︽ᠰᠡᠳᠭᠢᠯ ᠳᠤ ᠬᠤᠨᠤᠬᠰᠢᠬᠰᠠᠨ ᠮᠠᠩᠬᠠᠨ ᠨᠤᠳᠤᠭ︾ ᠺᠠᠢ ᠶᠠᠩ ᠬᠤᠨᠳᠠᠭᠠᠳᠤ ︵2024︶ ᠭᠤᠷᠪᠠᠳᠤᠭᠠᠷ ᠬᠤᠭᠤᠴᠠᠭᠠᠨ ᠤ ᠵᠡᠮᠳᠡᠭᠴᠤᠳ ᠤᠨ ᠬᠦᠷᠳᠦᠳᠦ ᠲᠡᠷᠭᠡᠨ ᠤ ᠲᠠᠮᠢᠷᠴᠢᠳ ᠤᠨ ᠴᠤᠬᠯᠠᠭᠠᠨ ᠠᠯᠠᠱᠠ ᠳᠤ ᠡᠬᠢᠯᠡᠯ᠎ᠡ
ᠨᠡᠶᠢᠲᠡᠯᠡᠭᠰᠡᠨ ᠴᠠᠭ᠄
2024/12/25
      10 ᠳ᠋ᠤᠭᠠᠷ ᠰᠠᠷ᠎ᠠ ᠶᠢᠨ 10 ᠤ ᠡᠳᠦᠷ ᠤᠨ ᠦᠳᠡ ᠶᠢᠨ ᠡᠮᠦᠨ᠎ᠡ᠂ ︽ᠰᠡᠳᠭᠢᠯ ᠳᠤ ᠬᠤᠨᠤᠬᠰᠢᠬᠰᠠᠨ ᠮᠠᠩᠬᠠᠨ ᠨᠤᠳᠤᠭ︾ ᠺᠠᠢ ᠶᠠᠩ ᠬᠤᠨᠳᠠᠭᠠᠳᠤ ︵2024︶ ᠭᠤᠷᠪᠠᠳᠤᠭᠠᠷ ᠬᠤᠭᠤᠴᠠᠭᠠᠨ ᠤ ᠵᠡᠮᠳᠡᠭᠴᠤᠳ ᠤᠨ ᠬᠦᠷᠳᠦᠳᠦ ᠲᠡᠷᠭᠡᠨ ᠤ ᠲᠠᠮᠢᠷᠴᠢᠳ ᠤᠨ ᠴᠤᠬᠯᠠᠭᠠᠨ ᠠᠯᠠᠱᠠ ᠶᠢᠨ ᠡᠯᠡᠰᠦ ᠮᠠᠩᠬᠠᠨ ᠤ ᠬᠦᠰᠡᠯᠡᠩᠳᠦ ᠴᠡᠴᠡᠷᠯᠢᠭ ᠲᠤ ᠡᠬᠢᠯᠡᠯ᠎ᠡ            ᠲᠤᠰ ᠤᠳᠠᠭᠠᠨ ᠤ ᠴᠤᠬᠯᠠᠭᠠᠨ ᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠡᠮᠳᠡᠭᠴᠤᠳ  ᠤᠨ ᠬᠤᠯᠪᠤᠭᠠᠳᠤ ᠬᠤᠷᠠᠯ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠡᠮᠳᠡᠭᠴᠤᠳ ᠤᠨ ᠠᠰᠠᠷᠠᠮᠵᠢ  ᠶᠢᠨ ᠰᠠᠭᠤᠷᠢ ᠮᠦᠩᠭᠦᠨ ᠤ ᠨᠡᠶᠢᠬᠡᠮᠯᠢᠭ᠂ ᠠᠯᠠᠱᠠ ᠠᠶᠢᠮᠠᠭ ᠤᠨ ᠵᠠᠬᠢᠷᠭ᠎ᠠ ᠠᠴᠠ ᠭᠤᠤᠯᠯᠠᠨ ᠡᠷᠬᠢᠯᠡᠵᠤ᠂ ᠠᠯᠠᠱᠠ ᠠᠶᠢᠮᠠᠭ ᠤᠨ ᠵᠡᠮᠳᠡᠭᠴᠤᠳ ᠤᠨ ᠬᠤᠯᠪᠤᠭᠠᠳᠤ ᠬᠤᠷᠠᠯ᠂ ᠠᠯᠠᠱᠠ ᠵᠡᠭᠦᠨ ᠬᠤᠰᠢᠭᠤᠨ ᠤ ᠵᠠᠰᠠᠭ ᠤᠨ ᠤᠷᠳᠤᠨ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠡᠮᠳᠡᠭᠴᠤᠳ ᠤᠨ ᠨᠡᠶᠢᠬᠡᠮᠯᠢᠭ᠂ ᠠᠯᠠᠱᠠ ᠵᠡᠭᠦᠨ ᠬᠤᠰᠢᠭᠤᠨ ᠤ ᠵᠡᠮᠳᠡᠭᠴᠤᠳ ᠤᠨ ᠦᠢᠯᠡᠴᠢᠯᠡᠭᠡᠨ ᠤ ᠲᠦᠪ ᠠᠴᠠ ᠲᠠᠭᠠᠭᠠᠴᠢᠯᠠᠨ ᠡᠷᠬᠢᠯᠡᠵᠤ᠂ ᠬᠤᠶᠠᠷ ᠡᠳᠦᠷ ᠤᠨ ᠬᠤᠭᠤᠴᠠᠭᠠᠨ ᠳᠤ ᠬᠦᠷᠳᠦᠳᠦ ᠲᠡᠷᠭᠡᠨ ᠤ 10 ᠺᠢᠯᠤᠮᠧᠲᠷ ᠤᠨ ᠤᠷᠤᠯᠳᠤᠭᠠᠨ᠂ ᠡᠯᠡᠰᠦᠨ ᠳᠤ ᠶᠠᠪᠠᠭᠠᠨ ᠠᠯᠬᠤᠬᠤ ᠤᠷᠤᠯᠳᠤᠭᠠᠨ᠂ ᠬᠦᠷᠳᠦᠳᠦ ᠲᠡᠷᠭᠡᠨ ᠤ ᠲᠠᠮᠢᠷᠴᠢᠳ ᠤᠨ ᠬᠦᠴᠦ ᠵᠠᠯᠭᠠᠬᠤ ᠤᠷᠤᠯᠳᠤᠭᠠᠨ᠂ ᠰᠠᠭᠠᠳ ᠲᠠᠪᠠᠭ᠋ᠤ ᠤᠷᠤᠯᠳᠤᠭᠠᠨ ᠵᠡᠷᠭᠡ 11 ᠲᠦᠷᠦᠯ ᠤᠨ ᠤᠷᠤᠯᠳᠤᠭᠠᠨ ᠪᠤᠯᠤᠨ ᠮᠤᠩᠭᠤᠯ ᠪᠦᠬᠡ ᠶᠢᠨ ᠪᠠᠷᠢᠯᠳᠤᠭᠠᠨ᠂ ᠨᠤᠮᠤ ᠬᠠᠷᠪᠤᠭ᠎ᠠ᠂ ᠲᠦᠳᠡᠭ ᠭᠠᠯ ᠤᠨ ᠦᠳᠡᠰᠢᠯᠡᠭᠡ ᠵᠡᠷᠭᠡ ᠤᠷᠤᠨ ᠨᠤᠳᠤᠭ ᠤᠨ ᠤᠨᠴᠠᠯᠢᠬᠳᠤ ᠰᠤᠶᠤᠯ ᠲᠠᠮᠢᠷ ᠢ ᠪᠡᠶᠡᠳᠡᠨ ᠦᠢᠯᠠᠭᠠᠬᠤ ᠠᠭᠤᠯᠭ᠎ᠠ ᠪᠠᠷ ᠶᠠᠪᠤᠬᠳᠠᠬᠤ ᠪᠤᠯᠤᠨ᠎ᠠ᠃      ᠴᠤᠬᠯᠠᠭᠠᠨ ᠳᠤ ᠪᠦᠬᠦ ᠤᠯᠤᠰ ᠤᠨ 19 ᠮᠤᠵᠢ ᠤᠷᠤᠨ ᠬᠤᠳᠠ ᠶᠢᠨ 20 ᠲᠠᠮᠢᠷᠴᠢᠳ ᠤᠨ ᠠᠩᠭᠢ ᠶᠢᠨ 162 ᠲᠠᠮᠢᠷᠴᠢᠨ ᠤᠷᠤᠯᠴᠠᠬᠤ ᠪᠤᠯᠤᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1