ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠪᠠᠷ ᠬᠦᠳᠦᠯᠦᠨ ᠵᠢᠯᠤᠭᠤᠳᠬᠤ ᠶᠢ ᠴᠢᠩᠭᠠᠳᠬᠠᠵᠤ ᠪᠠᠷᠢᠯᠭ᠎ᠠ ᠶᠢᠨ ᠶᠠᠰᠤ ᠴᠢᠨᠠᠷ ᠢ ᠲᠡᠭᠡᠭᠰᠢᠯᠡᠭᠦᠯᠬᠦ ᠳᠤ ᠡᠨᠧᠷᠬᠢ ᠤᠯᠭᠤᠨ᠎ᠠ
ᠨᠡᠶᠢᠲᠡᠯᠡᠭᠰᠡᠨ ᠴᠠᠭ᠄
2024/12/26
      ᠪᠠᠷᠢᠮᠵᠢᠶ᠎ᠠ ᠨᠢ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠵᠤ᠂ ᠪᠠᠷᠢᠮᠵᠢᠶ᠎ᠠ ᠨᠢ ᠴᠠᠭ ᠦᠶ᠎ᠡ ᠶᠢᠨ ᠲᠠᠪᠰᠢᠯᠳᠠ ᠶᠢ ᠬᠥᠲᠥᠯᠥᠨ ᠳᠠᠭᠠᠭᠤᠯᠤᠨ᠎ᠠ᠃ ᠣᠶᠢᠷ᠎ᠠ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠪᠠᠷᠢᠮᠵᠢᠶ᠎ᠠ ᠨᠣᠷᠮ᠎ᠠ ᠲᠤᠭᠳᠠᠭᠠᠬᠤ ᠵᠤᠷᠭᠠᠨ ᠵᠧᠵᠢᠶᠠᠩ ᠮᠤᠵᠢ ᠶᠢᠨ ᠬᠠᠩᠵᠧᠦ ᠬᠤᠲᠠ ᠳᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶᠠᠵᠢᠭᠤᠯᠬᠤ ᠠᠵᠢᠯ ᠤᠨ ᠬᠤᠷᠠᠯ ᠬᠤᠷᠠᠯᠳᠤᠭᠤᠯᠵᠤ᠂ ᠰᠢᠰᠲ᠋ᠧᠮᠵᠢᠭᠰᠡᠨ ᠰᠢᠨ᠎ᠡ ᠬᠡᠯᠪᠡᠷᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢᠨ ᠰᠢᠰᠲ᠋ᠧᠮᠵᠢ ᠶᠢᠨ ᠪᠣᠷᠣ ᠲᠥᠯᠥᠪ ᠢ ᠪᠠᠶᠢᠭᠤᠯᠬᠤ ᠪᠠᠷ ᠭᠤᠣᠯᠳᠠᠯᠭ᠎ᠠ ᠪᠣᠯᠭᠠᠵᠤ᠂ ᠪᠠᠷᠢᠮᠵᠢᠶ᠎ᠠ ᠶᠢᠨ ᠰᠢᠰᠲ᠋ᠧᠮᠵᠢ ᠶᠢ ᠰᠢᠯᠢᠳᠡᠭᠵᠢᠭᠦᠯᠦᠨ ᠬᠡᠯᠪᠡᠷᠢ ᠬᠤᠪᠢᠷᠠᠭᠤᠯᠬᠤ ᠡᠭᠦᠷᠭᠡ ᠶᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢᠨ ᠴᠢᠨᠠᠷ ᠰᠠᠶᠢᠲᠠᠢ ᠬᠥᠭᠵᠢᠯᠲᠡ ᠶᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠭᠤᠣᠯᠳᠠᠯᠭ᠎ᠠ ᠲᠠᠢ ᠠᠵᠢᠯ ᠢ ᠲᠣᠳᠣᠷᠬᠠᠶᠢᠯᠠᠵᠤ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠴᠢᠭᠯᠡᠯ ᠢ ᠲᠤᠳᠤᠷᠬᠠᠶᠢᠯᠠᠪᠠ᠃       ᠶᠡᠭᠡ ᠲᠠᠯ᠎ᠠ ᠳᠤ ᠦᠢᠯᠡᠴᠢᠯᠡᠵᠦ ᠭᠤᠣᠯᠳᠠᠯᠭ᠎ᠠ ᠲᠠᠢ ᠪᠠᠷᠢᠮᠵᠢᠶ᠎ᠠ ᠶᠢ ᠨᠠᠶᠢᠷᠠᠭᠤᠯᠤᠨ ᠵᠣᠬᠢᠶᠠᠬᠤ ᠠᠵᠢᠯ ᠢ ᠰᠠᠶᠢᠲᠤᠷ ᠴᠢᠬᠤᠯᠠᠴᠢᠯᠠᠬᠤ ᠬᠡᠷᠡᠭᠲᠡᠢ᠃ ᠣᠳᠣᠬᠠᠨ ᠳᠤ᠂ ᠮᠠᠨ ᠤ ᠤᠯᠤᠰ ᠶᠠᠭ ᠬᠤᠳᠠ ᠪᠠᠯᠭᠠᠰᠤᠵᠢᠯᠲᠠ ᠶᠢᠨ ᠲᠦᠷᠭᠡᠨ ᠬᠥᠭᠵᠢᠯᠲᠡ ᠶᠢᠨ ᠳᠤᠮᠳᠠ ᠪᠠ ᠰᠡᠭᠦᠯᠴᠢ ᠶᠢᠨ ᠬᠤᠭᠤᠴᠠᠭᠠᠨ ᠳᠤ ᠣᠷᠣᠰᠢᠵᠤ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠬᠥᠭᠵᠢᠯᠲᠡ ᠳᠤ ᠰᠢᠨ᠎ᠡ ᠪᠠᠶᠢᠳᠠᠯ ᠪᠠ ᠡᠭᠦᠷᠭᠡ ᠲᠤᠯᠭᠠᠷᠠᠵᠤ ᠪᠠᠶᠢᠨ᠎ᠠ᠃ ᠪᠠᠷᠢᠮᠵᠢᠶ᠎ᠠ ᠶᠢ ᠲᠣᠭᠲᠠᠭᠠᠬᠤ ᠪᠠ ᠬᠡᠷᠡᠭᠵᠢᠭᠦᠯᠬᠦ ᠪᠣᠯ ᠪᠠᠷᠢᠯᠭ᠎ᠠ ᠶᠢᠨ ᠶᠠᠰᠤ ᠴᠢᠨᠠᠷ ᠢ ᠦᠨᠡᠨ ᠬᠦ ᠪᠠᠲᠤᠯᠠᠵᠤ᠂ ᠪᠠᠷᠢᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠴᠢᠬᠤᠯᠠ ᠠᠷᠭ᠎ᠠ ᠪᠠᠷᠢᠯ ᠮᠥᠨ᠃ ᠪᠠᠷᠢᠮᠵᠢᠶ᠎ᠠ ᠶᠢ ᠨᠠᠶᠢᠷᠠᠭᠤᠯᠤᠨ ᠵᠣᠬᠢᠶᠠᠬᠤ ᠠᠵᠢᠯ ᠢ ᠴᠠᠭ ᠦᠶ᠎ᠡ ᠶᠢᠨ ᠤᠨᠴᠠᠯᠢᠭ ᠲᠠᠢ ᠨᠢᠭᠲᠠ ᠤᠶᠠᠯᠳᠤᠭᠤᠯᠤᠨ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠭᠤᠣᠯᠳᠠᠯᠭ᠎ᠠ ᠲᠠᠢ ᠢᠨᠵᠧᠨᠧᠷᠢᠩ ᠪᠠ ᠠᠷᠠᠳ ᠤᠨ ᠠᠮᠢᠳᠤᠷᠠᠯ ᠤᠨ ᠲᠥᠷᠥᠯ ᠵᠦᠢᠯ ᠤᠨ ᠲᠣᠭᠤᠷᠢᠨ ᠳᠤ᠂ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ᠂ ᠬᠤᠲᠠ ᠶᠢᠨ ᠰᠢᠨᠡᠴᠢᠯᠡᠯᠲᠡ᠂ ᠪᠠᠷᠢᠯᠭ᠎ᠠ ᠶᠢᠨ ᠦᠢᠯᠡᠰ ᠤᠨ ᠬᠡᠯᠪᠡᠷᠢ ᠬᠤᠪᠢᠷᠠᠭᠤᠯᠤᠨ ᠲᠠᠰ ᠳᠡᠪᠰᠢᠭᠦᠯᠬᠦ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠨᠳᠤᠯᠭᠠᠲᠤ ᠴᠢᠨᠠᠷ᠂ ᠪᠠᠷᠠᠭᠠᠯᠬᠢᠯᠠᠯᠳᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠲᠦᠷᠭᠡᠪᠴᠢᠯᠡᠨ ᠲᠣᠭᠲᠠᠭᠠᠨ ᠲᠡᠭᠦᠯᠳᠡᠷᠵᠢᠭᠦᠯᠵᠦ᠂ ᠠᠵᠢᠯ ᠤᠨ ᠠᠬᠢᠭᠤᠯᠤᠯᠲᠠ ᠳᠤ ᠵᠢᠷᠤᠮᠯᠠᠬᠤ ᠪᠠᠷᠢᠮᠵᠢᠶ᠎ᠠ ᠲᠠᠢ᠂ ᠵᠢᠷᠤᠮᠯᠠᠬᠤ ᠳᠦᠷᠢᠮ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ ᠪᠠᠷᠢᠮᠵᠢᠶ᠎ᠠ ᠶᠢᠨ ᠪᠠᠷᠠᠭᠠᠯᠬᠢᠯᠠᠯ ᠤᠨ ᠴᠢᠨᠠᠷᠲᠠᠢ ᠪᠠ ᠬᠥᠲᠥᠯᠥᠨ ᠳᠠᠭᠠᠭᠤᠯᠬᠤ ᠴᠢᠨᠠᠷ ᠤᠨ ᠰᠤᠳᠤᠯᠭᠠᠨ ᠢ ᠴᠢᠩᠭᠠᠳᠬᠠᠵᠤ᠂ ᠪᠠᠷᠢᠮᠵᠢᠶ᠎ᠠ ᠪᠣᠯᠣᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠬᠤ ᠬᠡᠷᠡᠭᠲᠡᠢ᠃      ᠪᠠᠷᠢᠮᠵᠢᠶ᠎ᠠ ᠶᠢᠨ ᠰᠢᠰᠲ᠋ᠧᠮ ᠢ ᠤᠯᠠᠮ ᠴᠢᠨᠠᠭᠰᠢᠳᠠ ᠰᠢᠯᠢᠳᠡᠭᠵᠢᠭᠦᠯᠵᠦ ᠬᠦᠴᠦᠷᠬᠡᠭᠵᠢᠭᠦᠯᠬᠦ ᠬᠡᠷᠡᠭᠲᠡᠢ᠃ ᠮᠠᠨ ᠤ ᠤᠯᠤᠰ ᠤᠨ ᠳᠡᠭᠡᠳᠦ ᠬᠤᠷᠳᠤᠴᠠᠲᠤ ᠬᠥᠭᠵᠢᠯᠲᠡ ᠠᠴᠠ ᠴᠢᠨᠠᠷ ᠰᠠᠶᠢᠲᠠᠢ ᠬᠥᠭᠵᠢᠯᠲᠡ ᠳᠤ ᠰᠢᠯᠵᠢᠬᠦ ᠱᠠᠲᠤ ᠦᠶ᠎ᠡ ᠶᠢᠨ ᠬᠤᠪᠢᠷᠠᠯᠲᠠ ᠳᠤ ᠵᠣᠬᠢᠴᠠᠭᠤᠯᠤᠨ᠂ ᠨᠡᠶᠢᠭᠡᠮ ᠨᠡᠶᠢᠳᠡ ᠳᠤ ᠴᠢᠨᠠᠷ ᠰᠠᠶᠢᠲᠠᠢ ᠪᠠᠷᠢᠯᠭ᠎ᠠ ᠶᠢᠨ ᠦᠢᠯᠡᠳᠬᠦᠨ ᠬᠠᠩᠭᠠᠬᠤ ᠪᠠᠷ ᠬᠠᠷᠠᠯᠲᠠ ᠪᠣᠯᠭᠠᠵᠤ᠂ ᠣᠲᠣ ᠶᠢᠨ ᠪᠠᠶᠢᠭ᠎ᠠ ᠪᠠᠷᠢᠮᠵᠢᠶ᠎ᠠ ᠶᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠡᠯ᠎ᠡ ᠪᠠᠷᠢᠮᠵᠢᠶ᠎ᠠ ᠶᠢᠨ ᠬᠤᠭᠤᠷᠣᠨᠳᠣᠬᠢ ᠵᠣᠬᠢᠴᠠᠩᠭᠤᠢ ᠴᠢᠨᠠᠷ ᠪᠠ ᠢᠵᠢ ᠪᠦᠷᠢᠳᠦᠭᠦᠯᠬᠦ ᠴᠢᠨᠠᠷ ᠢ ᠴᠢᠩᠭᠠᠳᠬᠠᠨ᠂ ᠣᠲᠣ ᠶᠢᠨ ᠪᠠᠶᠢᠭ᠎ᠠ ᠪᠠᠷᠢᠮᠵᠢᠶ᠎ᠠ ᠶᠢᠨ ᠰᠢᠰᠲ᠋ᠧᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ ᠰᠢᠯᠢᠳᠡᠭᠵᠢᠭᠦᠯᠵᠦ᠂ ᠪᠠᠷᠢᠮᠵᠢᠶ᠎ᠠ ᠶᠢᠨ ᠪᠦᠬᠦᠯᠢ ᠴᠣᠭᠴᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠯ᠎ᠡ ᠲᠠᠯ᠎ᠠ ᠶᠢᠨ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠵᠤ᠂ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ᠂ ᠲᠠᠨᠢᠯᠴᠠᠭᠤᠯᠭ᠎ᠠ ᠶᠢᠨ ᠴᠢᠨᠠᠷᠲᠠᠢ ᠪᠠᠷᠢᠮᠵᠢᠶ᠎ᠠ᠂ ᠪᠦᠯᠬᠦᠮ ᠤᠨ ᠪᠠᠷᠢᠮᠵᠢᠶ᠎ᠠ ᠶᠢ ᠬᠠᠷᠢᠯᠴᠠᠨ ᠢᠵᠢ ᠪᠦᠷᠢᠳᠦᠭᠦᠯᠦᠭᠰᠡᠨ ᠰᠢᠨ᠎ᠡ ᠬᠡᠯᠪᠡᠷᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢᠨ ᠰᠢᠰᠲ᠋ᠧᠮᠵᠢ ᠶᠢ ᠪᠠᠶᠢᠭᠤᠯᠵᠤ᠂ ᠶᠠᠰᠤ ᠴᠢᠨᠠᠷ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠭᠰᠠᠨ ᠰᠠᠭᠤᠷᠢᠨ ᠳᠡᠭᠡᠷ᠎ᠡ᠂ ᠰᠢᠨ᠎ᠡ ᠮᠡᠷᠭᠡᠵᠢᠯ᠂ ᠰᠢᠨ᠎ᠡ ᠮᠠᠲ᠋ᠧᠷᠢᠶᠠᠯ ᠤᠨ ᠪᠠᠷᠢᠮᠵᠢᠶ᠎ᠠ ᠶᠢ ᠲᠠᠰᠤᠷᠠᠯᠲᠠ ᠦᠭᠡᠢ ᠣᠷᠣᠭᠤᠯᠤᠨ ᠠᠪᠴᠢᠷᠠᠵᠤ᠂ ᠲᠠᠰᠤᠷᠠᠯᠲᠠ ᠦᠭᠡᠢ ᠬᠤᠪᠢᠷᠠᠵᠤ ᠪᠠᠶᠢᠭ᠎ᠠ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠪᠠ ᠮᠡᠷᠭᠡᠵᠢᠯ ᠤᠨ ᠳᠠᠪᠰᠢᠯᠲᠠ ᠳᠤ ᠵᠣᠬᠢᠴᠠᠭᠤᠯᠤᠨ᠎ᠠ᠃      ᠪᠠᠷᠢᠮᠵᠢᠶᠠᠲᠤ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠢ᠃ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶᠠᠵᠢᠭᠤᠯᠬᠤ ᠠᠵᠢᠯ ᠪᠣᠯ ᠨᠢᠭᠡ ᠵᠦᠢᠯ ᠤᠨ ᠰᠢᠰᠲ᠋ᠧᠮᠲᠦ ᠴᠢᠨᠠᠷᠲᠠᠢ ᠢᠨᠵᠧᠨᠧᠷᠢᠩ ᠮᠥᠨ ᠪᠣᠯᠬᠤᠷ ᠤᠯᠠᠨ ᠲᠠᠯ᠎ᠠ ᠶᠢᠨ ᠬᠠᠮᠵᠢᠯᠴᠠᠭ᠎ᠠ ᠬᠠᠮᠲᠤᠷᠠᠯᠴᠠᠭ᠎ᠠ ᠶᠢ ᠱᠠᠭᠠᠷᠳᠠᠨ᠎ᠠ᠃ ᠪᠠᠷᠢᠮᠵᠢᠶ᠎ᠠ ᠶᠢ ᠲᠣᠭᠲᠠᠭᠠᠬᠤ᠂ ᠵᠠᠰᠠᠪᠤᠷᠢ ᠣᠷᠣᠭᠤᠯᠬᠤ᠂ ᠤᠬᠠᠭᠤᠯᠤᠨ ᠲᠤᠭᠤᠰᠢᠯᠠᠭᠤᠯᠬᠤ᠂ ᠬᠡᠷᠡᠭᠵᠢᠭᠦᠯᠬᠦ᠂ ᠬᠢᠨᠠᠯᠲᠠ ᠲᠠᠯᠪᠢᠬᠤ ᠵᠡᠷᠭᠡ ᠡᠯ᠎ᠡ ᠭᠤᠭᠴᠤᠭ᠎ᠠ ᠶᠢᠨ ᠵᠣᠯᠭᠠᠯᠴᠠᠭ᠎ᠠ ᠪᠠ ᠬᠠᠮᠵᠢᠯᠴᠠᠭ᠎ᠠ ᠶᠢ ᠴᠢᠩᠭᠠᠳᠬᠠᠵᠤ᠂ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠪᠣᠶ ᠪᠣᠯᠭᠠᠵᠤ᠂ ᠪᠠᠷᠢᠮᠵᠢᠶ᠎ᠠ ᠶᠢᠨ ᠰᠢᠨᠵᠢᠯᠡᠬᠦ ᠤᠬᠠᠭᠠᠨᠴᠢ ᠴᠢᠨᠠᠷ᠂ ᠪᠦᠲᠦᠮᠵᠢᠲᠦ ᠴᠢᠨᠠᠷ ᠪᠠ ᠡᠷᠬᠡ ᠰᠦᠷᠲᠦ ᠴᠢᠨᠠᠷ ᠢ ᠦᠨᠡᠨᠬᠦ ᠪᠠᠲᠤᠯᠠᠨ᠎ᠠ᠃ ᠪᠠᠷᠢᠮᠵᠢᠶ᠎ᠠ ᠲᠣᠭᠲᠠᠭᠠᠬᠤ ᠵᠣᠬᠢᠶᠠᠨ ᠪᠠᠶᠢᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠵᠤ᠂ ᠪᠠᠷᠢᠮᠵᠢᠶ᠎ᠠ ᠲᠣᠭᠲᠠᠭᠠᠬᠤ ᠵᠢᠷᠤᠮ ᠪᠠ ᠱᠠᠭᠠᠷᠳᠠᠯᠭ᠎ᠠ ᠶᠢ ᠲᠣᠳᠣᠷᠬᠠᠶᠢᠯᠠᠬᠤ ᠬᠡᠷᠡᠭᠲᠡᠢ᠃ ᠪᠠᠷᠢᠮᠵᠢᠶ᠎ᠠ ᠶᠢᠨ ᠮᠡᠳᠡᠭᠡ ᠵᠠᠩᠭᠢᠵᠢᠯᠲᠠ ᠪᠠ ᠣᠶᠤᠨᠴᠢᠯᠠᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠣᠮᠣ ᠳ᠋ᠠᠶᠢᠲ᠋ᠠ᠂ ᠡᠭᠦᠯᠡᠨ ᠪᠣᠳᠣᠯᠲᠠ ᠵᠡᠷᠭᠡ ᠣᠲᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠠᠰᠢᠭᠯᠠᠨ᠂ ᠪᠠᠷᠢᠮᠵᠢᠶ᠎ᠠ ᠶᠢ ᠲᠣᠭᠲᠠᠭᠠᠬᠤ ᠦᠷ᠎ᠡ ᠪᠦᠲᠦᠮᠵᠢ ᠪᠠ ᠬᠡᠷᠡᠭᠵᠢᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶᠠᠲᠤ ᠳ᠋ᠠᠶᠢᠲ᠋ᠠ ᠶᠢᠨ ᠬᠥᠮᠥᠷᠭᠡ ᠶᠢ ᠪᠠᠶᠢᠭᠤᠯᠵᠤ᠂ ᠪᠠᠷᠢᠮᠵᠢᠶᠠᠲᠤ ᠮᠡᠳᠡᠭᠡ ᠵᠠᠩᠭᠢ ᠶᠢ ᠬᠠᠮᠲᠤᠪᠠᠷ  ᠡᠳ᠋ᠯᠡᠬᠦ ᠪᠠ ᠳᠥᠭᠦᠮ ᠳᠥᠲᠡ ᠪᠠᠶᠢᠴᠠᠭᠠᠨ ᠯᠠᠪᠯᠠᠬᠤ ᠶᠢ ᠪᠡᠶᠡᠯᠡᠭᠦᠯᠦᠨ᠎ᠡ᠃ ᠡᠭᠦᠨ ᠤ ᠬᠠᠮᠲᠤ᠂ ᠪᠠᠷᠢᠮᠵᠢᠶ᠎ᠠ ᠶᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠬᠤ ᠪᠠ ᠦᠨᠡᠯᠡᠯᠳᠡ ᠶᠢ ᠴᠢᠩᠭᠠᠳᠬᠠᠵᠤ᠂ ᠪᠠᠷᠢᠮᠵᠢᠶ᠎ᠠ ᠶᠢ ᠬᠡᠷᠡᠭᠵᠢᠭᠦᠯᠦᠭᠰᠡᠨ ᠮᠡᠳᠡᠭᠡ ᠵᠠᠩᠭᠢ ᠶᠢ ᠬᠠᠷᠢᠭᠤ ᠲᠤᠰᠬᠠᠬᠤ ᠠᠷᠭ᠎ᠠ ᠵᠠᠮ ᠢ ᠪᠠᠶᠢᠭᠤᠯᠤᠨ᠂ ᠪᠠᠷᠢᠮᠵᠢᠶ᠎ᠠ ᠶᠢ ᠬᠡᠷᠡᠭᠵᠢᠭᠦᠯᠬᠦ ᠶᠠᠪᠤᠴᠠ ᠳᠤ ᠢᠯᠡᠷᠡᠭᠰᠡᠨ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠬᠦ ᠪᠠ ᠰᠢᠢᠳᠪᠦᠷᠢᠯᠡᠬᠦ ᠬᠡᠷᠡᠭᠲᠡᠢ᠃      ᠪᠠᠷᠢᠮᠵᠢᠶᠠᠵᠢᠭᠰᠠᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠶᠡᠬᠡᠪᠡᠷ ᠴᠢᠩᠭᠠᠳᠬᠠᠬᠤ ᠬᠡᠷᠡᠭᠲᠡᠢ᠃ ᠪᠠᠷᠢᠮᠵᠢᠶᠠᠵᠢᠭᠤᠯᠤᠯᠲᠠ ᠶᠢᠨ ᠠᠵᠢᠯ ᠪᠣᠯ ᠨᠢᠭᠡ ᠵᠦᠢᠯ ᠤᠨ ᠲᠤᠰᠬᠠᠢ ᠮᠡᠷᠭᠡᠵᠢᠯ ᠤᠨ ᠴᠢᠨᠠᠷ ᠢᠶᠠᠷ ᠴᠢᠩᠭ᠎ᠠ᠂ ᠬᠤᠯᠪᠣᠭᠳᠠᠬᠤ ᠬᠡᠪᠴᠢᠶ᠎ᠡ ᠪᠠᠷ ᠥᠷᠭᠡᠨ ᠰᠢᠰᠲ᠋ᠧᠮᠲᠦ ᠢᠨᠵᠧᠨᠧᠷᠢᠩ ᠪᠠᠶᠢᠵᠤ᠂ ᠶᠡᠭᠡ ᠬᠡᠮᠵᠢᠶᠡᠨ ᠤ ᠲᠤᠰᠬᠠᠢ ᠮᠡᠷᠭᠡᠵᠢᠯ ᠤᠨ ᠮᠡᠳᠡᠯᠭᠡ ᠪᠠ ᠦᠢᠯᠡᠳᠦᠯᠭᠡ ᠶᠢᠨ ᠲᠤᠷᠰᠢᠯᠭ᠎ᠠ ᠲᠠᠢ ᠴᠢᠳᠠᠪᠤᠷᠢᠲᠠᠨ ᠤ ᠲᠤᠯᠭᠠᠭᠤᠷᠢᠯᠠᠯ ᠱᠠᠭᠠᠷᠳᠠᠭᠳᠠᠨ᠎ᠠ ᠃ ᠪᠠᠷᠢᠮᠵᠢᠶᠠᠵᠢᠭᠰᠠᠨ ᠴᠢᠳᠠᠪᠤᠷᠢᠲᠠᠨ ᠢ ᠰᠢᠰᠲ᠋ᠧᠮᠵᠢᠭᠦᠯᠦᠨ ᠬᠥᠮᠥᠵᠢᠭᠦᠯᠬᠦ ᠲᠣᠭᠲᠠᠴᠠ ᠶᠢ ᠪᠦᠷᠢᠨᠰᠢᠭᠦᠯᠵᠦ᠂ ᠰᠤᠷᠭᠠᠨ ᠬᠥᠮᠦᠵᠢᠯ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠰᠠᠯᠠᠭ᠎ᠠ ᠮᠥᠴᠢᠷ ᠯᠦᠭᠡ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠪᠠᠷᠢᠮᠵᠢᠶᠠᠵᠢᠭᠰᠠᠨ ᠰᠢᠨᠵᠢᠯᠡᠬᠦ ᠤᠬᠠᠭᠠᠨ ᠤ ᠰᠤᠳᠤᠯᠭᠠᠨ ᠤ ᠴᠢᠳᠠᠪᠤᠷᠢᠲᠠᠨ᠂ ᠪᠠᠷᠢᠮᠵᠢᠶᠠᠵᠢᠭᠰᠠᠨ ᠬᠠᠮᠢᠶᠠᠷᠤᠯᠲᠠ ᠶᠢᠨ ᠴᠢᠳᠠᠪᠤᠷᠢᠲᠠᠨ᠂ ᠪᠠᠷᠢᠮᠵᠢᠶᠠᠵᠢᠭᠰᠠᠨ ᠬᠡᠷᠡᠭᠯᠡᠭᠡᠨ ᠤ ᠴᠢᠳᠠᠪᠤᠷᠢᠲᠠᠨ᠂ ᠪᠠᠷᠢᠮᠵᠢᠶᠠᠵᠢᠭᠰᠠᠨ ᠰᠤᠷᠭᠠᠨ ᠬᠥᠮᠦᠵᠢᠯ ᠤᠨ ᠴᠢᠳᠠᠪᠤᠷᠢᠲᠠᠨ ᠪᠠ ᠤᠯᠠᠨ ᠤᠯᠤᠰ ᠤᠨ ᠪᠠᠷᠢᠮᠵᠢᠶᠠᠵᠢᠭᠰᠠᠨ ᠴᠢᠳᠠᠪᠤᠷᠢᠲᠠᠨ ᠤ ᠲᠤᠰ ᠲᠤᠰ ᠤᠨ ᠣᠨᠴᠠᠯᠢᠭ ᠲᠠᠢ᠂ ᠬᠠᠷᠢᠯᠴᠠᠨ ᠠᠭᠤᠰᠤᠯᠴᠠᠭᠰᠠᠨ ᠴᠢᠳᠠᠪᠤᠷᠢᠲᠠᠨ ᠤ ᠰᠢᠰᠲ᠋ᠧᠮ ᠢ ᠲᠦᠷᠭᠡᠨ ᠪᠦᠷᠢᠯᠳᠦᠭᠦᠯᠬᠦ ᠬᠡᠷᠡᠭᠲᠡᠢ᠃ ᠪᠠᠷᠢᠮᠵᠢᠶᠠᠵᠢᠭᠰᠠᠨ ᠴᠢᠳᠠᠪᠤᠷᠢᠲᠠᠨ ᠤ ᠠᠵᠢᠯ ᠮᠡᠷᠭᠡᠵᠢᠯ ᠤᠨ ᠴᠢᠳᠠᠪᠤᠷᠢ ᠶᠢ ᠦᠨᠡᠯᠡᠬᠦ ᠲᠣᠭᠲᠠᠴᠠ ᠪᠠ ᠤᠷᠮᠠᠰᠢᠭᠤᠯᠬᠤ ᠲᠣᠭᠲᠠᠴᠠ ᠶᠢ ᠪᠠᠶᠢᠭᠤᠯᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠣᠯᠠᠨ ᠤᠯᠤᠰ ᠤᠨ ᠪᠠᠷᠢᠮᠵᠢᠶ᠎ᠠ᠂ ᠤᠯᠤᠰ ᠤᠨ ᠪᠠᠷᠢᠮᠵᠢᠶ᠎ᠠ᠂ ᠣᠷᠣᠨ ᠨᠤᠲᠤᠭ ᠤᠨ ᠪᠠᠷᠢᠮᠵᠢᠶ᠎ᠠ ᠵᠡᠷᠭᠡ ᠳᠤ ᠣᠷᠣᠯᠴᠠᠬᠤ ᠶᠢ ᠮᠡᠷᠭᠡᠵᠢᠯ ᠤᠨ ᠴᠣᠯᠠ ᠲᠣᠭᠲᠠᠭᠠᠬᠤ ᠭᠦᠢᠴᠡᠳᠬᠡᠯ ᠲᠤᠭ᠎ᠠ ᠳᠤ ᠣᠷᠣᠭᠤᠯᠵᠤ ᠂ ᠪᠠᠷᠢᠮᠵᠢᠶᠠᠵᠢᠭᠰᠠᠨ ᠠᠵᠢᠯ ᠡᠷᠬᠢᠯᠡᠭᠰᠡᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢ ᠳᠡᠮᠵᠢᠨ᠎ᠡ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢᠨ ᠲᠤᠬᠠᠢ ᠤᠬᠠᠭᠤᠯᠭ᠎ᠠ ᠪᠠ ᠪᠤᠯᠪᠠᠰᠤᠷᠠᠯ ᠢ ᠴᠢᠩᠭᠠᠳᠬᠠᠵᠤ᠂ ᠪᠥᠬᠦ ᠨᠡᠶᠢᠭᠡᠮ ᠢᠶᠠᠷ ᠢᠶᠠᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢᠨ ᠴᠢᠬᠤᠯᠠ ᠴᠢᠨᠠᠷ ᠤᠨ ᠲᠤᠬᠠᠢ ᠲᠠᠨᠢᠯᠲᠠ ᠶᠢ ᠳᠡᠭᠡᠭᠰᠢᠯᠡᠭᠦᠯᠦᠨ᠂ ᠪᠠᠷᠢᠮᠵᠢᠶᠠᠵᠢᠭᠰᠠᠨ ᠠᠵᠢᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃      ᠪᠠᠷᠢᠮᠵᠢᠶ᠎ᠠ ᠶᠢᠨ ᠳᠡᠯᠡᠬᠡᠶᠢᠵᠢᠯᠲᠡ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠶᠢᠨ ᠶᠡᠭᠡ ᠠᠬᠤᠢ ᠪᠠᠶᠢᠳᠠᠯ ᠳᠣᠣᠷ᠎ᠠ᠂ ᠤᠯᠠᠮ ᠠᠴᠠ ᠤᠯᠠᠮ ᠤᠯᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠠᠵᠤ ᠠᠬᠤᠶᠢᠯᠠᠯ ᠭᠠᠳᠠᠭᠠᠳᠤ ᠳᠤ ᠭᠠᠷᠴᠤ᠂ ᠨᠢᠭᠡ ᠪᠦᠰᠡ ᠨᠢᠭᠡ ᠵᠠᠮ ᠳᠠᠭᠠᠤ ᠶᠢᠨ ᠤᠯᠤᠰ ᠤᠳ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠪᠣᠯᠵᠠᠢ᠃ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠤᠯᠠᠨ ᠤᠯᠤᠰ ᠤᠨ ᠪᠠᠷᠢᠮᠵᠢᠶ᠎ᠠ ᠲᠠᠢ ᠵᠣᠯᠭᠠᠭᠤᠯᠬᠤ ᠶᠢ ᠠᠬᠢᠭᠤᠯᠵᠤ᠂ ᠤᠯᠠᠨ ᠤᠯᠤᠰ ᠤᠨ ᠪᠠᠷᠢᠮᠵᠢᠶ᠎ᠠ ᠶᠢ ᠲᠣᠭᠲᠠᠭᠠᠬᠤ ᠪᠠ ᠵᠠᠰᠠᠪᠤᠷᠢ ᠣᠷᠣᠭᠤᠯᠬᠤ ᠠᠵᠢᠯ ᠳᠤ ᠢᠳᠡᠪᠬᠢᠲᠡᠢ ᠣᠷᠣᠯᠴᠠᠵᠤ᠂ ᠳᠤᠮᠳᠠᠳᠤ ᠤᠯᠤᠰ ᠤᠨ ᠪᠠᠷᠢᠮᠵᠢᠶ᠎ᠠ ᠪᠣᠯᠣᠨ ᠨᠢᠭᠡ ᠪᠦᠰᠡ ᠨᠢᠭᠡ ᠵᠠᠮ ᠳᠠᠭᠠᠤ ᠶᠢᠨ ᠤᠯᠤᠰ ᠤᠨ ᠲᠤᠬᠠᠢ ᠶᠢᠨ ᠭᠠᠵᠠᠷ ᠤᠨ ᠪᠠᠷᠢᠮᠵᠢᠶ᠎ᠠ ᠶᠢᠨ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠪᠣᠯᠣᠨ ᠦᠷ᠎ᠡ ᠠᠰᠢᠭ ᠢ ᠪᠠᠲᠤᠯᠠᠵᠤ ᠂ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠳᠤ ᠬᠦᠴᠦᠲᠡᠢ ᠪᠠᠷᠢᠮᠵᠢᠶ᠎ᠠ ᠶᠢᠨ ᠲᠤᠯᠭᠠᠭᠤᠷᠢᠯᠠᠯ ᠬᠠᠩᠭᠠᠬᠤ ᠬᠡᠷᠡᠭᠲᠡᠢ᠃ ᠨᠡᠩ ᠤᠯᠠᠨ ᠤᠯᠤᠰ ᠤᠨ ᠳᠣᠲᠣᠭᠠᠳᠤ ᠶᠢᠨ ᠠᠵᠤ ᠠᠬᠤᠶᠢᠯᠠᠯ ᠤᠨ ᠤᠯᠠᠨ ᠤᠯᠤᠰ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠶᠢ ᠵᠣᠷᠢᠭᠵᠢᠭᠤᠯᠵᠤ᠂ ᠮᠠᠨ ᠤ ᠤᠯᠤᠰ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠳᠡᠯᠡᠬᠡᠢ ᠳᠡᠭᠡᠷᠡᠬᠢ ᠥᠷᠢᠰᠦᠯᠳᠦᠬᠦ ᠬᠦᠴᠦᠨ ᠢ ᠲᠡᠭᠡᠭᠰᠢᠯᠡᠭᠦᠯᠦᠨ᠎ᠡ᠃ ᠳᠡᠯᠡᠬᠡᠢ ᠶᠢᠨ ᠲᠡᠷᠢᠭᠦᠨ ᠤ ᠪᠠᠷᠢᠮᠵᠢᠶ᠎ᠠ ᠶᠢᠨ ᠰᠢᠰᠲ᠋ᠧᠮ ᠢ ᠭᠦᠨᠵᠡᠭᠡᠢ ᠰᠤᠳᠤᠯᠵᠤ᠂ ᠲᠡᠭᠦᠨ ᠤ ᠳᠣᠲᠣᠷᠠᠬᠢ ᠠᠰᠢᠭᠲᠠᠢ ᠲᠤᠷᠰᠢᠯᠭ᠎ᠠ ᠪᠠ ᠦᠷ᠎ᠡ ᠪᠦᠲᠦᠭᠡᠯ ᠢ ᠰᠢᠩᠭᠡᠬᠡᠨ ᠠᠪᠬᠤ ᠶᠢᠨ ᠬᠠᠮᠲᠤ ᠲᠡᠭᠦᠨ ᠢᠶᠠᠷ ᠯᠠᠪᠯᠠᠯᠲᠠ ᠪᠣᠯᠭᠠᠵᠤ᠂ ᠮᠠᠨ ᠤ ᠤᠯᠤᠰ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢᠨ ᠶᠠᠰᠤ ᠴᠢᠨᠠᠷ ᠪᠠ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃      ᠢᠨᠵᠧᠨᠧᠷᠢᠩ ᠨᠢᠭᠡᠪᠦᠷᠢ ᠨᠢ ᠴᠥᠮ ᠠᠷᠠᠳ ᠤᠯᠠᠨ ᠤ ᠪᠤᠶᠠᠨ ᠵᠢᠷᠭᠠᠯ ᠲᠠᠢ ᠬᠤᠯᠪᠣᠭᠳᠠᠵᠤ᠂ ᠪᠠᠷᠢᠮᠵᠢᠶ᠎ᠠ ᠨᠢᠭᠡᠪᠦᠷᠢ ᠨᠢ ᠴᠥᠮ ᠬᠠᠷᠢᠭᠤᠴᠠᠯᠭ᠎ᠠ ᠪᠠ ᠡᠭᠦᠷᠭᠡᠯᠡᠯ ᠢ ᠡᠭᠦᠷᠭᠡᠯᠡᠵᠦ ᠪᠠᠶᠢᠳᠠᠭ᠃ ᠡᠷᠬᠡᠪᠰᠢ ᠨᠡᠩ ᠰᠢᠨᠵᠢᠯᠡᠬᠦ ᠤᠬᠠᠭᠠᠨᠴᠢ ᠵᠣᠷᠢᠭ ᠰᠠᠨᠠᠭ᠎ᠠ ᠪᠣᠯᠣᠨ ᠨᠠᠷᠢᠨ ᠬᠢᠨᠠᠮᠠᠭᠠᠢ ᠣᠪᠣᠷ ᠢᠶᠠᠷ ᠪᠠᠷᠢᠮᠵᠢᠶᠠᠵᠢᠭᠤᠯᠬᠤ ᠣᠶᠢᠯᠠᠭᠠᠭᠳᠠᠬᠤᠨ ᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠨᠠᠷᠢᠨ ᠵᠦᠢᠯᠡᠰ ᠪᠣᠯᠭᠠᠨ ᠳᠤ ᠠᠭᠤᠰᠬᠠᠵᠤ᠂ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1