ᠪᠠᠷᠢᠯᠭ᠎ᠠ ᠶᠢᠨ ᠬᠤᠭ ᠨᠤᠪᠰᠢ ᠶᠢ ᠰᠢᠢᠳᠪᠦᠷᠢᠯᠡᠬᠦ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ ᠵᠢᠷᠤᠮᠵᠢᠭᠤᠯᠬᠤ ᠲᠤᠬᠠᠢ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠵᠠᠷ
ᠨᠡᠶᠢᠲᠡᠯᠡᠭᠰᠡᠨ ᠴᠠᠭ᠄
2024/12/26
ᠪᠦᠬᠦ ᠰᠢᠶᠠᠨ ᠤ ᠡᠯ᠎ᠡ ᠪᠠᠷᠢᠯᠭ᠎ᠠ ᠶᠢᠨ ᠠᠵᠢᠯ ᠤᠨ ᠠᠵᠤ ᠠᠬᠤᠶᠢᠯᠠᠯ᠂ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ᠂ ᠴᠡᠪᠡᠷᠯᠡᠨ ᠲᠡᠭᠡᠭᠡᠪᠦᠷᠢᠯᠡᠬᠦ ᠠᠵᠤ ᠠᠬᠤᠶᠢᠯᠠᠯ᠂ ᠵᠠᠰᠠᠯ ᠴᠢᠮᠡᠭᠯᠡᠯ ᠤᠨ ᠠᠵᠤ ᠠᠬᠤᠶᠢᠯᠠᠯ᠄      ᠲᠣᠭᠲᠠᠬᠤ ᠰᠢᠶᠠᠨ ᠤ ᠳᠣᠲᠣᠷᠠᠬᠢ ᠪᠠᠷᠢᠯᠭ᠎ᠠ ᠶᠢᠨ ᠬᠤᠭ ᠨᠣᠪᠰᠢ ︵ᠬᠤᠭ ᠰᠢᠷᠣᠢ︶ ᠶᠢ ᠴᠡᠪᠡᠷᠯᠡᠨ ᠲᠡᠭᠡᠭᠡᠪᠦᠷᠢᠯᠡᠬᠦ᠂ ᠰᠢᠢᠳᠪᠦᠷᠢᠯᠡᠬᠦ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ ᠵᠢᠷᠤᠮᠵᠢᠭᠤᠯᠵᠤ᠂ ᠳᠤᠷ᠎ᠠ ᠪᠠᠷ ᠢᠶᠠᠨ ᠴᠢᠳᠬᠤᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠴᠡᠭᠴᠡᠯᠡᠨ ᠵᠠᠰᠠᠵᠤ᠂ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ ᠬᠠᠮᠢᠶᠠᠷᠤᠯᠲᠠ ᠶᠢᠨ ᠡᠮᠬᠢ ᠳᠢᠭᠯᠢᠮ ᠢ ᠵᠢᠷᠤᠮᠵᠢᠭᠤᠯᠤᠨ᠂ ᠰᠠᠶᠢᠨ ᠰᠠᠶᠢᠬᠠᠨ ᠠᠮᠢ ᠠᠬᠤᠢ ᠪᠠ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠢ ᠬᠠᠮᠠᠭᠠᠯᠠᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠷᠭ᠎ᠠ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠢ ᠪᠣᠬᠢᠷᠲᠤᠭᠤᠯᠬᠤ ᠶᠢ ᠰᠡᠷᠭᠡᠶᠢᠯᠡᠨ ᠵᠠᠰᠠᠬᠤ ᠬᠠᠤᠯᠢ︾ ︽ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢᠨ ᠬᠠᠮᠢᠶᠠᠷᠤᠯᠲᠠ ᠶᠢᠨ ᠲᠣᠭᠲᠠᠭᠠᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠢ ᠪᠣᠬᠢᠷᠲᠤᠭᠤᠯᠬᠤ ᠶᠢ ᠰᠡᠷᠭᠡᠶᠢᠯᠡᠨ ᠵᠠᠰᠠᠬᠤ ᠳᠦᠷᠢᠮ︾ ︽ᠬᠥᠬᠡᠬᠤᠲᠠ ᠶᠢᠨ ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢᠨ ᠬᠠᠮᠢᠶᠠᠷᠤᠯᠲᠠ ᠶᠢᠨ ᠠᠷᠭ᠎ᠠ︾ ︽ᠬᠥᠬᠡᠬᠤᠲᠠ ᠶᠢᠨ ᠬᠤᠲᠠ ᠶᠢᠨ ᠦᠵᠡᠮᠵᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠦᠰᠦᠯᠡᠨ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄      ᠨᠢᠭᠡ᠂ ᠲᠤᠰ ᠠᠯᠪᠠᠨ ᠵᠠᠷ ᠲᠤ ᠬᠡᠯᠡᠵᠦ ᠪᠠᠶᠢᠭ᠎ᠠ ᠪᠠᠷᠢᠯᠭ᠎ᠠ ᠶᠢᠨ ᠬᠤᠭ ᠨᠣᠪᠰᠢ ᠭᠡᠳᠡᠭ ᠪᠣᠯ ᠪᠦᠳᠦᠭᠡᠨ ᠪᠠᠶᠢᠭᠤᠯᠬᠤ ᠨᠢᠭᠡᠴᠢ᠂ ᠪᠠᠷᠢᠯᠭ᠎ᠠ ᠪᠠᠷᠢᠬᠤ ᠨᠢᠭᠡᠴᠢ ᠪᠤᠶᠤ ᠬᠤᠪᠢ ᠬᠥᠮᠥᠨ ᠡᠯ᠎ᠡ ᠲᠦᠷᠦᠯ ᠤᠨ ᠪᠠᠷᠢᠯᠭ᠎ᠠ᠂ ᠪᠠᠷᠢᠯᠭ᠎ᠠ ᠶᠢᠨ ᠵᠦᠢᠯ᠂ ᠬᠤᠭᠤᠯᠠᠢ ᠲᠣᠣᠷ ᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠪᠠ ᠨᠤᠷᠠᠭᠠᠬᠤ ᠵᠢᠴᠢ ᠰᠠᠭᠤᠭᠠᠯᠢ ᠠᠷᠠᠳ ᠤᠨ ᠭᠡᠷ ᠪᠠᠶᠢᠰᠢᠩ ᠢᠶᠠᠨ ᠵᠠᠰᠠᠵᠤ ᠴᠢᠮᠡᠭᠯᠡᠬᠦ ᠶᠠᠪᠤᠴᠠ ᠳᠤ ᠭᠠᠷᠤᠭᠰᠠᠨ ᠬᠠᠶᠠᠭᠳᠠᠮᠠᠯ ᠰᠢᠷᠣᠢ᠂ ᠬᠠᠶᠠᠭᠳᠠᠮᠠᠯ ᠮᠠᠲ᠋ᠧᠷᠢᠶᠠᠯ ᠵᠢᠴᠢ ᠪᠤᠰᠤᠳ ᠬᠠᠶᠠᠭᠳᠠᠮᠠᠯ ᠪᠣᠳᠠᠰ ᠢ ᠵᠢᠭᠠᠵᠤ ᠪᠠᠶᠢᠨ᠎ᠠ᠃      ᠬᠤᠶᠠᠷ᠂ ︽ᠬᠡᠨ ᠭᠠᠷᠭᠠᠭᠰᠠᠨ ᠪᠣᠯ ᠲᠡᠷᠡ ᠬᠠᠷᠢᠭᠤᠴᠠᠬᠤ︾ ᠵᠠᠷᠴᠢᠮ ᠶᠣᠰᠣᠭᠠᠷ᠂ ᠪᠠᠷᠢᠯᠭ᠎ᠠ ᠶᠢᠨ ᠬᠤᠭ ᠨᠣᠪᠰᠢ ᠶᠢ ᠲᠥᠷᠥᠯ ᠬᠤᠪᠢᠶᠠᠨ ᠴᠤᠭᠯᠠᠭᠤᠯᠵᠤ ᠰᠢᠢᠳᠪᠦᠷᠢᠯᠡᠬᠦ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠬᠤᠭ ᠰᠢᠷᠦᠢ᠂ ᠪᠠᠷᠢᠯᠭ᠎ᠠ ᠶᠢᠨ ᠰᠢᠪᠠᠷ᠂ ᠪᠠᠷᠢᠯᠭ᠎ᠠ ᠶᠢᠨ ᠬᠤᠭ ᠨᠣᠪᠰᠢ᠂ ᠨᠤᠷᠠᠭᠠᠵᠦ ᠨᠡᠭᠦᠯᠭᠡᠭᠰᠡᠨ ᠬᠤᠭ ᠨᠣᠪᠰᠢ᠂ ᠵᠠᠰᠠᠵᠤ ᠴᠢᠮᠡᠭᠯᠡᠬᠦ ᠬᠤᠭ ᠨᠤᠪᠰᠢ ᠵᠡᠷᠭᠡ ᠲᠠᠪᠤᠨ ᠵᠦᠢᠯ ᠤᠨ ᠲᠥᠷᠥᠯ ᠬᠡᠯᠪᠡᠷᠢ ᠪᠠᠷ ᠪᠤᠢ ᠪᠣᠯᠤᠭᠰᠠᠨ ᠪᠠᠷᠢᠯᠭ᠎ᠠ ᠶᠢᠨ ᠬᠤᠭ ᠨᠣᠪᠰᠢ ᠶᠢ ᠲᠥᠷᠥᠯ ᠬᠤᠪᠢᠶᠠᠨ ᠴᠤᠭᠯᠠᠭᠤᠯᠬᠤ᠂ ᠲᠥᠷ ᠬᠠᠳᠠᠭᠠᠯᠠᠬᠤ ᠪᠠ ᠰᠢᠢᠳᠪᠦᠷᠢᠯᠡᠬᠦ ᠬᠡᠷᠡᠭᠲᠡᠢ᠃      ᠭᠤᠷᠪᠠ᠂ ᠰᠢᠶᠠᠨ ᠤ ᠳᠣᠲᠣᠷᠠᠬᠢ ᠶᠠᠮᠠᠷᠪᠠ ᠨᠢᠭᠡᠴᠡ ᠪᠤᠶᠤ ᠬᠤᠪᠢ ᠬᠥᠮᠥᠨ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ ᠳᠤ᠂ ᠡᠷᠬᠡᠪᠰᠢ ᠲᠣᠭᠲᠠᠬᠤ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠳᠤ ᠭᠤᠶᠤᠴᠢᠯᠠᠯ ᠭᠠᠷᠭᠠᠬᠤ ᠶᠢᠨ ᠬᠠᠮᠲᠤ ᠂ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ ᠶᠢ ᠬᠢᠨᠠᠨ ᠵᠥᠪᠰᠢᠶᠡᠷᠡᠭᠦᠯᠬᠦ ᠭᠠᠷᠳᠠᠮ ᠢ ᠭᠦᠢᠴᠡᠳᠬᠡᠵᠦ᠂ ᠰᠢᠭᠠᠷᠤ ᠰᠢᠷᠣᠢ ᠶᠢᠨ ᠲᠡᠷᠭᠡ ᠬᠥᠰᠬᠡ ᠨᠢ ᠡᠷᠬᠡᠪᠰᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠣᠭᠲᠠᠭᠰᠠᠨ ᠬᠤᠭᠤᠴᠠᠭ᠎ᠠ ᠲᠠᠢ ᠪᠠᠷ ᠲᠣᠭᠲᠠᠬᠤ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠳᠤ ᠬᠦᠷᠴᠦ ᠬᠢᠷᠢ ᠬᠡᠮ ᠤᠨ ᠬᠢᠨᠠᠨ ᠪᠠᠶᠢᠴᠠᠭᠠᠯᠲᠠ ᠬᠢᠯᠭᠡᠨ᠎ᠡ᠂ ᠬᠢᠨᠠᠨ ᠵᠥᠪᠰᠢᠶᠡᠷᠡᠭᠦᠯᠦᠭᠰᠡᠨ ᠦᠭᠡᠢ ᠲᠡᠷᠭᠡ ᠬᠥᠰᠬᠡ ᠶᠢ ᠲᠣᠭᠲᠠᠬᠤ ᠰᠢᠶᠠᠨ ᠤ ᠳᠣᠲᠣᠷ᠎ᠠ ᠡᠵᠡᠩᠨᠡᠯᠲᠡ ᠬᠢᠬᠦ ᠶᠢ ᠴᠢᠩᠭ᠎ᠠ ᠴᠠᠭᠠᠵᠠᠯᠠᠬᠤ ᠬᠡᠷᠡᠭᠲᠡᠢ᠃      ᠳᠥᠷᠪᠡ᠂ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ ︵ᠴᠡᠪᠡᠷᠯᠡᠨ ᠲᠡᠭᠡᠭᠡᠪᠦᠷᠢᠯᠡᠬᠦ︶ ᠠᠵᠢᠯ ᠢ ᠡᠷᠬᠢᠯᠡᠵᠦ ᠪᠠᠶᠢᠭ᠎ᠠ ᠠᠵᠤ ᠠᠬᠤᠶᠢᠯᠠᠯ ᠡᠷᠬᠡᠪᠰᠢ ᠳᠣᠣᠷᠠᠬᠢ ᠲᠣᠭᠲᠠᠭᠠᠯ ᠤᠳ ᠢ ᠵᠢᠷᠤᠮᠯᠠᠬᠤ ᠬᠡᠷᠡᠭᠲᠡᠢ᠄      ︵ᠨᠢᠭᠡ︶ ᠬᠤᠳᠠ ᠶᠢᠨ ᠲᠣᠭᠤᠷᠢᠭ ᠲᠤ ᠡᠵᠡᠩᠨᠡᠵᠦ ᠪᠠᠶᠢᠭ᠎ᠠ ᠬᠤᠭ ᠰᠢᠷᠣᠢ ᠶᠢᠨ ᠲᠡᠷᠭᠡ ᠲᠤ ᠴᠥᠮ ᠺᠣᠮᠫᠠᠨᠢᠴᠢᠯᠠᠨ ᠡᠵᠡᠩᠨᠡᠬᠦ ᠶᠢ ᠬᠡᠷᠡᠭᠵᠢᠭᠦᠯᠵᠦ᠂ ᠪᠠᠷᠢᠯᠭ᠎ᠠ ᠶᠢᠨ ᠬᠤᠭ ᠰᠢᠷᠣᠢ ᠶᠢ ᠳᠠᠭᠠᠭᠠᠴᠢᠯᠠᠨ ᠲᠡᠭᠡᠭᠡᠪᠦᠷᠢᠯᠡᠬᠦ ᠺᠣᠮᠫᠠᠨᠢ ᠨᠢ ᠡᠷᠬᠡᠪᠰᠢ ᠬᠠᠤᠯᠢ ᠶᠣᠰᠣᠨ ᠤ ᠡᠵᠡᠩᠨᠡᠬᠦ ᠬᠢᠷᠢ ᠬᠡᠮ ᠲᠠᠢ ᠪᠠᠶᠢᠬᠤ ᠬᠡᠷᠡᠭᠲᠡᠢ᠃ ᠲᠡᠭᠡᠭᠡᠪᠦᠷᠢ ᠶᠢᠨ ᠬᠢᠷᠢ ᠴᠢᠳᠠᠯ ᠦᠭᠡᠢ ᠨᠢᠭᠡᠴᠡ ᠪᠣᠯᠣᠨ ᠬᠤᠪᠢ ᠬᠥᠮᠥᠨ ᠪᠠᠷᠢᠯᠭ᠎ᠠ ᠶᠢᠨ ᠬᠤᠭ ᠨᠣᠪᠰᠢ ᠪᠣᠯᠣᠨ ᠪᠠᠷᠢᠯᠭ᠎ᠠ ᠶᠢᠨ ᠰᠢᠷᠣᠢ ᠶᠢᠨ ᠵᠣᠷ ᠢ ᠳᠤᠷ᠎ᠠ ᠪᠠᠷ ᠢᠶᠠᠨ ᠳᠠᠭᠠᠭᠠᠴᠢᠯᠠᠨ ᠲᠡᠭᠡᠭᠡᠪᠦᠷᠢᠯᠡᠬᠦ᠂ ᠬᠤᠯᠠᠭᠠᠶᠢᠯᠠᠨ ᠲᠡᠭᠡᠭᠡᠪᠦᠷᠢᠯᠡᠬᠦ ᠶᠢ ᠴᠢᠩᠭ᠎ᠠ ᠴᠠᠭᠠᠵᠠᠯᠠᠨ᠎ᠠ᠃      ︵ᠬᠤᠶᠠᠷ︶ ᠪᠠᠷᠢᠯᠭ᠎ᠠ ᠶᠢᠨ ᠬᠤᠭ ᠨᠣᠪᠰᠢ ᠲᠡᠭᠡᠭᠡᠪᠦᠷᠢᠯᠡᠬᠦ ᠺᠣᠮᠫᠠᠨᠢ ᠨᠢ ᠡᠷᠬᠡᠪᠰᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠣᠭᠲᠠᠬᠤ ᠰᠢᠶᠠᠨ ᠤ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠳᠤ ᠬᠦᠷᠴᠦ ᠬᠢᠨᠠᠨ ᠵᠥᠪᠰᠢᠶᠡᠷᠡᠭᠦᠯᠬᠦ ᠬᠡᠷᠡᠭᠲᠡᠢ᠂ ᠲᠣᠭᠲᠠᠬᠤ ᠰᠢᠶᠠᠨ ᠤ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠠᠴᠠ ᠲᠡᠭᠡᠭᠡᠪᠦᠷᠢᠯᠡᠬᠦ ᠶᠢ ᠵᠥᠪᠰᠢᠶᠡᠷᠡᠭᠰᠡᠨ ᠦᠨᠡᠮᠯᠡᠯ ᠭᠠᠷᠭᠠᠵᠤ ᠥᠭᠭᠦᠭᠰᠡᠨ ᠤ ᠲᠠᠷᠠᠭ᠎ᠠ ᠰᠠᠶ᠋ᠢ ᠪᠠᠷᠢᠯᠭ᠎ᠠ ᠶᠢᠨ ᠬᠤᠭ ᠨᠣᠪᠰᠢ ᠲᠡᠭᠡᠭᠡᠪᠦᠷᠢᠯᠡᠬᠦ ᠲᠤᠬᠠᠶᠢᠯᠠᠭᠰᠠᠨ ᠠᠵᠢᠯ ᠢ ᠥᠷᠨᠢᠭᠦᠯᠵᠦ ᠪᠣᠯᠣᠨ᠎ᠠ᠂ ᠬᠢᠨᠠᠨ ᠵᠥᠪᠰᠢᠶᠡᠷᠡᠬᠦ ᠬᠡᠪᠴᠢᠶ᠎ᠡ ᠠᠴᠠ ᠬᠡᠲᠦᠷᠡᠭᠦᠯᠦᠨ ᠪᠠᠷᠢᠯᠭ᠎ᠠ ᠶᠢᠨ ᠬᠤᠭ ᠨᠣᠪᠰᠢ ᠶᠢ ᠳᠠᠭᠠᠭᠠᠨ ᠲᠡᠭᠡᠭᠡᠪᠦᠷᠢᠯᠡᠵᠦ ᠪᠣᠯᠬᠤ ᠦᠭᠡᠢ᠃ ᠵᠥᠪᠰᠢᠶᠡᠷᠡᠭᠦᠯᠦᠭᠰᠡᠨ ᠦᠭᠡᠢ ᠲᠡᠷᠭᠡ ᠬᠤᠳᠠ ᠶᠢᠨ ᠲᠣᠭᠤᠷᠢᠭ ᠲᠤ ᠪᠠᠷᠢᠯᠭ᠎ᠠ ᠶᠢᠨ ᠬᠤᠭ ᠨᠣᠪᠰᠢ ᠶᠢ ᠲᠡᠭᠡᠭᠡᠪᠦᠷᠢᠯᠡᠵᠦ ᠪᠣᠯᠬᠤ ᠦᠭᠡᠢ᠃      ︵ᠭᠤᠷᠪᠠ︶ ᠪᠠᠷᠢᠯᠭ᠎ᠠ ᠶᠢᠨ ᠬᠤᠭ ᠨᠣᠪᠰᠢ ︵ᠬᠤᠭ ᠰᠢᠷᠣᠢ︶ ᠶᠢᠨ ᠲᠡᠭᠡᠭᠡᠪᠦᠷᠢ ᠶᠢᠨ ᠬᠢᠷᠢ ᠴᠢᠳᠠᠮᠵᠢ ᠶᠢ ᠣᠯᠣᠭᠰᠠᠨ ᠲᠡᠭᠡᠭᠡᠪᠦᠷᠢ ᠶᠢᠨ ᠲᠡᠷᠭᠡ ᠬᠥᠰᠬᠡ ᠳᠤ ᠡᠷᠬᠡᠪᠰᠢ GPS ᠪᠠᠶᠢᠷᠢ ᠲᠣᠭᠲᠠᠭᠠᠬᠤ ᠰᠢᠰᠲ᠋ᠧᠮ ᠪᠠ ᠸᠢᠳᠢᠤ᠋ ᠬᠢᠨᠠᠨ ᠡᠵᠡᠮᠳᠡᠬᠦ ᠲᠥᠬᠦᠭᠡᠷᠦᠮᠵᠢ ᠤᠭᠰᠠᠷᠠᠵᠤ᠂ ᠲᠡᠭᠡᠭᠡᠪᠦᠷᠢᠯᠡᠬᠦ ᠶᠠᠪᠤᠴᠠ ᠳᠤ᠂ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ ᠶᠢ ᠬᠢᠨᠠᠨ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠢ ᠲᠡᠷᠭᠡᠨ ᠳᠡᠭᠡᠨ ᠳᠠᠭᠠᠭᠤᠯᠤᠨ ᠠᠪᠴᠤ ᠶᠠᠪᠤᠵᠤ᠂ ᠲᠣᠭᠲᠠᠭᠰᠠᠨ ᠲᠡᠭᠡᠭᠡᠪᠦᠷᠢᠯᠡᠬᠦ ᠴᠠᠭ᠂ ᠵᠠᠮ ᠱᠤᠭᠤᠮ ᠢᠶᠠᠷ ᠶᠠᠪᠤᠬᠤ ᠬᠡᠷᠡᠭᠲᠡᠢ᠂ ᠬᠠᠶᠠᠵᠤ ᠣᠷᠬᠢᠭᠳᠠᠭᠤᠯᠵᠤ ᠪᠣᠯᠬᠤ ᠦᠭᠡᠢ᠃      ︵ᠳᠥᠷᠪᠡ︶ ᠪᠠᠷᠢᠯᠭ᠎ᠠ ᠶᠢᠨ ᠭᠠᠵᠠᠷ ᠢᠶᠠᠷ ᠣᠷᠣᠵᠤ ᠭᠠᠷᠬᠤ ᠬᠤᠯᠪᠣᠭᠳᠠᠯ ᠪᠦᠬᠦᠢ ᠲᠡᠷᠭᠡ ᠬᠥᠰᠬᠡ ᠨᠦᠭᠦᠳ ᠰᠤᠯᠠ ᠪᠣᠭᠤᠳᠠᠯᠯᠠᠭᠰᠠᠨ ᠪᠠᠷᠠᠭ᠎ᠠ ᠶᠢᠨ ᠪᠦᠷᠬᠦᠴᠡ ᠶᠢ ᠨᠢᠭᠲᠠ ᠴᠢᠩᠭ᠎ᠠ ᠪᠠᠶᠢᠯᠭᠠᠬᠤ᠂ ᠤᠷᠤᠰᠤᠩᠭᠢ ᠪᠡᠶᠡᠲᠦ ᠪᠣᠳᠠᠰ ᠢ ᠣᠷᠬᠢᠭᠳᠠᠭᠤᠯᠬᠤ ᠠᠴᠠ ᠰᠡᠷᠭᠡᠶᠢᠯᠡᠬᠦ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ᠂ ᠲᠡᠷᠭᠡᠨ ᠬᠦᠷᠳᠦ ᠶᠢ ᠴᠡᠪᠡᠷ ᠪᠠᠶᠢᠯᠭᠠᠬᠤ ᠶᠢ ᠡᠷᠬᠡᠪᠰᠢ ᠪᠠᠲᠤᠯᠠᠬᠤ ᠬᠡᠷᠡᠭᠲᠡᠢ᠃ ᠰᠢᠪᠠᠷ ᠢ ᠠᠪᠴᠤ ᠵᠠᠮ ᠳᠤ ᠭᠠᠷᠬᠤ ᠶᠢ ᠴᠢᠩᠭ᠎ᠠ ᠴᠠᠭᠠᠵᠠᠯᠠᠵᠤ᠂ ᠵᠥᠷᠢᠴᠡᠭᠰᠡᠳ ᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠰᠢᠳᠬᠡᠨ ᠲᠣᠷᠭᠠᠨ᠎ᠠ᠃      ︵ᠲᠠᠪᠤ︶ ᠪᠠᠷᠢᠯᠭ᠎ᠠ ᠶᠢᠨ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠠᠵᠢᠯ ᠬᠢᠵᠦ ᠪᠠᠶᠢᠭ᠎ᠠ ᠲᠡᠷᠭᠡ ᠬᠥᠰᠬᠡ ᠲᠡᠭᠡᠭᠡᠪᠦᠷᠢᠯᠡᠬᠦ ᠶᠠᠪᠤᠴᠠ ᠳᠠᠭᠠᠨ᠂ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ ᠶᠢ ᠬᠢᠨᠠᠨ ᠵᠥᠪᠰᠢᠶᠡᠷᠡᠭᠦᠯᠬᠦ ᠭᠠᠷᠳᠠᠮ ᠢ ᠡᠷᠬᠡᠪᠰᠢ ᠲᠡᠷᠭᠡᠨ ᠳᠡᠭᠡᠨ ᠠᠪᠴᠤ ᠶᠠᠪᠤᠵᠤ᠂ ᠪᠠᠷᠢᠯᠭ᠎ᠠ ᠶᠢᠨ ᠬᠤᠭ ᠨᠣᠪᠰᠢ ᠶᠢ ᠲᠣᠭᠲᠠᠬᠤ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠵᠢᠭᠠᠨ ᠲᠣᠭᠲᠠᠭᠠᠭᠰᠠᠨ ᠰᠢᠩᠭᠡᠭᠡᠬᠦ ᠲᠠᠯᠠᠪᠤᠷ ᠲᠤ ᠬᠦᠷᠭᠡᠵᠦ᠂ ᠲᠡᠭᠡᠭᠡᠪᠦᠷᠢᠯᠡᠬᠦ ᠬᠤᠭᠤᠴᠠᠭᠠᠨ ᠳᠤ ᠬᠢᠨᠠᠨ ᠵᠥᠪᠰᠢᠶᠡᠷᠡᠵᠦ ᠲᠡᠭᠡᠭᠡᠪᠦᠷᠢᠯᠡᠬᠦ ᠵᠠᠮ ᠱᠤᠭᠤᠮ᠂ ᠴᠠᠭ ᠬᠤᠭᠤᠴᠠᠭ᠎ᠠ ᠶᠢ ᠴᠢᠩᠭ᠎ᠠ ᠵᠢᠷᠤᠮᠯᠠᠨ ᠠᠵᠢᠯᠯᠠᠭᠤᠯᠵᠤ᠂ ᠨᠢᠭᠲᠠ ᠪᠢᠲᠡᠭᠦᠮᠵᠢᠯᠡᠨ ᠲᠡᠭᠡᠭᠡᠪᠦᠷᠢᠯᠡᠬᠦ ᠶᠢ ᠭᠦᠢᠴᠡᠳᠬᠡᠵᠦ᠂ ᠪᠠᠷᠢᠯᠭ᠎ᠠ ᠶᠢᠨ ᠬᠤᠭ ᠨᠣᠪᠰᠢ ᠶᠢ ᠦᠯᠡᠳᠡᠭᠡᠬᠦ᠂ ᠰᠠᠴᠤᠬᠤ᠂ ᠳᠤᠰᠤᠭᠠᠬᠤ᠂ ᠭᠤᠭᠤᠵᠢᠭᠤᠯᠬᠤ ᠵᠢᠴᠢ ᠬᠢᠨᠠᠨ ᠵᠥᠪᠰᠢᠶᠡᠷᠡᠬᠦ ᠬᠡᠪᠴᠢᠶ᠎ᠡ ᠠᠴᠠ ᠬᠡᠲᠦᠷᠡᠭᠦᠯᠦᠨ ᠳᠠᠭᠠᠭᠠᠨ ᠲᠡᠭᠡᠭᠡᠪᠦᠷᠢᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠢ᠃      ᠲᠠᠪᠤ᠂ ᠰᠢᠶᠠᠨ ᠤ ᠳᠣᠲᠣᠷᠠᠬᠢ ᠶᠠᠮᠠᠷᠪᠠ ᠨᠢᠭᠡᠴᠡ ᠪᠤᠶᠤ ᠬᠤᠪᠢ ᠬᠥᠮᠥᠨ ᠪᠠᠷᠢᠯᠭ᠎ᠠ ᠶᠢᠨ ᠬᠤᠭ ᠨᠣᠪᠰᠢ ᠶᠢ ᠲᠦᠷᠦᠯ ᠬᠤᠪᠢᠶᠠᠨ ᠰᠢᠢᠳᠪᠦᠷᠢᠯᠡᠬᠦ ᠪᠠ ᠲᠡᠭᠡᠭᠡᠪᠦᠷᠢᠯᠡᠬᠦ ᠶᠢ ᠵᠢᠷᠤᠮᠵᠢᠭᠤᠯᠬᠤ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠭᠡᠷ ᠪᠠᠶᠢᠰᠢᠩ ᠢ ᠵᠠᠰᠠᠵᠤ ᠴᠢᠮᠡᠭᠯᠡᠬᠦ ᠶᠠᠪᠤᠴᠠ ᠳᠤ ᠪᠣᠢ ᠪᠣᠯᠤᠭᠰᠠᠨ ᠪᠠᠷᠢᠯᠭ᠎ᠠ ᠶᠢᠨ ᠬᠤᠭ ᠨᠣᠪᠰᠢ ᠵᠢᠴᠢ ᠵᠠᠰᠠᠵᠤ ᠴᠢᠮᠡᠭᠯᠡᠬᠦ ᠬᠤᠭ ᠨᠣᠪᠰᠢ ᠪᠣᠯᠣᠨ ᠠᠮᠢᠳᠤᠷᠠᠯ ᠤᠨ ᠬᠤᠭ ᠨᠣᠪᠰᠢ ᠶᠢ ᠢᠯᠭᠠᠨ ᠴᠤᠭᠯᠠᠭᠤᠯᠬᠤ ᠶᠢᠨ ᠬᠠᠮᠲᠤ ᠤᠭᠤᠲᠠᠯᠠᠵᠤ ᠴᠤᠭᠯᠠᠭᠤᠯᠬᠤ ᠶᠢ ᠬᠡᠷᠡᠭᠵᠢᠭᠦᠯᠵᠦ᠂ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ ᠬᠢᠷᠢ ᠬᠡᠮ ᠲᠠᠢ ᠠᠵᠤ ᠠᠬᠤᠶᠢᠯᠠᠯ ᠪᠠ ᠲᠡᠷᠭᠡ ᠬᠥᠰᠬᠡ ᠳᠤ ᠨᠠᠶᠢᠳᠠᠵᠤ ᠴᠠᠭ ᠲᠤᠬᠠᠢ ᠳᠤᠨᠢ ᠴᠡᠪᠡᠷᠯᠡᠨ ᠲᠡᠭᠡᠭᠡᠪᠦᠷᠢᠯᠡᠭᠦᠯᠬᠦ ᠬᠡᠷᠡᠭᠲᠡᠢ᠃      ᠵᠢᠷᠭᠤᠭ᠎ᠠ᠂ ᠵᠡᠭᠡᠯᠢ ︵ᠵᠠᠮ︶ ᠳᠠᠭᠠᠤ ᠵᠠᠰᠠᠯ ᠴᠢᠮᠡᠭᠯᠡᠯ ᠤᠨ ᠬᠤᠳᠠᠯᠳᠤᠭᠠᠴᠢᠨ ᠡᠷᠬᠡᠪᠰᠢ ᠲᠦᠷ ᠴᠠᠭ ᠬᠦᠷᠢᠶᠡᠯᠡᠨ ᠬᠠᠰᠢᠬᠤ ᠠᠷᠭ᠎ᠠ ᠬᠡᠮᠵᠢᠶ᠎ᠡ ᠠᠪᠴᠤ᠂ ᠵᠠᠰᠠᠯ ᠴᠢᠮᠡᠭᠯᠡᠯ ᠤᠨ ᠶᠠᠪᠤᠴᠠ ᠳᠤ ᠭᠠᠷᠤᠭᠰᠠᠨ ᠪᠠᠷᠢᠯᠭ᠎ᠠ ᠶᠢᠨ ᠬᠤᠭ ᠨᠣᠪᠰᠢ ᠶᠢ ᠴᠠᠭ ᠲᠤᠬᠠᠢ ᠳᠤᠨᠢ ᠴᠡᠪᠡᠷᠯᠡᠨ ᠲᠡᠭᠡᠭᠡᠪᠦᠷᠢᠯᠡᠬᠦ ᠬᠡᠷᠡᠭᠲᠡᠢ᠂ ᠵᠠᠰᠠᠯ ᠴᠢᠮᠡᠭᠯᠡᠯ ᠤᠨ ᠬᠤᠭ ᠨᠣᠪᠰᠢ ᠶᠢ ᠵᠡᠭᠡᠯᠢ ︵ᠵᠠᠮ︶ ᠶᠢᠨ ᠬᠤᠶᠠᠷ ᠲᠠᠯ᠎ᠠ ᠳᠤ ᠳᠤᠷ᠎ᠠ ᠪᠠᠷ ᠢᠶᠠᠨ ᠣᠪᠣᠭᠠᠯᠠᠵᠤ ᠲᠠᠯᠪᠢᠵᠤ ᠪᠣᠯᠬᠤ ᠦᠭᠡᠢ᠂ ᠪᠠᠷᠢᠯᠭ᠎ᠠ ᠶᠢᠨ ᠬᠤᠭ ᠨᠣᠪᠰᠢ ᠶᠢ ᠬᠤᠪᠢ ᠬᠥᠮᠥᠨ ᠳᠤ ᠲᠤᠰᠢᠶᠠᠬᠤ ᠪᠤᠶᠤ ᠬᠢᠨᠠᠨ ᠵᠥᠪᠰᠢᠶᠡᠷᠡᠭᠦᠯᠦᠭᠰᠡᠨ ᠦᠭᠡᠢ ᠪᠠᠷ ᠪᠠᠷᠢᠯᠭ᠎ᠠ ᠶᠢᠨ ᠬᠤᠭ ᠨᠣᠪᠰᠢ ᠶᠢ ᠲᠡᠭᠡᠭᠡᠪᠦᠷᠢᠯᠡᠬᠦ ᠨᠢᠭᠡᠴᠡ ᠲᠡᠭᠡᠭᠡᠪᠦᠷᠢᠯᠡᠵᠦ ᠪᠣᠯᠬᠤ ᠦᠭᠡᠢ᠃      ᠳᠣᠯᠤᠭ᠎ᠠ᠂ ᠲᠣᠭᠲᠠᠬᠤ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠨᠢ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠤᠯᠪᠤᠭᠠᠯᠠᠨ᠂ ︽ᠬᠠᠷ᠎ᠠ ᠲᠡᠷᠭᠡ︾ ︵ᠬᠢᠨᠠᠨ ᠵᠥᠪᠰᠢᠶᠡᠷᠡᠭᠦᠯᠦᠭᠰᠡᠨ ᠦᠭᠡᠢ ᠠᠵᠤ ᠠᠬᠤᠶᠢᠯᠠᠯ ᠪᠤᠶᠤ ᠬᠤᠪᠢ ᠬᠥᠮᠥᠨ︶ ᠶᠢᠨ ᠬᠠᠤᠯᠢ ᠪᠤᠰᠤ ᠪᠠᠷ ᠲᠡᠭᠡᠭᠡᠪᠦᠷᠢᠯᠡᠬᠦ᠂ ᠪᠠᠷᠢᠯᠭ᠎ᠠ ᠪᠠᠷᠢᠬᠤ ᠠᠵᠤ ᠠᠬᠤᠶᠢᠯᠠᠯ᠂ ᠠᠳᠠᠯ ᠠᠬᠤᠢ ᠶᠢᠨ ᠠᠵᠤ ᠠᠬᠤᠶᠢᠯᠠᠯ᠂ ᠵᠠᠰᠠᠯ ᠴᠢᠮᠡᠭᠯᠡᠯ ᠤᠨ ᠠᠵᠤ ᠠᠬᠤᠶᠢᠯᠠᠯ ᠤᠨ ᠡᠵᠡᠨ ᠠᠴᠠ ᠪᠠᠷᠢᠯᠭ᠎ᠠ ᠶᠢᠨ ᠬᠤᠭ ᠨᠣᠪᠰᠢ ᠶᠢ ᠬᠤᠪᠢ ᠬᠥᠮᠥᠨ ᠳᠤ ᠲᠤᠰᠢᠶᠠᠨ ᠥᠭᠴᠦ ᠲᠡᠭᠡᠭᠡᠪᠦᠷᠢᠯᠡᠭᠦᠯᠬᠦ ᠪᠠ ᠪᠠᠷᠢᠯᠭ᠎ᠠ ᠶᠢᠨ ᠬᠤᠭ ᠨᠣᠪᠰᠢ ᠶᠢ ᠳᠤᠷ᠎ᠠ ᠪᠠᠷ ᠢᠶᠠᠨ ᠠᠰᠬᠠᠵᠤ ᠬᠠᠶᠠᠬᠤ ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠣᠯᠵᠤ ᠮᠡᠳᠡᠪᠡᠯ᠂ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠦᠨᠳᠦ ᠪᠡᠷ‌‍ᠰᠢᠢᠳᠭᠡᠨ ᠲᠤᠷᠭᠤᠭᠠᠨ᠎ᠠ᠃      ᠨᠠᠢᠮᠠ᠂ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠠᠵᠢᠯᠲᠠᠨ ᠤ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠲᠡᠪᠴᠢᠵᠦ᠂ ᠬᠠᠷᠰᠢᠯᠠᠭᠰᠠᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠢᠳᠭᠡᠯ ᠤᠨ ᠬᠠᠤᠯᠢ︾ ᠶᠢᠨ ᠶᠣᠰᠣᠭᠠᠷ ᠰᠢᠳᠬᠡᠨ᠎ᠡ︔ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠶᠢᠰᠦ᠂ ᠪᠠᠷᠢᠯᠭ᠎ᠠ ᠶᠢᠨ ᠬᠤᠭ ᠨᠣᠪᠰᠢ ᠶᠢ ᠵᠠᠰᠠᠬᠤ ᠤᠬᠠᠭᠤᠯᠭ᠎ᠠ ᠶᠢᠨ ᠠᠵᠢᠯ ᠢ ᠴᠢᠩᠭᠠᠳᠬᠠᠵᠤ᠂ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠪᠠ ᠵᠠᠭᠤᠴᠢᠯᠠᠭᠤᠷ ᠤᠨ ᠬᠢᠨ ᠤ ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠬᠤ ᠶᠢᠨ ᠲᠤᠰᠠᠳᠠ᠂ ᠲᠣᠭᠲᠠᠬᠤ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠬᠢᠨ ᠪᠠᠷᠢᠯᠭ᠎ᠠ ᠶᠢᠨ ᠬᠤᠭ ᠨᠣᠪᠰᠢ ᠶᠢᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠣᠯᠠᠨ ᠨᠡᠶᠢᠲᠡ ᠶᠢ ᠬᠥᠲᠥᠯᠥᠨ ᠵᠢᠯᠤᠭᠤᠳᠴᠤ ᠪᠠᠶᠢᠭᠠᠳ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ ᠦᠶᠯᠡ ᠠᠵᠢᠯᠯᠠᠭ᠎ᠠ ᠳᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠦᠨ᠎ᠡ᠃ ᠪᠠᠷᠢᠯᠭ᠎ᠠ ᠶᠢᠨ ᠬᠤᠭ ᠨᠣᠪᠰᠢ ᠶᠢ ᠵᠢᠷᠤᠮᠵᠢᠭᠤᠯᠤᠨ ᠰᠢᠢᠳᠪᠦᠷᠢᠯᠡᠬᠦ ᠣᠯᠠᠨ ᠨᠡᠶᠢᠲᠡ ᠶᠢᠨ ᠤᠬᠠᠮᠰᠠᠷᠲᠤ ᠴᠢᠨᠠᠷ ᠢ ᠳᠡᠭᠡᠭᠰᠢᠯᠡᠭᠦᠯᠵᠦ᠂ ᠪᠥᠬᠦ ᠨᠡᠶᠢᠭᠡᠮ ᠢᠶᠠᠷ ᠢᠶᠠᠨ ᠬᠠᠮᠲᠤᠪᠠᠷ ᠵᠠᠰᠠᠵᠤ ᠬᠠᠮᠲᠤᠪᠠᠷ ᠭᠥᠷᠳᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ      ᠠᠷᠪᠠ᠂ ᠲᠤᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃      ᠲᠣᠭᠲᠠᠬᠤ ᠰᠢᠶᠠᠨ ᠤ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ ᠯᠠᠪᠯᠠᠯᠭ᠎ᠠ ᠶᠢᠨ ᠤᠲᠠᠰᠤ᠄ 13684745711      ᠲᠣᠭᠲᠠᠬᠤ ᠰᠢᠶᠠᠨ ᠤ ᠪᠠᠷᠢᠯᠭ᠎ᠠ ᠶᠢᠨ ᠬᠤᠭ ᠨᠣᠪᠰᠢ ᠳᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄ 0471-8516824          ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ             2024 ᠣᠨ ᠤ 12 ᠳ᠋ᠤᠭᠠᠷ ᠰᠠᠷ᠎ᠠ ᠶᠢᠨ 23 ᠤ ᠡᠳᠦᠷ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1