﹇ᠬᠤᠶᠠᠷ ᠬᠤᠷᠠᠯ﹈ ᠤᠯᠤᠰ ᠲᠦᠷᠦ ᠶᠢᠨ ᠵᠥᠪᠯᠡᠯᠭᠡᠨ ᠤ ᠲᠣᠭᠲᠠᠬᠤ ᠰᠢᠶᠠᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠲᠠᠪᠤᠳᠤᠭᠠᠷ ᠤᠳᠠᠭᠠᠨ ᠤ ᠬᠤᠷᠠᠯᠳᠤᠭᠠᠨ ᠬᠤᠷᠠᠯᠳᠤᠪᠠ
ᠨᠡᠶᠢᠲᠡᠯᠡᠭᠰᠡᠨ ᠴᠠᠭ᠄
2024/12/26
      12 ᠳ᠋ᠤᠭᠠᠷ ᠰᠠᠷ᠎ᠠ ᠶᠢᠨ 25 ᠤ ᠡᠳᠦᠷ ᠤᠨ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠲᠣᠭᠲᠠᠬᠤ ᠰᠢᠶᠠᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠲᠠᠪᠤᠳᠤᠭᠠᠷ ᠤᠳᠠᠭᠠᠨ ᠤ ᠬᠤᠷᠠᠯᠳᠤᠭᠠᠨ ᠶᠦᠨ ᠵᠦᠩ ᠰᠣᠶᠣᠯ ᠤᠨ ᠣᠷᠳᠣᠨ ᠳᠤ ᠬᠤᠷᠠᠯᠳᠤᠪᠠ᠃
      ᠥᠨᠥᠳᠥᠷ ᠤᠨ ᠶᠡᠭᠡ ᠬᠤᠷᠠᠯ ᠤᠨ ᠭᠦᠢᠴᠡᠳᠭᠡᠭᠴᠢ ᠲᠡᠷᠢᠭᠦᠯᠡᠭᠴᠢ ᠪᠣᠯ᠄ ᠸᠠᠩ ᠮᠢᠩ᠂ ᠯᠢ ᡁᠢ ᠫᠢᠩ᠂ ᠯᠢᠦ ᠶᠠᠨ ᠵᠡᠷᠭᠡ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠭᠦᠨ ᠪᠣᠯᠣᠨ᠎ᠠ᠃
      ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠳ᠋ᠦᠩ ᠱᠧᠩ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠣᠷᠣᠯᠠᠭᠴᠢ ᠳᠠᠷᠤᠭ᠎ᠠ ᠠᠨᠳᠠ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠰᠢᠶᠦ᠋ᠨ ᠬᠤᠷᠠᠯ ᠳᠤ ᠣᠷᠣᠯᠴᠠᠵᠤ ᠪᠠᠶᠠᠷ ᠬᠦᠷᠭᠡᠭᠰᠡᠨ ᠪᠥᠭᠡᠳ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃
     ᠰᠢᠶᠠᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠤ ᠪᠤᠰᠤᠳ ᠤᠳᠤᠷᠢᠳᠤᠯᠭ᠎ᠠ ᠵᠢᠴᠢ ᠲᠣᠭᠲᠠᠬᠤ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠬᠦᠷᠢᠶᠡᠯᠡᠩ᠂ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠤᠳᠤᠷᠢᠳᠤᠯᠭ᠎ᠠ ᠬᠤᠷᠠᠯ ᠳᠤ ᠣᠷᠣᠯᠴᠠᠭᠰᠠᠨ ᠪᠥᠭᠡᠳ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠵᠠᠢ᠃      ᠬᠡᠰᠡᠭ ᠰᠢᠶᠠᠨ ᠤ ᠬᠡᠯᠳᠡᠰ᠂ ᠵᠥᠪᠯᠡᠯ᠂ ᠠᠯᠪᠠᠨ ᠭᠡᠷ᠂ ᠲᠣᠪᠴᠢᠶ᠎ᠠ᠂ ᠠᠷᠠᠳ ᠤᠨ ᠪᠦᠯᠬᠦᠮ᠂ ᠨᠠᠶᠢᠳᠠᠯᠭ᠎ᠠ ᠳᠤ ᠰᠠᠭᠤᠭ᠎ᠠ ᠨᠢᠭᠡᠴᠡ ᠶᠢᠨ ᠬᠠᠷᠢᠭᠤᠴᠠᠯᠭᠠᠲᠠᠨ᠂ ᠬᠡᠰᠡᠭ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃
     ᠬᠤᠷᠠᠯ ᠳᠤ ᠣᠷᠣᠯᠴᠠᠬᠤ ᠶᠣᠰᠣᠲᠠᠢ ᠭᠡᠰᠢᠭᠦᠨ 158 ᠬᠥᠮᠥᠨ᠂ ᠪᠣᠳᠠᠲᠠᠢ ᠣᠷᠣᠯᠴᠠᠭᠰᠠᠨ ᠭᠡᠰᠢᠭᠦᠨ 151 ᠬᠥᠮᠥᠨ ᠪᠠᠶᠢᠵᠤ᠂ ᠲᠣᠭᠲᠠᠭᠰᠠᠨ ᠬᠥᠮᠥᠨ ᠤ ᠲᠤᠭ᠎ᠠ ᠳᠤ ᠨᠡᠶᠢᠴᠡᠵᠦ ᠪᠠᠶᠢᠨ᠎ᠠ᠃      ᠦᠳᠡ ᠶᠢᠨ ᠡᠮᠦᠨᠡᠬᠢ 9 ᠴᠠᠭ ᠲᠤ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢ ᡁᠢ ᠫᠢᠩ ᠶᠡᠭᠡ ᠬᠤᠷᠠᠯ ᠡᠬᠢᠯᠡᠭᠰᠡᠨ ᠢ ᠵᠠᠷᠯᠠᠵᠤ᠂ ᠪᠦᠭᠦᠳᠡᠭᠡᠷ ᠢᠶᠠᠨ ᠪᠣᠰᠴᠤ ᠵᠣᠭᠰᠣᠨ ᠤᠯᠤᠰ ᠤᠨ ᠰᠦᠯᠳᠡ ᠳᠠᠭᠤᠤ ᠶᠢ ᠬᠥᠭᠵᠢᠮᠳᠡᠨ ᠳᠠᠭᠤᠯᠠᠪᠠ᠃
     ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠾᠧ ᠶᠠᠩ ᠰᠢᠶᠠᠨ ᠤ ᠨᠠᠮ ᠤᠨ ᠬᠤᠷᠢᠶᠠᠨ ᠤ ᠡᠮᠦᠨ᠎ᠡ ᠠᠴᠠ ᠶᠠᠷᠢᠶ᠎ᠠ ᠲᠠᠯᠪᠢᠪᠠ᠃ ᠾᠧ ᠶᠠᠩ᠂ ᠤᠳᠠᠯ ᠦᠭᠡᠢ ᠥᠩᠭᠡᠷᠡᠬᠦ ᠭᠡᠵᠦ ᠪᠠᠶᠢᠭ᠎ᠠ 2024 ᠣᠨ ᠪᠣᠯ  ᠲᠤᠭᠳᠠᠬᠤ ᠰᠢᠶᠠᠨ ᠤ ᠬᠥᠭᠵᠢᠯᠲᠡ ᠶᠢᠨ ᠶᠠᠪᠤᠴᠠ ᠳᠠᠬᠢ ᠲᠤᠶᠢᠯ ᠤᠨ ᠬᠢᠯᠪᠠᠷ ᠪᠤᠰᠤ ᠨᠢᠭᠡ ᠵᠢᠯ ᠪᠣᠯᠣᠨ᠎ᠠ ᠂ ᠮᠥᠨᠴᠦ ᠲᠤᠶᠢᠯ ᠤᠨ ᠶᠡᠷᠦ ᠪᠤᠰᠤ ᠶᠢᠨ ᠨᠢᠭᠡ ᠵᠢᠯ ᠪᠣᠯᠣᠨ᠎ᠠ᠃ ᠡᠨᠡ ᠨᠢᠭᠡ ᠵᠢᠯ ᠪᠣᠯ ᠠᠴᠢ ᠬᠠᠷᠢᠭᠤᠯᠠᠵᠤ ᠡᠷᠡᠯᠬᠡᠭᠯᠡᠨ ᠤᠷᠤᠭᠰᠢᠯᠠᠭᠰᠠᠨ ᠨᠢᠭᠡ ᠵᠢᠯ ᠮᠥᠨ᠂ ᠬᠦᠴᠢᠷ ᠢ ᠰᠥᠷᠦᠨ ᠤᠷᠤᠭᠰᠢᠯᠠᠭᠰᠠᠨ ᠨᠢᠭᠡ ᠵᠢᠯ ᠮᠥᠨ᠂ ᠡᠷᠡᠯᠬᠡᠭᠯᠡᠨ ᠲᠡᠮᠡᠴᠡᠵᠦ ᠤᠷᠤᠭᠰᠢᠯᠠᠭᠰᠠᠨ ᠨᠢᠭᠡ ᠵᠢᠯ ᠮᠥᠨ᠃ ᠡᠨᠡ ᠨᠢᠭᠡ ᠵᠢᠯ ᠳᠤ᠂ ᠲᠣᠭᠲᠠᠬᠤ ᠰᠢᠶᠠᠨ ᠤ ᠬᠤᠪᠢᠷᠠᠯᠲᠠ ᠨᠢ ᠳᠡᠭᠡᠳᠦ ᠱᠠᠲᠤᠨ ᠤ ᠪᠠ ᠤᠯᠠᠨ ᠲᠦᠮᠡᠨ ᠤ ᠨᠤᠲᠠᠯᠠᠯᠲᠠ ᠶᠢ ᠣᠯᠵᠤ᠂ ᠪᠢᠳᠡ ᠥᠪᠡᠷ ᠢ ᠪᠠᠨ ᠲᠣᠭᠲᠠᠬᠤ ᠰᠢᠶᠠᠨ ᠤ ᠬᠥᠮᠥᠨ ᠪᠣᠯᠤᠭᠰᠠᠨ ᠳᠠᠭᠠᠨ ᠤᠯᠠᠮ ᠠᠴᠠ ᠤᠯᠠᠮ ᠣᠮᠣᠭᠰᠢᠨ ᠪᠠᠭ᠋ᠠᠳᠤᠵᠤ ᠪᠠᠶᠢᠨ᠎ᠠ᠃ ᠡᠳᠡᠭᠡᠷ ᠢᠷᠠᠭᠤ ᠠᠯᠳᠠᠷ ᠪᠠ ᠠᠮᠵᠢᠯᠲᠠ ᠪᠦᠲᠦᠮᠵᠢ᠂ ᠬᠤᠪᠢᠷᠠᠯᠲᠠ ᠪᠠ ᠨᠤᠲᠠᠯᠠᠯᠲᠠ ᠪᠣᠯ ᠪᠦᠬᠦ ᠰᠢᠶᠠᠨ ᠢᠶᠠᠷ ᠢᠶᠠᠨ ᠵᠠᠮ ᠨᠡᠭᠡᠭᠡᠨ ᠤᠷᠤᠭᠰᠢᠯᠠᠵᠤ᠂ ᠡᠷᠡᠯᠬᠡᠭᠯᠡᠨ ᠲᠡᠮᠡᠴᠡᠭᠰᠡᠨ ᠤ ᠦᠷ᠎ᠡ ᠳ᠋ᠦᠩ ᠮᠥᠨ᠂ ᠪᠠᠰᠠ ᠴᠤ ᠰᠢᠶᠠᠨ ᠤ ᠤᠯᠤᠰ ᠲᠦᠷᠦ ᠶᠢᠨ ᠵᠥᠪᠯᠡᠯᠭᠡᠨ ᠪᠠ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠭᠤᠶᠠᠴᠢ ᠦᠭᠡᠢ ᠬᠠᠷᠠᠮ ᠦᠭᠡᠢ ᠵᠢᠳᠬᠦᠭᠰᠡᠨ ᠪᠠ ᠰᠢᠷᠭᠠᠭᠤ ᠬᠠᠲᠠᠭᠤᠵᠢᠯᠲᠠᠢ ᠬᠦᠴᠦ ᠬᠥᠯᠥᠰᠦ ᠰᠢᠩᠭᠡᠵᠦ ᠪᠠᠶᠢᠭ᠎ᠠ ᠶᠤᠮ᠃      ᠾᠧ ᠶᠠᠩ ᠶᠠᠷᠢᠶᠠᠨ ᠳᠠᠭᠠᠨ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠨᠢᠭᠡ ᠵᠢᠯ ᠤᠨ ᠲᠤᠷᠰᠢᠬᠢ ᠠᠵᠢᠯ ᠢ ᠭᠦᠢᠴᠡᠳ ᠨᠤᠲᠠᠯᠠᠪᠠ᠃ ᠲᠡᠷᠡ᠂ ᠨᠢᠭᠡ ᠵᠢᠯ ᠤᠨ ᠲᠤᠷᠰᠢ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠪᠣᠯᠣᠨ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤᠯᠤᠰ ᠲᠦᠷᠦ ᠶᠢᠨ ᠵᠥᠪᠯᠡᠯᠭᠡ ᠬᠢᠬᠦ ᠳᠤ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠬᠦ᠂ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠶᠠᠪᠤᠳᠠᠯ ᠢ ᠵᠥᠪᠯᠡᠬᠦ ᠳᠤ ᠪᠣᠳᠠᠲᠠᠢ ᠶᠠᠪᠤᠳᠠᠯ ᠢ ᠠᠩᠬᠠᠷᠬᠤ ᠶᠢ ᠪᠠᠷᠢᠮᠲᠠᠯᠠᠵᠤ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠳᠤ ᠬᠦᠴᠢᠷ ᠶᠠᠪᠤᠳᠠᠯ ᠢ ᠴᠢᠩᠭ᠎ᠠ ᠠᠩᠬᠠᠷᠴᠤ᠂ ᠤᠯᠤᠰ ᠲᠦᠷᠦ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠶᠠᠪᠤᠳᠠᠯ ᠢ ᠵᠥᠪᠯᠡᠬᠦ ᠡᠭᠦᠷᠭᠡ ᠴᠢᠳᠠᠪᠬᠢ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠰᠠᠶᠢᠨ ᠠᠷᠭ᠎ᠠ ᠨᠡᠩ ᠤᠯᠠᠨ᠂ ᠰᠠᠶᠢᠨ ᠦᠷ᠎ᠡ ᠪᠦᠲᠦᠭᠡᠯ ᠨᠡᠩ ᠤᠯᠠᠨ᠂ ᠲᠣᠭᠲᠠᠬᠤ ᠰᠢᠶᠠᠨ ᠤ ᠴᠢᠨᠠᠷ ᠰᠠᠶᠢᠲᠠᠢ ᠬᠥᠭᠵᠢᠯᠲᠡ ᠳᠤ ︽ᠤᠯᠤᠰ ᠲᠦᠷᠦ ᠶᠢᠨ ᠵᠥᠪᠯᠡᠯᠭᠡᠨ ᠤ ᠬᠤᠪᠢ ᠨᠡᠮᠡᠷᠢ︾ ᠦᠵᠡᠭᠦᠯᠪᠡ ᠭᠡᠵᠦ ᠵᠢᠭᠠᠨ ᠭᠠᠷᠭᠠᠪᠠ᠃      ᠾᠧ ᠶᠠᠩ᠂ 2025 ᠣᠨ ᠪᠣᠯ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠵᠢᠯ ᠪᠣᠯᠣᠨ᠎ᠠ᠂ ᠪᠠᠰᠠᠴᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠲᠡᠭᠦᠰᠬᠡᠯ ᠤᠨ ᠵᠢᠯ ᠪᠣᠯᠣᠨ᠎ᠠ᠃ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠢᠷᠡᠬᠦ ᠵᠢᠯ ᠤᠨ ᠠᠵᠢᠯ ᠳᠤ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠭᠰᠡᠨ ᠪᠥᠭᠡᠳ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠲᠤᠬᠠᠢ ︽ᠭᠠᠪᠰᠢᠭᠠᠶᠢᠯᠠᠬᠤ ᠶᠢ ᠲᠡᠷᠢᠭᠦᠨ ᠳᠤ ᠲᠠᠯᠪᠢᠬᠤ︾ ᠶᠢ ᠣᠨᠴᠠᠭᠠᠶᠢᠯᠠᠨ ᠴᠢᠬᠤᠯᠠᠴᠢᠯᠠᠭᠰᠠᠨ ᠪᠠᠶᠢᠨ᠎ᠠ᠃ ᠰᠠᠶ᠋ᠢᠬᠠᠨ ᠬᠤᠷᠠᠯᠳᠤᠭᠰᠠᠨ ᠰᠢᠶᠠᠨ ᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠰᠢᠶᠠᠨ ᠢᠶᠠᠷ ᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠮᠢᠩᠭᠠᠨ ᠳ᠋ᠦᠩᠰᠢᠭᠤᠷ ᠤᠨ ᠲᠡᠰ ᠤᠨ ᠨᠡᠭᠡᠭᠡᠨ ᠬᠥᠭᠵᠢᠭᠦᠯᠬᠦ ᠣᠷᠣᠨ︾ ᠢ ᠪᠦᠲᠦᠭᠡᠨ ᠪᠠᠶᠢᠭᠤᠯᠬᠤ ᠪᠠᠷ ᠭᠤᠣᠯ ᠭᠠᠷᠳᠠᠴᠠ ᠪᠣᠯᠭᠠᠵᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ︽ᠪᠦᠬᠦ ᠬᠤᠳᠠ ᠶᠢᠨ ᠡᠮᠦᠨ᠎ᠡ 5᠂ ᠪᠦᠬᠦ ᠣᠷᠣᠨ ᠤ ᠡᠮᠦᠨ᠎ᠡ 20︾ ᠳᠤ ᠣᠷᠣᠭᠤᠯᠬᠤ ᠬᠠᠷᠠᠯᠲᠠ ᠶᠢ ᠦᠷᠭᠦᠯᠵᠢᠯᠡᠨ ᠵᠣᠭᠰᠣᠭᠠᠵᠤ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠨ᠂ ᠠᠵᠢᠯᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠂ ᠬᠦᠴᠢᠷ ᠢ ᠰᠥᠷᠦᠨ ᠤᠷᠤᠭᠰᠢᠯᠠᠵᠤ᠂ ᠬᠦᠴᠦᠯᠡᠨ ᠴᠢᠷᠮᠠᠶᠢᠵᠤ᠂  ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ᠠᠷᠪᠠᠨ ᠲᠠᠪᠤᠳᠤᠭᠠᠷ ᠲᠠᠪᠤᠨ ᠵᠢᠯ ᠤᠨ ᠲᠥᠯᠦᠪᠵᠢᠭᠦᠯᠭᠡ ᠶᠢᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ᠃ ᠸᠠᠩ ᠳ᠋ᠦᠩ ᠱᠧᠩ ᠱᠦᠵᠢ ︽ᠭᠠᠪᠰᠢᠭᠠᠶᠢᠯᠠᠬᠤ ᠶᠢ ᠲᠡᠷᠢᠭᠦᠨ ᠳᠤ ᠲᠠᠯᠪᠢᠬᠤ︾ ᠶᠢᠨ ᠲᠣᠭᠤᠷᠢᠨ ᠳᠤ᠂ ᠶᠡᠭᠡ ᠲᠠᠯ᠎ᠠ ᠶᠢᠨ ᠦᠵᠡᠯᠲᠡ ᠶᠢ ᠪᠣᠶ ᠪᠣᠯᠭᠠᠵᠤ᠂ ᠪᠠᠶᠢᠷᠢᠰᠢᠯ ᠤᠨ ᠬᠠᠷᠠᠭ᠎ᠠ ᠶᠢ ᠨᠡᠭᠡᠭᠡᠨ᠂ ᠵᠣᠷᠢᠭᠲᠠᠢ ᠪᠠᠷ ᠬᠠᠲᠠᠭᠤ ᠳᠠᠶᠢᠯᠠᠯᠳᠤᠭᠠᠨ ᠢ ᠰᠠᠶᠢᠲᠤᠷ ᠬᠢᠵᠦ᠂ ᠮᠣᠷᠢ ᠤᠷᠤᠯᠳᠤᠬᠤ ᠪᠠᠶᠢᠳᠠᠯ ᠢ ᠪᠠᠲᠤᠯᠠᠨ᠂ ᠠᠷᠠᠳ ᠤᠨ ᠲᠥᠯᠥᠭᠡ ᠵᠢᠳᠬᠦᠬᠦ ᠰᠡᠳᠬᠢᠯᠭᠡ ᠶᠢ ᠪᠠᠲᠤᠳᠬᠠᠵᠤ᠂ ᠠᠷᠢᠭᠤᠨ ᠴᠢᠬᠡᠴᠢ ᠪᠠᠷ ᠠᠵᠢᠯ ᠶᠠᠪᠤᠳᠠᠯ ᠬᠢᠬᠦ 6 ᠵᠦᠢᠯ ᠤᠨ ᠱᠠᠭᠠᠷᠳᠠᠯᠭ᠎ᠠ ᠶᠢ ᠳᠤᠷᠠᠳᠤᠨ ᠭᠠᠷᠭᠠᠪᠠ᠃ ᠺᠠᠳ᠋ᠷ ᠭᠡᠳᠡᠭ ᠨᠢ ᠬᠦᠰᠡᠯᠡᠩ ᠪᠠ ᠢᠲᠡᠭᠡᠯ ᠪᠢᠰᠢᠷᠡᠯ ᠢ ᠬᠠᠮᠤᠭ ᠠᠴᠠ ᠢᠯᠡᠭᠦᠦ ᠣᠯᠵᠤ ᠬᠠᠷᠠᠨ᠎ᠠ᠂ ᠦᠨᠡᠨᠴᠢ ᠰᠢᠳᠤᠷᠭᠤ ᠪᠠ ᠬᠠᠷᠢᠭᠤᠴᠠᠯᠭ᠎ᠠ ᠡᠭᠦᠷᠭᠡᠯᠡᠬᠦ ᠶᠢ ᠬᠠᠮᠤᠭ ᠠᠴᠠ ᠢᠯᠡᠭᠦᠦ ᠣᠯᠵᠤ ᠬᠠᠷᠠᠨ᠎ᠠ᠂ ᠵᠠᠩ ᠰᠤᠷᠲᠠᠯ ᠪᠠ ᠴᠢᠳᠠᠪᠤᠷᠢ ᠶᠢ ᠬᠠᠮᠤᠭ ᠠᠴᠠ ᠢᠯᠡᠭᠦᠦ ᠣᠯᠵᠤ ᠬᠠᠷᠠᠨ᠎ᠠ᠂ ᠰᠠᠬᠢᠯᠭ᠎ᠠ ᠪᠠᠲᠤ ᠪᠠ ᠰᠤᠷᠲᠠᠯ ᠢ ᠬᠠᠮᠤᠭ ᠠᠴᠠ ᠢᠯᠡᠭᠦᠦ ᠣᠯᠵᠤ ᠬᠠᠷᠠᠨ᠎ᠠ᠃ ᠲᠤᠭᠳᠠᠬᠤ ᠰᠢᠶᠠᠨ ᠤ ᠥᠩᠭᠡᠷᠡᠭᠰᠡᠨ ᠤ ᠠᠮᠵᠢᠯᠲᠠ ᠪᠦᠲᠦᠮᠵᠢ ᠶᠢ ᠪᠣᠯ ᠬᠢᠵᠦ ᠪᠠᠶᠢᠭᠠᠳ ᠣᠯᠣᠭᠰᠠᠨ ᠶᠤᠮ᠂ ᠥᠨᠥᠳᠥᠷ ᠤᠨ ᠭᠤᠶᠢᠳᠠ ᠰᠠᠶᠢᠬᠠᠨ ᠢ ᠴᠤ ᠬᠢᠵᠦ ᠪᠠᠶᠢᠭᠠᠳ ᠣᠯᠣᠭᠰᠠᠨ ᠶᠤᠮ᠂ ᠮᠠᠷᠭᠠᠰᠢ ᠶᠢᠨ ᠭᠡᠷᠡᠯ ᠰᠠᠴᠤᠷᠠᠩᠭᠤᠢ ᠠᠮᠵᠢᠯᠲᠠ ᠶᠢ ᠪᠦᠲᠦᠭᠡᠶ᠎ᠡ ᠭᠡᠪᠡᠯ ᠬᠠᠰᠢᠯᠠ ᠦᠷᠭᠦᠯᠵᠢᠯᠡᠨ ᠬᠢᠬᠦ ᠬᠡᠷᠡᠭᠲᠡᠢ᠃ ᠵᠠᠩᠭᠢᠯᠠᠭ᠎ᠠ ᠶᠢᠨ ᠴᠡᠭ ᠲᠤ ᠬᠦᠷᠴᠦ᠂ ᠰᠠᠨᠠᠯ ᠳᠤᠷᠠᠳᠤᠯᠭ᠎ᠠ ᠶᠢ ᠵᠠᠩᠭᠢᠯᠠᠭ᠎ᠠ ᠶᠢᠨ ᠭᠠᠵᠠᠷ ᠲᠤ ᠪᠠᠶᠢᠭᠤᠯᠵᠤ᠂ ᠵᠠᠰᠠᠭ ᠲᠤ ᠲᠤᠰᠠᠯᠠᠬᠤ ᠪᠡᠯᠡ ᠮᠥᠩᠭᠦ ᠬᠡᠷᠡᠭᠴᠡᠭᠡ ᠲᠠᠢ ᠦᠶ᠎ᠡ ᠳᠤ᠂ ᠲᠣᠭᠲᠠᠬᠤ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠠᠪᠤᠴᠠ ᠳᠤ ︽ᠤᠯᠤᠰ ᠲᠥᠷᠥ ᠶᠢᠨ ᠵᠥᠪᠯᠡᠯᠭᠡᠨ ᠤ ᠲᠠᠭᠤᠨ︾ ᠢ ᠬᠠᠩᠭᠢᠨᠠᠭᠤᠯᠵᠤ᠂ ︽ᠤᠯᠤᠰ ᠲᠥᠷᠥ ᠶᠢᠨ ᠵᠥᠪᠯᠡᠯᠭᠡᠨ ᠤ ᠡᠭᠦᠷᠭᠡᠯᠡᠯ︾ ᠢ ᠢᠯᠡᠷᠡᠭᠦᠯᠵᠦ᠂ ︽ᠤᠯᠤᠰ ᠲᠥᠷᠥ ᠶᠢᠨ ᠵᠥᠪᠯᠡᠯᠭᠡᠨ ᠤ ᠬᠦᠴᠦᠨ︾ ᠢ ᠬᠠᠨᠳᠢᠪᠯᠡᠵᠤ᠂ ᠲᠣᠭᠲᠠᠬᠤ ᠰᠢᠶᠠᠨ ᠳᠤ ᠥᠩᠭᠡ ᠬᠡᠷᠡᠯ ᠨᠡᠮᠡᠷᠢᠯᠡᠬᠦ ᠮᠥᠷᠲᠡᠭᠡᠨ ᠪᠠᠰᠠ ᠣᠷᠣᠨ ᠤ ᠲᠥᠪ ᠲᠤ ᠥᠩᠭᠡ ᠬᠡᠷᠡᠯ ᠨᠡᠮᠡᠷᠢᠯᠡᠬᠦ ᠬᠡᠷᠡᠯ ᠰᠠᠴᠤᠷᠠᠩᠭᠤᠢ ᠭᠠᠪᠢᠶ᠎ᠠ ᠵᠢᠳᠬᠦᠯ ᠢ ᠬᠠᠮᠲᠤ ᠪᠠᠷ ᠡᠭᠦᠳᠬᠦ ᠬᠡᠷᠡᠭᠲᠡᠢ︔ ᠰᠡᠳᠬᠢᠯ ᠳᠡᠭᠡᠨ ᠪᠤᠳᠤᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠦᠵᠡᠯ ᠰᠠᠨᠠᠭ᠎ᠠ ᠶᠢ ᠪᠠᠷᠢᠮᠲᠠᠯᠠᠨ᠂ ᠦᠨᠳᠦᠰᠦᠨ ᠱᠠᠲᠤᠨ ᠤ ᠰᠠᠨᠠᠯ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠳᠠᠭᠠᠭᠤᠯᠵᠤ᠂ ᠨᠠᠮ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ᠂ ᠠᠷᠠᠳ ᠤᠨ ᠲᠥᠯᠥᠭᠡ ᠬᠢᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠣᠳᠠᠲᠤ ᠠᠮᠵᠢᠯᠲᠠ ᠪᠦᠲᠦᠮᠵᠢ ᠪᠠᠷ ᠢᠶᠠᠨ ᠣᠯᠠᠨ ᠲᠦᠮᠡᠨ ᠳᠤ ᠪᠤᠶᠠᠨ ᠦᠢᠯᠡᠳᠴᠦ᠂ ᠤᠯᠠᠮ ᠠᠴᠠ ᠤᠯᠠᠮ ᠰᠠᠶᠢᠨ ᠰᠠᠶᠢᠬᠠᠨ ᠠᠮᠢᠳᠤᠷᠠᠯ ᠤᠨ ᠳᠤᠮᠳᠠ ᠢᠯᠡ ᠲᠣᠳᠣ ᠤᠯᠤᠰ ᠲᠥᠷᠥ ᠶᠢᠨ ᠵᠥᠪᠯᠡᠯᠭᠡᠨ ᠤ ᠢᠮ ᠲᠡᠮᠳᠡᠭ ᠢ ᠦᠯᠡᠳᠡᠭᠡᠬᠦ ᠬᠡᠷᠡᠭᠲᠡᠢ︔ ᠦᠨᠡᠨ ᠪᠣᠳᠠᠲᠠᠢ ᠠᠵᠢᠯᠯᠠᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠠᠵᠢᠯ ᠤᠨ ᠰᠤᠷᠲᠠᠯ ᠢ ᠯᠠᠪᠳᠠᠭᠤᠨ ᠪᠠᠲᠤᠲᠠᠢ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠲᠠᠢ ᠤᠶᠠᠯᠳᠤᠭᠤᠯᠵᠤ᠂ ᠲᠡᠷᠢᠭᠦᠨ ᠳᠤ ᠣᠷᠣᠬᠤ ᠪᠠᠷ ᠴᠢᠷᠮᠠᠶᠢᠬᠤ ᠤᠬᠠᠮᠰᠠᠷ ᠢ ᠪᠠᠷᠢᠮᠲᠠᠯᠠᠵᠤ᠂ ᠣᠨᠴᠠᠯᠢᠭ ᠢᠶᠠᠨ ᠢᠯᠡᠷᠡᠭᠦᠯᠬᠦ᠂ ᠴᠢᠨᠠᠷ ᠴᠢᠨᠰᠠᠭ᠎ᠠ ᠪᠠᠨ ᠳᠡᠭᠡᠭᠰᠢᠯᠡᠭᠦᠯᠬᠦ᠂ ᠭᠡᠷᠡᠯ ᠭᠢᠯᠪᠠᠭ᠎ᠠ ᠪᠠᠨ ᠨᠡᠮᠡᠭᠳᠡᠭᠦᠯᠬᠦ ᠳᠤᠮᠳᠠ  ᠲᠤᠭᠳᠠᠬᠤ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠳᠦᠷᠢ ᠲᠥᠷᠬᠦ ᠶᠢ ᠴᠢᠷᠮᠠᠶᠢᠨ ᠢᠯᠡᠷᠡᠭᠦᠯᠵᠦ᠂ ᠲᠤᠭᠳᠠᠬᠤ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠲᠦᠷᠦᠯ ᠲᠡᠮᠳᠡᠭ ᠢ ᠳᠠᠭᠤᠷᠢᠰᠬᠠᠬᠤ ᠬᠡᠷᠡᠭᠲᠡᠢ ᠭᠡᠵᠦ ᠴᠢᠬᠤᠯᠠᠴᠢᠯᠠᠪᠠ᠃
     ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠮᠢᠩ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠪᠠᠶᠢᠩᠭᠤ ᠶᠢᠨ ᠬᠤᠷᠢᠶ᠎ᠠ ᠶᠢ ᠲᠦᠯᠦᠭᠡᠯᠡᠨ ᠠᠵᠢᠯ ᠤᠨ ᠮᠡᠳᠡᠭᠦᠯᠦᠯᠳᠡ ᠬᠢᠵᠡᠢ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1