢ ᠴᠢᠨᠠᠷ ᠲᠠᠢ ᠪᠣᠯᠣᠨ᠎ᠠ᠃ ᠤᠴᠢᠷ ᠨᠢ ᠪᠤᠳᠠᠳᠠᠢ ᠵᠣᠬᠢᠴᠠᠩᠭᠤᠢ ᠵᠦᠢᠯ ᠵᠤᠷᠪᠤᠰ ᠤᠨ ᠶᠣᠰᠣᠭᠠᠷ ᠠᠳᠠᠯ ᠠᠬᠤᠢ ᠶᠢᠨ ᠺᠤᠮᠫᠠᠨᠢ ᠳᠤ ᠨᠢᠭᠡᠨᠲᠡ ᠡᠨᠡ ᠲᠠᠯ᠎ᠠ ᠪᠠᠷ ᠡᠵᠡᠨ ᠮᠡᠳᠡᠬᠦ ᠡᠷᠬᠡ ᠶᠢ ᠣᠯᠭᠤᠭᠰᠠᠨ ᠪᠠᠶᠢᠨ᠎ᠠ᠃ ᠠᠰᠢᠭ ᠣᠷᠣᠯᠭ᠎ᠠ ᠶᠢ ᠬᠡᠷᠡᠭᠯᠡᠬᠦ ᠲᠠᠯ᠎ᠠ ᠪᠠᠷ᠂ ᠨᠢᠭᠡ ᠬᠡᠰᠡᠭ ᠢ ᠨᠢ ᠰᠠᠭᠤᠭᠠᠯᠢ ᠠᠷᠠᠳ ᠤᠨ ᠲᠣᠭᠤᠷᠢᠭ ᠤᠨ ᠰᠠᠭᠤᠷᠢ ᠪᠦᠲᠦᠭᠡᠨ ᠪᠠᠶᠢᠭᠤᠯᠤᠯᠲᠠ ᠳᠤ ᠬᠡᠷᠡᠭᠯᠡᠵᠦ᠂ ᠡᠳᠦᠷ ᠲᠤᠳᠤᠮ ᠤᠨ ᠠᠵᠢᠯᠯᠠᠭ᠎ᠠ ᠨᠤᠭᠤᠳ ᠢ ᠵᠣᠬᠢᠶᠠᠨ ᠪᠠᠶᠢᠭᠤᠯᠤᠨ᠎ᠠ᠂ ᠡᠶᠢᠮᠦ ᠠᠷᠭ᠎ᠠ ᠪᠠᠷ ᠥᠮᠴᠢᠲᠡᠨ ᠳᠤ ᠬᠠᠷᠢᠭᠤ ᠥᠭᠲᠡᠭ︾ ᠭᠡᠵᠡᠢ᠃      ᠪᠡᠭᠡᠵᠢᠩ ᠤᠨ ᠨᠢᠭᠡᠨ ᠰᠠᠭᠤᠭᠠᠯᠢ ᠠᠷᠠᠳ ᠤᠨ ᠲᠣᠭᠤᠷᠢᠭ ᠤᠨ ᠠᠳᠠᠯ ᠠᠬᠤᠢ ᠶᠢᠨ ᠺᠤᠮᠫᠠᠨᠢ ᠶᠢᠨ ᠳᠠᠭᠠᠭᠠᠮᠠᠯ ᠯᠢ ᠠᠪᠤᠭᠠᠢ ᠬᠡᠯᠡᠬᠦ ᠳᠡᠭᠡᠨ᠂ ᠴᠠᠬᠢᠯᠭᠠᠨ ᠱᠠᠲᠤ ᠶᠢᠨ ᠵᠠᠷ ᠤᠨ ᠵᠠᠷᠤᠳᠠᠯ᠂ ᠤᠮᠳᠠᠭᠠᠨ ᠤᠰᠤ ᠬᠤᠳᠠᠯᠳᠤᠬᠤ ᠮᠠᠰᠢᠨ ᠤᠭᠰᠠᠷᠠᠬᠤ ᠵᠠᠷᠤᠳᠠᠯ ᠨᠢ ᠴᠥᠮ ᠰᠠᠭᠤᠭᠠᠯᠢ ᠠᠷᠠᠳ ᠤᠨ ᠲᠣᠭᠤᠷᠢᠭ ᠤᠨ ᠣᠯᠠᠨ ᠨᠡᠶᠢᠲᠡ ᠶᠢᠨ ᠰᠡᠯᠪᠢᠨ ᠵᠠᠰᠠᠬᠤ ᠰᠠᠭᠤᠷᠢ ᠮᠥᠩᠭᠦ ᠶᠢᠨ ᠲᠤᠳᠠᠭᠳᠠᠯ ᠢ ᠨᠥᠬᠦᠪᠦᠷᠢᠯᠡᠵᠡᠢ᠃ ᠣᠯᠠᠨ ᠨᠡᠶᠢᠲᠡ ᠶᠢᠨ ᠠᠰᠢᠭ ᠣᠷᠣᠯᠭ᠎ᠠ ᠶᠢᠨ ᠵᠠᠷᠤᠳᠠᠯ ᠢ ᠬᠡᠷᠡᠭᠯᠡᠵᠦ ᠳᠠᠭᠤᠰᠤᠭᠰᠠᠨ ᠤ ᠳᠠᠷᠠᠭ᠎ᠠ ᠴᠠᠬᠢᠯᠭᠠᠨ ᠱᠠᠲᠤ ᠶᠢ ᠵᠠᠰᠠᠬᠤ ᠳᠤ ᠬᠦᠷᠪᠡᠯ᠂ ᠣᠯᠠᠨ ᠨᠡᠶᠢᠲᠡ ᠶᠢᠨ ᠰᠡᠯᠪᠢᠨ ᠵᠠᠰᠠᠬᠤ ᠰᠠᠭᠤᠷᠢ ᠮᠥᠩᠭᠦ ᠬᠡᠷᠡᠭᠲᠡᠢ ᠪᠣᠯᠣᠨ᠎ᠠ᠂ ᠣᠯᠠᠨ ᠨᠡᠶᠢᠲᠡ ᠶᠢᠨ ᠰᠡᠯᠪᠢᠨ ᠵᠠᠰᠠᠬᠤ ᠰᠠᠭᠤᠷᠢ ᠮᠥᠩᠭᠦ ᠭᠦᠢᠴᠡᠳ ᠪᠤᠰᠤ ᠪᠣᠯ ᠬᠤᠪᠢ ᠬᠦᠮᠦᠨ ᠠᠴᠠ ᠰᠦᠢᠳᠬᠡᠯ ᠬᠤᠷᠢᠶᠠᠬᠤ ᠬᠡᠷᠡᠭᠲᠡᠢ᠃      ᠣᠶᠢᠯᠠᠭᠠᠭᠰᠠᠨ ᠢᠶᠠᠷ᠂ ᠵᠠᠷᠢᠮ ᠰᠠᠭᠤᠭᠠᠯᠢ ᠠᠷᠠᠳ ᠤᠨ ᠲᠣᠭᠤᠷᠢᠭ ᠤᠨ ᠥᠮᠴᠢᠲᠡᠨ ᠵᠢᠯ ᠪᠦᠷᠢ ᠠᠳᠠᠯ ᠠᠬᠤᠢ ᠶᠢᠨ ᠺᠤᠮᠫᠠᠨᠢ ᠠᠴᠠ ᠣᠯᠭᠤᠭᠰᠠᠨ ᠨᠢᠭᠡ ᠪᠦᠯᠦᠭ ᠣᠯᠠᠨ ᠨᠡᠶᠢᠲᠡ ᠶᠢᠨ ᠣᠷᠣᠨ ᠪᠦᠰᠡ ᠶᠢᠨ ᠠᠰᠢᠭ ᠣᠷᠣᠯᠭ᠎ᠠ ᠶᠢ ᠣᠯᠳᠠᠭ᠂ ᠤᠤᠯ ᠨᠢ ᠡᠲᠡᠭᠡᠷ ᠰᠠᠭᠤᠭᠠᠯᠢ ᠠᠷᠠᠳ ᠤᠨ ᠲᠣᠭᠤᠷᠢᠭ ᠤᠨ ᠥᠮᠴᠢᠲᠡᠨ ᠤ ᠵᠥᠪᠯᠡᠯ ᠨᠢ ᠠᠳᠠᠯ ᠠᠬᠤᠢ ᠶᠢᠨ ᠺᠤᠮᠫᠠᠨᠢ ᠲᠠᠢ ᠣᠯᠠᠨ ᠨᠡᠶᠢᠲᠡ ᠶᠢᠨ ᠲᠠᠯᠠᠪᠤᠷ ᠤᠨ ᠠᠰᠢᠭ ᠣᠷᠣᠯᠭ᠎ᠠ ᠶᠢ ᠬᠠᠷᠢᠴᠠᠯ ᠶᠣᠰᠣᠭᠠᠷ ᠥᠮᠴᠢᠲᠡᠨ ᠳᠤ ᠣᠯᠭᠤᠬᠤ ᠬᠡᠷᠡᠭᠲᠡᠢ ᠭᠡᠵᠦ ᠪᠣᠯᠵᠣᠨ ᠲᠣᠭᠲᠠᠵᠠᠢ᠃ ᠨᠠᠨᠴᠠᠩ ᠬᠤᠲᠠ ᠶᠢᠨ ᠪᠢᠨ ᠵᠢᠶᠠᠩ ᠬᠤᠸ ᠶᠤᠸᠠᠨ ᠰᠠᠭᠤᠭᠠᠯᠢ ᠠᠷᠠᠳ ᠤᠨ ᠲᠤᠭᠤᠷᠢᠭ ᠤᠨ ᠦᠮᠴᠢᠳᠡᠨ ᠤ ᠵᠥᠪᠯᠡᠯ ᠤᠨ ᠡᠷᠬᠢᠯᠡᠭᠴᠢ ᠯᠢᠦ ᠵᠢᠶᠠᠩ ᠹᠧᠩ ᠬᠡᠯᠡᠬᠦ ᠳᠡᠭᠡᠨ᠂ ᠲᠤᠬᠠᠢ ᠶᠢᠨ ᠦᠶ᠎ᠡ ᠳᠤ ᠦᠮᠴᠢᠳᠡᠨ ᠤ ᠵᠥᠪᠯᠡᠯ ᠳᠠᠭᠠᠭᠠᠴᠢᠯᠠᠯᠲᠠ ᠵᠠᠷᠯᠠᠬᠤ ᠳᠠᠭᠠᠨ ᠬᠤᠯᠪᠣᠭᠳᠠᠯ ᠪᠦᠬᠦᠢ ᠵᠦᠢᠯ ᠵᠤᠷᠪᠤᠰ ᠢ ᠨᠢᠭᠡᠨᠲᠡ ᠭᠡᠷ᠎ᠡ ᠳᠤ ᠣᠷᠣᠭᠤᠯᠤᠭᠰᠠᠨ ᠪᠣᠯᠬᠤᠷ ᠠᠳᠠᠯ ᠠᠬᠤᠢ ᠶᠢᠨ ᠺᠤᠮᠫᠠᠨᠢ ᠨᠢ ᠡᠷᠬᠡᠪᠰᠢ ᠣᠯᠠᠨ ᠨᠡᠶᠢᠲᠡ ᠶᠢᠨ ᠣᠷᠣᠨ ᠪᠦᠰᠡ ᠶᠢᠨ ᠠᠰᠢᠭ ᠣᠷᠣᠯᠭ᠎ᠠ ᠶᠢᠨ ᠬᠠᠭᠠᠰ ᠢ ᠥᠮᠴᠢᠲᠡᠨ ᠳᠤ ᠪᠤᠴᠠᠭᠠᠵᠤ ᠥᠭᠬᠦ ᠬᠡᠷᠡᠭᠲᠡᠢ ᠭᠡᠵᠡᠢ᠃      ᠯᠢᠦ ᠵᠢᠶᠠᠩ ᠹᠧᠩ ᠬᠡᠯᠡᠬᠦ ᠳᠡᠭᠡᠨ᠄ ︽ᠮᠠᠨ ᠤ ᠦᠮᠴᠢᠳᠡᠨ ᠤ ᠵᠥᠪᠯᠡᠯ ᠪᠥᠬᠦ ᠥᠮᠴᠢᠲᠡᠨ ᠢ ᠲᠥᠯᠥᠭᠡᠯᠡᠨ ᠠᠳᠠᠯ ᠠᠬᠤᠢ ᠶᠢᠨ ᠺᠤᠮᠫᠠᠨᠢ ᠲᠠᠢ ᠭᠡᠷ᠎ᠡ ᠲᠣᠭᠲᠠᠵᠤ᠂ ᠭᠡᠷ᠎ᠡ ᠳᠡᠭᠡᠨ᠂ ᠨᠡᠶᠢᠲᠡ ᠶᠢᠨ ᠠᠰᠢᠭ ᠣᠷᠣᠯᠭ᠎ᠠ᠂ ᠵᠢᠱᠢᠶᠡᠯᠡᠪᠡᠯ ᠲᠡᠷᠭᠡᠨ ᠵᠣᠭᠰᠣᠭᠠᠯ᠂ ᠵᠠᠷ ᠮᠡᠳᠡᠭᠡ᠂ ᠳᠡᠯᠭᠡᠭᠡ ᠮᠠᠶᠢᠮᠠᠢ ᠶᠢᠨ ᠭᠠᠵᠠᠷ ᠪᠣᠯ ᠮᠠᠨ ᠤ ᠰᠠᠭᠤᠭᠠᠯᠢ ᠠᠷᠠᠳ ᠤᠨ ᠲᠣᠭᠤᠷᠢᠭ ᠤᠨ ᠬᠠᠮᠲᠤ ᠶᠢᠨ ᠥᠮᠴᠢᠯᠡᠯ ᠮᠦᠨ᠂ ᠠᠰᠢᠭ ᠤᠷᠤᠯᠭ᠎ᠠ ᠶᠢ ᠬᠠᠭᠠᠰ ᠢᠶᠠᠷ ᠬᠤᠪᠢᠶᠠᠷᠢᠯᠠᠨ᠎ᠠ ᠭᠡᠵᠦ ᠲᠤᠳᠤᠷᠬᠠᠢ ᠲᠤᠭᠳᠠᠭᠠᠵᠠᠢ᠃ ᠪᠢᠳᠡ ᠨᠢᠳᠤᠨᠤᠨ ᠤ ᠨᠢᠭᠡ ᠡᠷᠦᠬᠡ ᠳᠤ 2000 ᠲᠥᠭᠦᠷᠢᠭ ᠬᠤᠪᠢᠶᠠᠵᠠᠢ᠃ ᠨᠡᠶᠢᠲᠡ ᠶᠢᠨ ᠠᠰᠢᠭ ᠣᠷᠣᠯᠭ᠎ᠠ ᠶᠢ ᠪᠦᠬᠦᠨ ᠢᠶᠠᠷ ᠨᠢ ᠥᠮᠴᠢᠲᠡᠨ ᠳᠤ ᠣᠯᠭᠤᠬᠤ ᠪᠢᠰᠢ᠂ ᠪᠠᠰᠠ ᠰᠠᠭᠤᠭᠠᠯᠢ ᠠᠷᠠᠳ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠨ᠎ᠡ᠃      ᠪᠡᠭᠡᠵᠢᠩ ᠤᠨ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠥᠯᠥ ᠬᠥᠳᠡᠯᠬᠦ ᠬᠥᠷᠥᠩᠭᠡ ᠶᠢᠨ ᠬᠠᠤᠯᠢ ᠶᠢᠨ ᠰᠤᠳᠤᠯᠭᠠᠨ ᠤ ᠨᠡᠶᠢᠭᠡᠮᠯᠢᠭ ᠤᠨ ᠬᠡᠷᠡᠭ ᠡᠷᠬᠢᠯᠡᠭᠴᠢ ᠸᠠᠩ ᠢᠦᠢ ᠴᠧᠨ᠂ ᠵᠠᠷᠢᠮ ᠰᠠᠭᠤᠭᠠᠯᠢ ᠠᠷᠠᠳ ᠤᠨ ᠲᠣᠭᠤᠷᠢᠭ ᠤᠨ ᠠᠳᠠᠯ ᠠᠬᠤᠢ ᠶᠢᠨ ᠺᠤᠮᠫᠠᠨᠢ ᠨᠢ ᠥᠮᠴᠢᠲᠡᠨ ᠲᠠᠢ ᠭᠡᠷ᠎ᠡ ᠲᠣᠭᠲᠠᠬᠤ ᠦᠶ᠎ᠡ ᠳᠤ᠂ ᠠᠳᠠᠯ ᠠᠬᠤᠢ ᠶᠢᠨ ᠺᠣᠮᠫᠠᠨᠢ ᠪᠠᠷ ᠤᠯᠠᠨ ᠨᠡᠶᠢᠲᠡ ᠶᠢᠨ ᠣᠷᠣᠨ ᠪᠦᠰᠡ ᠶᠢᠨ ᠬᠠᠮᠢᠶᠠᠷᠤᠯᠲᠠ ᠶᠢ ᠬᠠᠷᠢᠭᠤᠴᠠᠭᠤᠯᠬᠤ ᠪᠠᠷ ᠪᠣᠯᠵᠣᠨ ᠲᠤᠭᠳᠠᠭᠰᠠᠨ ᠪᠠᠶᠢᠵᠦ ᠮᠡᠳᠡᠨ᠎ᠠ᠂ ᠭᠡᠪᠡᠴᠦ ᠲᠡᠭᠦᠨ ᠤ ᠬᠤᠯᠪᠣᠭᠳᠠᠯ ᠪᠦᠬᠦᠢ ᠠᠰᠢᠭ ᠣᠷᠣᠯᠭ᠎ᠠ ᠶᠢᠨ ᠬᠠᠷᠢᠶᠠᠯᠠᠯ ᠤᠨ ᠲᠤᠬᠠᠢ ︽ᠢᠷᠭᠡᠨ ᠤ ᠬᠠᠤᠯᠢ ᠶᠢᠨ ᠪᠢᠴᠢᠭ︾ ᠲᠤ᠄ ᠪᠦᠲᠦᠭᠡᠨ ᠪᠠᠶᠢᠭᠤᠯᠬᠤ ᠨᠢᠭᠡᠴᠢ᠂ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠪᠤᠶᠤ ᠪᠤᠰᠤᠳ ᠬᠠᠮᠢᠶᠠᠷᠤᠭᠴᠢ ᠵᠡᠷᠭᠡ ᠶᠢᠨ ᠥᠮᠴᠢᠲᠡᠨ ᠤ ᠬᠠᠮᠲᠤ ᠪᠠᠷ ᠥᠮᠴᠢᠯᠡᠬᠦ ᠬᠡᠰᠡᠭ ᠢ ᠠᠰᠢᠭᠯᠠᠭᠠᠳ ᠪᠤᠢ ᠪᠣᠯᠤᠭᠰᠠᠨ ᠣᠷᠣᠯᠭ᠎ᠠ ᠨᠢ ᠵᠦᠢ ᠵᠣᠬᠢᠰᠲᠠᠢ ᠥᠪᠡᠷ ᠤᠨ ᠦᠷᠳᠡᠭ ᠢ ᠬᠠᠰᠤᠭᠰᠠᠨ ᠤ ᠲᠠᠷᠠᠭ᠎ᠠ ᠥᠮᠴᠢᠲᠡᠨ ᠤ ᠬᠠᠮᠲᠤ  ᠶᠢᠨ ᠦᠮᠴᠢᠯᠡᠯ ᠳᠤ ᠬᠠᠷᠢᠶᠠᠯᠠᠭᠳᠠᠨ᠎ᠠ ᠭᠡᠵᠦ ᠲᠣᠳᠣᠷᠬᠠᠢ ᠲᠣᠭᠲᠠᠭᠠᠵᠠᠢ ᠭᠡᠵᠦ ᠲᠠᠨᠢᠯᠴᠠᠭᠤᠯᠪᠠ᠃      ᠸᠠᠩ ᠢᠦᠢ ᠴᠧᠨ ᠢᠯᠡᠷᠬᠡᠶᠢᠯᠡᠬᠦ ᠳᠡᠭᠡᠨ᠂ ᠥᠮᠴᠢᠲᠡᠨ ᠤ ᠬᠠᠮᠲᠤ ᠪᠠᠷ ᠥᠮᠴᠢᠯᠡᠬᠦ ᠬᠡᠰᠡᠭ ᠠᠴᠠ ᠪᠣᠶ ᠪᠣᠯᠤᠭᠰᠠᠨ ᠡᠲᠡᠭᠡᠷ ᠠᠰᠢᠭ ᠣᠷᠣᠯᠭ᠎ᠠ ᠨᠢ ᠴᠢᠬᠤᠯᠠ ᠪᠦᠬᠦᠢ ᠥᠪᠡᠷ ᠤᠨ ᠥᠷᠲᠡᠭ ᠤᠨ ᠴᠢᠨᠠᠷᠲᠠᠢ ᠵᠠᠷᠤᠯᠭ᠎ᠠ ᠶᠢ ᠬᠠᠰᠤᠵᠦ ᠭᠠᠷᠭᠠᠪᠠᠯ ᠥᠮᠴᠢᠲᠡᠨ ᠳᠤ ᠥᠮᠴᠢᠯᠡᠭᠳᠡᠬᠦ ᠶᠣᠰᠣᠲᠠᠢ᠂ ᠪᠣᠳᠠᠲᠤ ᠠᠮᠢᠳᠤᠷᠠᠯ ᠤᠨ ᠳᠤᠮᠳᠠ᠂ ᠢᠯᠠᠩᠭᠤᠶ᠎ᠠ ᠵᠢᠯ ᠤᠨ ᠡᠴᠦᠰ ᠪᠣᠯᠬᠤ ᠦᠶ᠎ᠡ ᠳᠤ᠂ ᠬᠠᠶᠠ ᠰᠣᠨᠢᠨ ᠮᠡᠳᠡᠭᠡ ᠦᠵᠡᠪᠡᠯ᠂ ᠠᠯᠢ ᠠᠯᠢ ᠰᠠᠭᠤᠭᠠᠯᠢ ᠠᠷᠠᠳ ᠤᠨ ᠲᠣᠭᠤᠷᠢᠭ ᠤᠨ ᠠᠳᠠᠯ ᠠᠬᠤᠢ ᠶᠢᠨ ᠺᠤᠮᠫᠠᠨᠢ ᠠᠴᠠ  ᠰᠠᠭᠤᠭᠠᠯᠢ ᠠᠷᠠᠳ ᠲᠤ ᠠᠮᠤ ᠪᠤᠳᠠᠭ᠎ᠠ ᠭᠤᠯᠢᠷ ᠥᠭᠬᠦ ᠪᠤᠶᠤ ᠪᠠᠭ᠎ᠠ ᠰᠠᠭ᠎ᠠ ᠠᠰᠢᠭ ᠬᠤᠪᠢᠶᠠᠬᠤ᠂ ᠪᠠᠭ᠎ᠠ ᠰᠠᠭ᠎ᠠ ᠵᠣᠭᠤᠰ ᠥᠭᠬᠦ ᠳᠤ ᠣᠯᠠᠨ ᠢᠶᠠᠷ ᠢᠶᠠᠨ ᠴᠥᠮ ᠮᠠᠰᠢ ᠰᠣᠨᠢᠷᠬᠠᠯᠲᠠᠢ ᠰᠠᠨᠠᠭᠳᠠᠳᠠᠭ᠃ ᠭᠡᠪᠡᠴᠦ ᠬᠡᠷᠡᠭ ᠳᠡᠭᠡᠷ᠎ᠡ ᠪᠠᠨ ᠰᠠᠭᠤᠭᠠᠯᠢ ᠠᠷᠠᠳ ᠤᠨ ᠲᠣᠭᠤᠷᠢᠭ ᠪᠣᠯᠭᠠᠨ ᠳᠤ ᠴᠥᠮ ᠠᠰᠢᠭ ᠣᠷᠣᠯᠭ᠎ᠠ ᠣᠯᠵᠤ ᠮᠡᠳᠡᠨ᠎ᠡ᠃ ᠶᠠᠭᠤᠨ ᠤ ᠡᠮᠦᠨ᠎ᠡ ᠠᠳᠠᠯ ᠠᠬᠤᠢ ᠶᠢᠨ ᠺᠣᠮᠫᠠᠨᠢ ᠶᠠᠭᠠᠬᠢᠵᠤ ᠣᠷᠣᠭᠤᠯᠵᠤ ᠠᠪᠴᠢᠷᠠᠭᠰᠠᠨ ᠴᠤ ᠬᠠᠮᠢᠶ᠎ᠠ ᠦᠭᠡᠢ᠂ ᠬᠠᠮᠲᠤ ᠪᠠᠷ ᠥᠮᠴᠢᠯᠡᠬᠦ ᠬᠡᠰᠡᠭ ᠤᠨ ᠠᠰᠢᠭ ᠣᠷᠣᠯᠭ᠎ᠠ ᠶᠢᠨ ᠴᠢᠬᠤᠯᠠ ᠪᠦᠬᠦᠢ ᠦᠪᠡᠷ ᠤᠨ ᠦᠷᠳᠡᠭ ᠢ ᠬᠠᠰᠤᠭᠰᠠᠨ ᠤ ᠲᠠᠷᠠᠭ᠎ᠠ ᠪᠤᠰᠤᠳ ᠠᠰᠢᠭ ᠤᠷᠤᠯᠭ᠎ᠠ ᠶᠢ ᠥᠮᠴᠢᠲᠡᠨ ᠳᠤ ᠥᠮᠴᠢᠯᠡᠭᠦᠯᠪᠡᠯ ᠵᠣᠬᠢᠨ᠎ᠠ᠂ ᠥᠮᠴᠢᠲᠡᠨ ᠤ ᠬᠤᠪᠢ ᠳᠤ ᠡᠨᠡ ᠤᠴᠢᠷ ᠢ ᠮᠡᠳᠡᠬᠦ ᠡᠷᠬᠡ ᠲᠠᠢ᠃ ᠠᠳᠠᠯ ᠠᠬᠤᠢ ᠶᠢᠨ ᠺᠣᠮᠫᠠᠨᠢ ᠶᠢᠨ ᠬᠤᠪᠢ ᠳᠤ᠂ ᠡᠨᠡ ᠬᠦ ᠠᠵᠢᠯ ᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠬᠡᠷᠡᠭᠲᠡᠢ᠃ ᠥᠮᠴᠢᠲᠡᠨ  ᠨᠢ ᠠᠳᠠᠯ ᠠᠬᠤᠢ ᠶᠢᠨ ᠺᠤᠮᠫᠠᠨᠢ ᠶᠢ ᠬᠤᠯᠪᠣᠭᠳᠠᠯ ᠪᠦᠬᠦᠢ ᠠᠰᠠᠭᠤᠳᠠᠯ ᠢ ᠵᠠᠷᠯᠠᠨ ᠨᠡᠶᠢᠲᠡᠯᠡᠬᠦ ᠶᠢ ᠱᠠᠭᠠᠷᠳᠠᠵᠤ ᠪᠣᠯᠣᠨ᠎ᠠ᠂ ᠬᠡᠷᠪᠡ ᠵᠠᠷᠯᠠᠨ ᠨᠡᠶᠢᠲᠡᠯᠡᠬᠦ ᠶᠢ ᠲᠡᠪᠴᠢᠪᠡᠯ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠵᠠᠭᠠᠯᠳᠤᠵᠤ ᠪᠣᠯᠣᠨ᠎ᠠ᠂ ᠴᠢᠨᠠᠭᠰᠢᠯᠠᠪᠠᠯ ᠰᠢᠭᠦᠬᠦ ᠬᠤᠷᠢᠶᠠᠨ ᠳᠤ ᠵᠠᠭᠠᠯᠳᠤᠵᠤ ᠪᠣᠯᠣᠨ᠎ᠠ᠃ ᠭᠡᠬᠦ ᠳᠡᠭᠡᠨ ᠡᠷᠬᠡ ᠪᠠᠨ ᠬᠠᠮᠠᠭᠠᠯᠠᠬᠤ ᠶᠢᠨ ᠨᠢᠭᠡᠳᠦᠭᠡᠷ ᠠᠯᠬᠤᠮ ᠪᠣᠯ ᠰᠠᠭᠤᠭᠠᠯᠢ ᠠᠷᠠᠳ ᠤᠨ ᠲᠣᠭᠤᠷᠢᠭ ᠲᠤ ᠴᠣᠬᠤᠮ ᠬᠡᠳᠦᠢ ᠬᠠᠮᠲᠤ ᠪᠠᠷ ᠥᠮᠴᠢᠯᠡᠬᠦ ᠣᠷᠣᠨ ᠪᠦᠰᠡ ᠪᠠᠶᠢᠬᠤ ᠶᠢ ᠲᠣᠳᠣᠷᠬᠠᠢ ᠪᠣᠯᠭᠠᠬᠤ ᠶᠠᠪᠤᠳᠠᠯ ᠪᠣᠯᠣᠨ᠎ᠠ᠃ ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1