ᠥᠮᠴᠢᠲᠡᠨ ᠭᠠᠳᠠᠷ ᠡᠭᠦᠳᠡ ᠪᠠᠨ ᠳᠤᠷ᠎ᠠ ᠪᠠᠷ ᠢᠶᠠᠨ ᠥᠭᠡᠷᠡᠴᠢᠯᠡᠵᠦ᠂ ᠲᠤᠳᠤᠭᠰᠢ ᠨᠡᠭᠡᠭᠡᠵᠦ | ᠪᠠᠶᠢᠭᠰᠠᠨ ᠠᠴᠠ ᠭᠠᠳᠠᠭᠰᠢ ᠨᠡᠭᠡᠭᠡᠬᠦ ᠪᠣᠯᠭᠠᠵᠤ᠂ ᠬᠥᠷᠰᠢ ᠵᠡᠷᠭᠡᠯᠡᠳᠡᠭᠡ ᠶᠢᠨ ᠬᠢᠨ ᠤ ᠶᠠᠪᠤᠵᠦ ᠰᠠᠭᠤᠬᠤ ᠶᠢ | ᠨᠥᠯᠥᠭᠡᠯᠡᠪᠡ᠃ ᠣᠶᠢᠷ᠎ᠠ ᠳᠤ᠂ ᠠᠨᠾᠦ᠋ᠢ ᠮᠤᠵᠢ ᠶᠢᠨ ᠾᠧᠹᠧᠢ ᠬᠤᠲᠠ ᠶᠢᠨ ᠠᠷᠠᠳ ᠤᠨ ᠳᠤᠮᠳᠠ ᠵᠡᠷᠭᠡ ᠶᠢᠨ | ᠰᠢᠭᠦᠬᠦ ᠬᠤᠷᠢᠶ᠎ᠠ ᠡᠨᠡᠬᠦ ᠬᠥᠷᠰᠢ ᠵᠡᠷᠭᠡᠯᠡᠳᠡᠭᠡ ᠶᠢᠨ ᠡᠷᠬᠡ ᠶᠢᠨ ᠵᠢᠭᠤᠷᠠᠯᠳᠤᠭᠠᠨ ᠤ ᠬᠡᠷᠡᠭ ᠲᠤ ᠬᠤᠶᠠᠳᠤᠭᠠᠷ | ᠰᠢᠭᠦᠯᠲᠡ ᠶᠢᠨ ᠲᠠᠰᠤᠯᠤᠯᠲᠠ ᠭᠠᠷᠭᠠᠵᠤ᠂ ᠾᠧᠹᠧᠢ ᠬᠤᠲᠠ ᠶᠢᠨ ᠪᠦᠦ ᠾᠧ ᠲᠣᠭᠤᠷᠢᠭ ᠤᠨ ᠠᠷᠠᠳ ᠤᠨ ᠰᠢᠭᠦᠬᠦ | ᠬᠤᠷᠢᠶᠠᠨ ᠤ ᠨᠢᠭᠡᠳᠦᠭᠡᠷ ᠰᠢᠭᠦᠯᠲᠡ ᠶᠢᠨ ᠲᠠᠰᠤᠯᠤᠯᠲᠠ ᠶᠢ ᠵᠦᠪᠰᠢᠶᠡᠷᠡᠵᠦ᠂ ᠵᠠᠭᠠᠯᠳᠤᠭᠳᠠᠭᠴᠢ ᠯᠢ ᠣᠪᠣᠭᠲᠤ ᠶᠢ | ᠭᠠᠳᠠᠷ ᠡᠭᠦᠳᠡ ᠪᠠᠨ ᠤᠤᠯ ᠪᠠᠶᠢᠳᠠᠯ ᠢ ᠰᠡᠷᠭᠦᠭᠡᠬᠦ ᠬᠡᠷᠡᠭᠳᠡᠢ ᠭᠡᠵᠦ ᠲᠡᠰᠦᠯᠦᠨ ᠰᠢᠢᠳᠭᠡᠵᠡᠢ᠃ | ᠣᠶᠢᠯᠠᠭᠠᠭᠰᠠᠨ ᠢᠶᠠᠷ᠂ ᠯᠢᠦ ᠣᠪᠣᠭᠲᠤ ᠪᠣᠯᠣᠨ ᠯᠢ ᠣᠪᠣᠭᠲᠤ ᠾᠧᠹᠧᠢ ᠬᠤᠲᠠ ᠶᠢᠨ ᠨᠢᠭᠡᠨ ᠰᠠᠭᠤᠭᠠᠯᠢ | ᠠᠷᠠᠳ ᠤᠨ ᠲᠣᠭᠤᠷᠢᠭ ᠤᠨ 5 ᠳ᠋ᠤᠭᠠᠷ ᠠᠰᠠᠷ ᠤᠨ 6 ᠳ᠋ᠤᠭᠠᠷ ᠲᠠᠪᠬᠤᠷᠯᠢᠭ ᠲᠤ ᠵᠡᠷᠭᠡᠯᠡᠳᠡᠭᠡ ᠰᠠᠭᠤᠵᠠᠢ᠃ ᠯᠢ | ᠣᠪᠣᠭᠲᠤ ᠰᠠᠭᠤᠭᠠᠯᠢ ᠠᠷᠠᠳ ᠤᠨ ᠲᠣᠭᠤᠷᠢᠭ ᠤᠨ ᠠᠳᠠᠯ ᠠᠬᠤᠢ ᠶᠢᠨ ᠺᠣᠮᠫᠠᠨᠢ ᠳᠤ ᠮᠡᠳᠡᠭᠦᠯᠦᠨ | ᠳᠠᠩᠰᠠᠯᠠᠭᠤᠯᠤᠭᠰᠠᠨ ᠦᠭᠡᠢ ᠪᠥᠭᠡᠳ ᠯᠢᠦ ᠣᠪᠣᠭᠲᠤ ᠶᠢᠨ ᠵᠥᠪᠰᠢᠶᠡᠷᠡᠯ ᠦᠭᠡᠢ ᠪᠠᠷ ᠳᠤᠷ᠎ᠠ ᠪᠠᠷ ᠢᠶᠠᠨ | ᠭᠡᠷ ᠤᠨ ᠢᠶᠠᠨ ᠭᠠᠳᠠᠷ ᠡᠭᠦᠳᠡ ᠶᠢ ᠥᠷᠭᠡᠳᠬᠡᠨ ᠦᠨᠳᠦᠷ ᠢ ᠨᠡᠮᠡᠭᠳᠡᠭᠦᠯᠬᠦ ᠶᠢᠨ ᠬᠠᠮᠲᠤ ᠭᠠᠳᠠᠷ ᠡᠭᠦᠳᠡ ᠶᠢ | ᠲᠤᠳᠤᠭᠰᠢ ᠨᠡᠭᠡᠭᠡᠵᠦ ᠪᠠᠶᠢᠭᠰᠠᠨ ᠠᠴᠠ ᠭᠠᠳᠠᠭᠰᠢ ᠨᠡᠭᠡᠭᠡᠬᠦ ᠪᠣᠯᠭᠠᠨ ᠥᠭᠡᠷᠡᠴᠢᠯᠡᠵᠡᠢ᠃ | ᠬᠤᠶᠠᠷ ᠭᠡᠷ ᠨᠢ ᠬᠥᠷᠰᠢᠯᠡᠵᠦ ᠪᠠᠶᠢᠬᠤ ᠤᠴᠢᠷ ᠠᠴᠠ ᠯᠢ ᠣᠪᠣᠭᠲᠤ ᠭᠠᠳᠠᠷ ᠡᠭᠦᠳᠡ ᠪᠠᠨ | ᠥᠭᠡᠷᠡᠴᠢᠯᠡᠭᠰᠡᠨ ᠤ ᠲᠠᠷᠠᠭ᠎ᠠ᠂ ᠭᠠᠳᠠᠷ ᠡᠭᠦᠳᠡ ᠨᠢ ᠪᠦᠳᠦᠨ ᠨᠡᠭᠡᠭᠡᠭᠳᠡᠬᠦ ᠦᠶ᠎ᠡ ᠳᠤ ᠯᠢᠦ ᠣᠪᠣᠭᠲᠤ ᠶᠢᠨ ᠭᠡᠷ ᠤᠨ | ᠡᠭᠦᠳᠡ ᠶᠢ ᠪᠦᠭᠯᠡᠨ᠎ᠡ᠃ ᠯᠢᠦ ᠣᠪᠣᠭᠲᠤ ᠂ ᠯᠢ ᠣᠪᠣᠭᠲᠤ ᠲᠠᠢ ᠰᠠᠨᠠᠯ ᠢᠶᠠᠨ ᠰᠣᠯᠢᠯᠴᠠᠵᠤ᠂ ᠢᠳᠬᠠᠨ | ᠬᠤᠷᠢᠭᠯᠠᠭᠠᠳ ᠦᠷ᠎ᠡ ᠳ᠋ᠦᠩ ᠭᠠᠷᠤᠭᠰᠠᠨ ᠦᠭᠡᠢ᠃ ᠰᠡᠭᠦᠯᠡᠷ ᠨᠢ ᠯᠢᠦ ᠣᠪᠣᠭᠲᠤ ᠠᠳᠠᠯ ᠠᠬᠤᠢ ᠶᠢᠨ ᠺᠣᠮᠫᠠᠨᠢ ᠪᠠ | ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠳᠤ᠂ ᠭᠠᠳᠠᠷ ᠡᠭᠦᠳᠡ ᠨᠢ ᠪᠦᠭᠯᠡᠭᠳᠡᠵᠦ ᠠᠮᠤᠷ ᠲᠦᠪᠰᠢᠨ | ᠪᠠ ᠭᠠᠯ ᠰᠡᠷᠭᠡᠶᠢᠯᠡᠨ ᠤᠨᠲᠠᠷᠠᠭᠠᠬᠤ ᠲᠠᠯᠳᠠ ᠭᠡᠮ ᠨᠡᠯᠢᠶᠡᠳ ᠶᠡᠭᠡ ᠪᠠᠶᠢᠨ᠎ᠠ ᠭᠡᠵᠦ ᠪᠠᠶᠢᠳᠠᠯ ᠢ ᠲᠤᠰᠬᠠᠵᠠᠢ᠃ ᠠᠳᠠᠯ | ᠠᠬᠤᠢ ᠶᠢᠨ ᠺᠣᠮᠫᠠᠨᠢ ᠠᠴᠠ ᠯᠢ ᠣᠪᠣᠭᠲᠤ ᠳᠤ ᠴᠡᠭᠴᠡᠯᠡᠨ ᠥᠭᠡᠷᠡᠴᠢᠯᠡᠬᠦ ᠵᠠᠬᠢᠳᠠᠯ ᠬᠦᠷᠭᠡᠵᠦ᠂ ᠭᠠᠳᠠᠷ ᠡᠭᠦᠳᠡ ᠪᠠᠨ | ᠲᠦᠷᠭᠡᠬᠡᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ ᠭᠡᠵᠦ ᠱᠠᠭᠠᠷᠳᠠᠭᠰᠠᠨ ᠳᠤ᠂ ᠯᠢ ᠣᠪᠣᠭᠲᠤ ᠣᠶᠢᠰᠢᠶᠠᠭᠰᠠᠨ | ᠦᠭᠡᠢ᠃ ᠰᠡᠭᠦᠯᠡᠷ ᠨᠢ ᠰᠠᠭᠤᠭᠠᠯᠢ ᠠᠷᠠᠳ ᠤᠨ ᠵᠥᠪᠯᠡᠯ ᠪᠠ ᠠᠳᠠᠯ ᠠᠬᠤᠢ ᠶᠢᠨ ᠺᠣᠮᠫᠠᠨᠢ ᠣᠯᠠᠨ ᠤᠳᠠᠭ᠎ᠠ | ᠵᠣᠬᠢᠶᠠᠨ ᠪᠠᠶᠢᠭᠤᠯᠵᠤ ᠵᠣᠬᠢᠴᠠᠭᠤᠯᠤᠭᠰᠠᠨ ᠴᠤ ᠦᠷ᠎ᠡ ᠳ᠋ᠦᠩ ᠭᠠᠷᠤᠭᠰᠠᠨ ᠦᠭᠡᠢ᠃ ᠯᠢᠦ ᠣᠪᠣᠭᠲᠤ ᠠᠷᠭ᠎ᠠ ᠪᠤᠰᠤ | ᠰᠢᠭᠦᠬᠦ ᠬᠤᠷᠢᠶᠠᠨ ᠳᠤ᠂ ᠵᠠᠭᠠᠯᠳᠤᠭᠳᠠᠭᠴᠢ ᠯᠢ ᠣᠪᠣᠭᠲᠤ ᠳᠤᠷ᠎ᠠ ᠪᠠᠷ ᠢᠶᠠᠨ ᠭᠠᠳᠠᠷ ᠡᠭᠦᠳᠡ ᠪᠠᠨ ᠥᠭᠡᠷᠡᠴᠢᠯᠡᠵᠦ᠂ | ᠪᠤᠰᠤᠳ ᠲᠤ ᠬᠤᠬᠢᠷᠠᠯ ᠤᠴᠠᠷᠠᠭᠤᠯᠤᠭᠰᠠᠨ ᠡᠷᠬᠡ ᠳᠤ ᠬᠠᠯᠳᠠᠭᠰᠠᠨ ᠠᠵᠢᠯᠯᠠᠭ᠎ᠠ ᠪᠠᠨ ᠳᠠᠷᠤᠢ ᠲᠦᠷᠭᠡᠨ | ᠵᠣᠭᠰᠣᠭᠠᠵᠤ᠂ ᠭᠠᠳᠠᠷ ᠡᠭᠦᠳᠡ ᠪᠠᠨ ᠤᠤᠯ ᠬᠡᠪ ᠲᠤ ᠰᠡᠷᠭᠦᠭᠡᠬᠦ ᠶᠢᠨ ᠬᠠᠮᠲᠤ ᠯᠢᠦ ᠤᠪᠤᠭᠳᠤ ᠶᠢᠨ ᠡᠷᠬᠡ ᠪᠠᠨ | ᠬᠠᠮᠠᠭᠠᠯᠠᠬᠤ ᠠᠴᠠ ᠪᠣᠯᠤᠭᠰᠠᠨ ᠳᠠᠩᠰᠠ ᠡᠪᠬᠡᠮᠡᠯ ᠰᠢᠯᠵᠢᠭᠦᠯᠬᠦ ᠵᠠᠷᠤᠳᠠᠯ ᠪᠠ ᠵᠠᠷᠭᠤ ᠶᠢᠨ ᠵᠠᠷᠤᠳᠠᠯ ᠢ ᠡᠭᠦᠷᠭᠡᠯᠡᠬᠦ | ᠬᠡᠷᠡᠭᠳᠡᠢ ᠭᠡᠵᠦ ᠵᠠᠭᠠᠯᠳᠤᠵᠠᠢ᠃ | ᠰᠢᠭᠦᠬᠦ ᠬᠤᠷᠢᠶ᠎ᠠ ᠰᠢᠭᠦᠯᠳᠡ ᠪᠠᠷ ᠲᠠᠮᠵᠢᠨ᠂ ᠢᠷᠭᠡᠨ ᠤ ᠬᠠᠤᠯᠢ ᠶᠢᠨ ᠪᠢᠴᠢᠭ ᠤᠨ ᠬᠤᠶᠠᠷ ᠵᠠᠭᠤ ᠨᠠᠶᠠᠨ | ᠨᠠᠢᠮᠠᠳᠤᠭᠠᠷ ᠵᠦᠢᠯ ᠳᠤ᠂ ᠦᠯᠦ ᠬᠥᠳᠡᠯᠬᠦ ᠬᠥᠷᠥᠩᠭᠡ ᠶᠢᠨ ᠬᠥᠷᠰᠢ ᠵᠡᠷᠭᠡᠯᠡᠳᠡᠭᠡ ᠶᠢᠨ ᠡᠷᠬᠡᠲᠦ ᠬᠥᠮᠥᠨ ᠨᠢ | ᠦᠢᠯᠡᠳᠪᠦᠷᠢᠯᠡᠯ ᠳᠤ ᠠᠰᠢᠭᠲᠠᠢ᠂ ᠠᠮᠢᠳᠤᠷᠠᠯ ᠳᠤ ᠲᠦᠭᠦᠮ ᠪᠠᠶᠢᠬᠤ᠂ ᠪᠦᠯᠬᠦᠮᠳᠡᠨ ᠬᠠᠪᠰᠤᠷᠤᠯᠴᠠᠬᠤ᠂ ᠲᠥᠪ | ᠭᠤᠣᠯᠴᠢ ᠵᠦᠢ ᠵᠣᠬᠢᠰᠲᠠᠢ ᠪᠠᠶᠢᠬᠤ ᠵᠠᠷᠴᠢᠮ ᠶᠣᠰᠣᠭᠠᠷ ᠬᠥᠷᠰᠢ ᠵᠡᠷᠭᠡᠯᠡᠳᠡᠭᠡ ᠶᠢᠨ ᠬᠠᠷᠢᠴᠠᠭ᠎ᠠ ᠪᠠᠨ ᠵᠥᠪ ᠢᠶᠠᠷ | ᠰᠢᠢᠳᠪᠦᠷᠢᠯᠡᠬᠦ ᠬᠡᠷᠡᠭᠲᠡᠢ ᠭᠡᠵᠦ ᠲᠣᠭᠲᠠᠭᠠᠵᠠᠢ᠃ ᠬᠤᠶᠠᠷ ᠵᠠᠭᠤ ᠲᠠᠯᠠᠨ ᠬᠤᠶᠠᠳᠤᠭᠠᠷ ᠵᠦᠢᠯ ᠳᠤ᠂ ᠥᠮᠴᠢᠲᠡᠨ ᠨᠢ | ᠪᠠᠷᠢᠯᠭ᠎ᠠ ᠶᠢᠨ ᠲᠤᠰᠬᠠᠢ ᠪᠦᠬᠦᠢ ᠬᠡᠰᠡᠭ ᠲᠡᠭᠡᠨ ᠡᠵᠡᠮᠰᠢᠬᠦ᠂ ᠬᠡᠷᠡᠭᠯᠡᠬᠦ᠂ ᠠᠰᠢᠭ ᠬᠥᠷᠳᠡᠬᠦ ᠪᠠ ᠰᠢᠢᠳᠪᠦᠷᠢᠯᠡᠬᠦ | ᠡᠷᠬᠡ ᠶᠢ ᠡᠳ᠋ᠯᠡᠨ᠎ᠡ ᠭᠡᠵᠦ ᠲᠣᠭᠲᠠᠭᠠᠵᠠᠢ᠃ ᠥᠮᠴᠢᠲᠡᠨ ᠡᠷᠬᠡ ᠪᠠᠨ ᠬᠡᠷᠡᠭᠵᠢᠭᠦᠯᠬᠦ ᠳᠡᠭᠡᠨ ᠪᠠᠷᠢᠯᠭ᠎ᠠ ᠶᠢᠨ ᠠᠮᠤᠷ | ᠲᠦᠪᠰᠢᠨ ᠳᠤ ᠠᠶᠤᠯ ᠤᠴᠠᠷᠠᠭᠤᠯᠵᠤ ᠪᠣᠯᠬᠤ ᠦᠭᠡᠢ᠂ ᠪᠤᠰᠤᠳ ᠥᠮᠴᠢᠲᠡᠨ ᠤ ᠬᠠᠤᠯᠢ ᠶᠣᠰᠣᠨ ᠤ ᠡᠷᠬᠡ | ᠠᠰᠢᠭ ᠢ ᠬᠤᠬᠢᠷᠠᠭᠤᠯᠵᠤ ᠪᠣᠯᠬᠤ ᠦᠭᠡᠢ᠃ ︽ᠣᠷᠣᠨ ᠰᠠᠭᠤᠴᠠ ᠶᠢᠨ ᠵᠢᠷᠤᠭ ᠲᠥᠯᠥᠪᠯᠡᠭᠡ ᠶᠢᠨ ᠵᠢᠷᠤᠮᠵᠢᠯ︾ ᠤᠨ | 5.8.5 ᠳ᠋ᠤᠭᠠᠷ ᠵᠦᠢᠯ ᠳᠤ᠂ ᠭᠠᠳᠠᠭᠰᠢ ᠨᠡᠭᠡᠭᠡᠬᠦ ᠡᠭᠦᠳᠡ ᠨᠢ ᠣᠯᠠᠨ ᠨᠡᠶᠢᠲᠡ ᠶᠢᠨ ᠵᠠᠮ ᠬᠠᠷᠢᠯᠴᠠᠭ᠎ᠠ ᠵᠢᠴᠢ | ᠬᠥᠷᠰᠢ ᠵᠡᠷᠭᠡᠯᠡᠳᠡᠭᠡ ᠶᠢᠨ ᠬᠡᠪ ᠤᠨ ᠠᠮᠢᠳᠤᠷᠠᠯ ᠢ ᠬᠠᠷᠰᠢᠯᠠᠵᠤ ᠪᠣᠯᠬᠤ ᠦᠭᠡᠢ ᠭᠡᠵᠦ ᠲᠣᠭᠲᠠᠭᠠᠵᠠᠢ᠃ ᠲᠤᠰ | ᠬᠡᠷᠡᠭ ᠲᠤ᠂ ᠯᠢ ᠣᠪᠣᠭᠲᠤ ᠶᠢᠨ ᠥᠭᠡᠷᠡᠴᠢᠯᠡᠭᠰᠡᠨ ᠭᠠᠳᠠᠷ ᠡᠭᠦᠳᠡ ᠨᠢ ᠪᠦᠷᠢᠮᠦᠰᠦᠨ ᠨᠡᠭᠡᠭᠡᠭᠳᠡᠭᠰᠡᠨ ᠪᠠᠶᠢᠳᠠᠯ | ᠳᠣᠣᠷ᠎ᠠ᠂ ᠯᠢᠦ ᠣᠪᠣᠭᠲᠤ ᠶᠢᠨ ᠭᠠᠳᠠᠷ ᠡᠭᠦᠳᠡ ᠶᠢ ᠪᠠᠷᠤᠭ ᠪᠦᠷᠢᠮᠦᠰᠦᠨ ᠪᠥᠭᠯᠡᠵᠦ᠂ ᠯᠢᠦ ᠣᠪᠣᠭᠲᠤ ᠶᠢᠨ ᠬᠡᠪ ᠤᠨ | ᠠᠮᠢᠳᠤᠷᠠᠯ ᠳᠤ ᠨᠥᠯᠥᠭᠡ ᠪᠣᠯᠵᠤ᠂ ᠪᠠᠰᠠ ᠵᠣᠬᠢᠬᠤ ᠬᠡᠮᠵᠢᠶᠡᠨ ᠤ ᠠᠮᠤᠷ ᠲᠦᠪᠰᠢᠨ ᠤ ᠳᠠᠯᠳᠠ ᠬᠡᠮ ᠪᠤᠶ | ᠪᠣᠯᠭᠠᠭᠰᠠᠨ ᠪᠠᠶᠢᠨ᠎ᠠ᠃ | ᠲᠡᠭᠡᠷᠡᠬᠢ ᠶᠢ ᠬᠤᠷᠢᠶᠠᠩᠭᠤᠶᠢᠯᠠᠪᠠᠯ᠂ ᠯᠢ ᠣᠪᠣᠭᠲᠤ ᠭᠠᠳᠠᠷ ᠡᠭᠦᠳᠡᠨ ᠤ ᠴᠢᠭᠯᠡᠯ᠂ ᠶᠡᠭᠡ ᠪᠠᠭ᠎ᠠ ᠶᠢ | ᠳᠤᠷ᠎ᠠ ᠪᠠᠷ ᠢᠶᠠᠨ ᠥᠭᠡᠷᠡᠴᠢᠯᠡᠭᠰᠡᠨ ᠠᠵᠢᠯᠯᠠᠭ᠎ᠠ ᠨᠢ ᠵᠣᠬᠢᠰ ᠦᠭᠡᠢ᠂ ᠤᠤᠯ ᠤᠨ ᠪᠠᠶᠢᠳᠠᠯ ᠢ ᠨᠢ ᠰᠡᠷᠭᠦᠭᠡᠬᠦ ᠬᠡᠷᠡᠭᠲᠡᠢ | ᠃ ᠵᠠᠭᠠᠯᠳᠤᠭᠴᠢ ᠨᠢ ᠤᠯᠠᠨ ᠲᠠᠯ᠎ᠠ ᠶᠢᠨ ᠵᠣᠬᠢᠴᠠᠭᠤᠯᠤᠯᠲᠠ ᠶᠢᠨ ᠦᠷ᠎ᠡ ᠳ᠋ᠦᠩ ᠭᠠᠷᠤᠭᠰᠠᠨ ᠦᠭᠡᠢ ᠪᠠᠶᠢᠳᠠᠯ ᠤᠨ | ᠳᠣᠣᠷ᠎ᠠ ᠵᠠᠷᠭᠤᠯᠳᠤᠭᠠᠨ ᠤ ᠬᠡᠷᠡᠭᠴᠡᠭᠡ ᠠᠴᠠ ᠪᠣᠯᠵᠤ ᠵᠠᠭᠠᠯᠳᠤᠭᠳᠠᠭᠴᠢ ᠶᠢᠨ ᠪᠡᠶ᠎ᠡ ᠶᠢᠨ ᠬᠢᠷᠢ ᠬᠡᠮ ᠤᠨ ᠮᠡᠳᠡᠭᠡ | ᠵᠠᠩᠭᠢ ᠶᠢ ᠰᠢᠯᠵᠢᠭᠦᠯᠦᠨ ᠠᠪᠴᠤ᠂ ᠵᠦᠢ ᠵᠣᠬᠢᠰᠲᠠᠢ ᠵᠠᠷᠤᠯᠭ᠎ᠠ ᠭᠠᠷᠭᠠᠭᠰᠠᠨ ᠮᠥᠷᠲᠡᠭᠡᠨ ᠨᠢᠭᠡᠨᠲᠡ ᠭᠡᠷᠡᠴᠢ ᠪᠠᠷᠢᠮᠲᠠ | ᠬᠠᠩᠭᠠᠭᠰᠠᠨ ᠪᠣᠯᠬᠤᠷ ᠰᠢᠭᠦᠬᠦ ᠬᠤᠷᠢᠶ᠎ᠠ ᠲᠡᠮᠵᠢᠨ᠎ᠡ ᠭᠡᠵᠦ ᠲᠠᠰᠤᠯᠠᠵᠠᠢ᠃ | ᠡᠶᠢᠮᠦ ᠠᠴᠠ ᠨᠢᠭᠡᠳᠦᠭᠡᠷ ᠰᠢᠭᠦᠯᠲᠡ ᠳᠤ᠂ ᠵᠠᠭᠠᠯᠳᠤᠭᠳᠠᠭᠴᠢ ᠯᠢ ᠣᠪᠣᠭᠲᠤ ᠭᠠᠳᠠᠷ ᠡᠭᠦᠳᠡᠨ ᠤ ᠤᠭ ᠤᠨ ᠪᠠᠶᠢᠳᠠᠯ ᠢ | ᠰᠡᠷᠭᠦᠭᠡᠵᠦ᠂ ᠵᠠᠭᠠᠯᠳᠤᠭᠴᠢ ᠯᠢᠦ ᠣᠪᠣᠭᠲᠤ ᠶᠢᠨ ᠳᠠᠩᠰᠠ ᠡᠪᠬᠡᠮᠡᠯ ᠢ ᠰᠢᠯᠵᠢᠭᠦᠯᠬᠦ ᠵᠠᠷᠤᠳᠠᠯ ᠪᠠ ᠵᠠᠷᠭᠤ ᠶᠢᠨ | ᠵᠠᠷᠤᠳᠠᠯ ᠢ ᠡᠭᠦᠷᠭᠡᠯᠡᠬᠦ ᠬᠡᠷᠡᠭᠳᠡᠢ ᠭᠡᠵᠦ ᠰᠢᠭᠦᠨ ᠲᠠᠰᠤᠯᠵᠠᠢ᠃ ᠯᠢ ᠣᠪᠣᠭᠲᠤ ᠵᠥᠪᠰᠢᠶᠡᠷᠡᠬᠦ ᠦᠭᠡᠢ ᠳᠡᠭᠡᠭᠰᠢ | ᠵᠠᠭᠠᠯᠳᠤᠪᠠ᠃ ᠾᠧᠹᠧᠢ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠰᠢᠭᠦᠬᠦ ᠪᠠᠷ ᠳᠠᠮᠵᠢᠭᠠᠳ ᠳᠡᠭᠡᠭᠰᠢ | ᠵᠠᠭᠠᠯᠳᠤᠭᠰᠠᠨ ᠵᠠᠭᠠᠯᠳᠤᠯᠭ᠎ᠠ ᠶᠢ ᠨᠢᠴᠤᠭᠠᠵᠤ᠂ ᠤᠤᠯ ᠤᠨ ᠲᠠᠰᠤᠯᠤᠯᠲᠠ ᠶᠢ ᠪᠠᠷᠢᠮᠲᠠᠯᠠᠬᠤ ᠪᠠᠷ ᠰᠢᠭᠦᠨ ᠲᠠᠰᠤᠯᠵᠠᠢ᠃ | | ᠰᠢᠭᠦᠭᠴᠢ ᠶᠢᠨ ᠰᠠᠨᠠᠭᠤᠯᠤᠮᠵᠢ | ᠬᠥᠷᠰᠢ ᠵᠡᠷᠭᠡᠯᠡᠳᠡᠭᠡ ᠲᠠᠢ ᠪᠠᠨ ᠡᠶᠡᠯᠰᠡᠭ ᠳᠣᠲᠣᠨᠣ ᠪᠠᠶᠢᠬᠤ ᠪᠣᠯ ᠳᠤᠮᠳᠠᠳᠤ ᠶᠢᠨ ᠦᠨᠳᠦᠰᠦᠲᠡᠨ ᠤ | ᠤᠯᠠᠮᠵᠢᠯᠠᠯᠲᠤ ᠰᠠᠶᠢᠬᠠᠨ ᠵᠠᠩ ᠰᠤᠷᠲᠠᠯ ᠮᠥᠨ᠂ ᠬᠥᠷᠰᠢ ᠵᠡᠷᠭᠡᠯᠡᠳᠡᠭᠡ ᠲᠠᠢ ᠪᠠᠨ ᠬᠠᠷᠢᠯᠴᠠᠬᠤ ᠳᠠᠭᠠᠨ ᠨᠡᠶᠢᠲᠡ ᠶᠢᠨ | ᠶᠣᠰᠣ ᠮᠣᠷᠠᠯ ᠢ ᠬᠢᠴᠢᠶᠡᠩᠭᠦᠶᠢᠯᠡᠨ ᠰᠠᠬᠢᠬᠤ ᠬᠡᠷᠡᠭᠲᠡᠢ᠃ ᠬᠥᠮᠥᠨ ᠨᠢᠭᠡᠪᠦᠷᠢ ᠴᠥᠮ ᠲᠠᠭᠠᠯᠠᠮᠵᠢᠲᠠᠢ ᠠᠮᠢᠳᠤᠷᠠᠯ ᠢ | ᠬᠥᠭᠡᠭᠡᠴᠡᠯᠳᠦᠬᠦ ᠡᠷᠬᠡ ᠲᠠᠢ᠂ ᠭᠡᠪᠡᠴᠦ ᠡᠷᠬᠡ ᠪᠠᠨ ᠬᠡᠷᠡᠭᠵᠢᠭᠦᠯᠬᠦ ᠳᠤ ᠵᠠᠭᠠᠭ ᠬᠢᠵᠠᠭᠠᠷ ᠲᠠᠢ ᠪᠠᠶᠢᠳᠠᠭ᠂ ᠡᠷᠬᠡ ᠶᠢᠨ | ᠵᠠᠭᠠᠭ ᠬᠢᠵᠠᠭᠠᠷ ᠢ ᠳᠤᠷ᠎ᠠ ᠪᠠᠷ ᠢᠶᠠᠨ ᠳᠠᠪᠠᠵᠤ ᠪᠣᠯᠬᠤ ᠦᠭᠡᠢ᠂ ᠪᠤᠰᠤᠳ ᠬᠥᠮᠥᠨ ᠤ ᠬᠠᠤᠯᠢ ᠶᠣᠰᠣᠨ ᠤ ᠡᠷᠬᠡ | ᠠᠰᠢᠭ ᠢ ᠬᠤᠬᠢᠷᠠᠭᠤᠯᠵᠤ ᠪᠣᠯᠬᠤ ᠦᠭᠡᠢ᠃ ᠬᠥᠷᠰᠢ ᠵᠡᠷᠭᠡᠯᠡᠳᠡᠭᠡ ᠶᠢᠨ ᠬᠤᠭᠤᠷᠤᠨᠳᠤᠬᠢ ᠡᠳᠦᠷ ᠲᠤᠳᠤᠮ ᠤᠨ | ᠠᠮᠢᠳᠤᠷᠠᠯ ᠳᠤ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠵᠤ᠂ ᠦᠷ᠎ᠡ | ᠬᠡᠦᠬᠡᠳ ᠲᠡᠭᠡᠨ ᠰᠠᠶᠢᠨ ᠰᠠᠶᠢᠬᠠᠨ ᠦᠯᠢᠭᠡᠷ ᠳᠠᠭᠤᠷᠢᠶᠠᠯ ᠦᠵᠡᠭᠦᠯᠵᠦ᠂ ᠰᠠᠶᠢᠨ ᠰᠠᠶᠢᠬᠠᠨ ᠡᠶ᠎ᠡ ᠵᠣᠬᠢᠴᠠᠯ ᠲᠠᠢ | ᠭᠡᠷ ᠤᠨ ᠰᠤᠷᠲᠠᠯ ᠢ ᠪᠤᠢ ᠪᠣᠯᠭᠠᠬᠤ ᠬᠡᠷᠡᠭᠲᠡᠢ᠃ | ᠢᠷᠡᠯᠲᠡ᠄ ᠠᠷᠠᠳ ᠤᠨ ᠰᠢᠭᠦᠬᠦ ᠬᠤᠷᠢᠶᠠᠨ ᠤ ᠰᠤᠨᠢᠨ᠂ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ | ᠰᠣᠨᠢᠨ |