﹇ᠬᠤᠶᠠᠷ ᠬᠤᠷᠠᠯ﹈ ᠲᠣᠭᠲᠠᠬᠤ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/12/27
       12 ᠳ᠋ᠤᠭᠠᠷ ᠰᠠᠷ᠎ᠠ ᠶᠢᠨ 26  ᠤ ᠦᠳᠡ ᠶᠢᠨ ᠡᠮᠦᠨ᠎ᠡ᠂ ᠲᠣᠭᠲᠠᠬᠤ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠶᠦᠨ ᠵᠦᠩ ᠤᠨ ᠰᠣᠶᠣᠯ ᠤᠨ ᠣᠷᠳᠣᠨ ᠳᠤ ᠬᠤᠷᠠᠯᠳᠤᠪᠠ᠃
    ᠥᠨᠥᠳᠥᠷ ᠤᠨ ᠶᠦᠨ ᠵᠦᠩ ᠤᠨ ᠰᠣᠶᠣᠯ ᠤᠨ ᠣᠷᠳᠣᠨ  ᠳᠤ᠂ ᠪᠦᠬᠦ ᠰᠢᠶᠠᠨ ᠤ ᠡᠯ᠎ᠡ ᠹᠷᠣᠨᠲ ᠠᠴᠠ ᠢᠷᠡᠭᠰᠡᠨ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠡᠭᠡ ᠬᠤᠷᠠᠯ ᠳᠤ ᠣᠷᠣᠯᠴᠠᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠠᠷᠢᠭᠤᠨ ᠲᠠᠷᠬᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠨ᠎ᠡ᠃
     ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠸᠠᠩ ᠳ᠋ᠦᠩ ᠱᠧᠩ᠂ ᠰᠦᠨ ᠰᠢᠶᠦ᠋ᠨ᠂ ᠵᠠᠢ ᠱᠦ ᠵᠢᠶᠧ᠂ ᠸᠧᠨ ᠵᠢᠶᠠᠩ ᠬᠠᠢ᠂ ᠹᠠᠨ ᠷᠦᠢ ᠫᠢᠩ᠂ ᠯᠢ ᠸᠧᠨ ᠰᠢᠸ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃
     ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠬᠦ ᠪᠦᠷᠢᠯᠳᠦᠭᠦᠨ ᠪᠣᠯᠣᠨ ᠰᠢᠶᠠᠨ ᠭᠠᠵᠠᠷ ᠤᠨ ᠳᠡᠰ ᠤᠨ ᠪᠤᠰᠤᠳ ᠤᠳᠤᠷᠢᠳᠤᠯᠭ᠎ᠠ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃      ᠥᠨᠥᠳᠥᠷ ᠤᠨ ᠶᠡᠭᠡ ᠬᠤᠷᠠᠯ ᠳᠤ ᠰᠤᠯᠠ ᠣᠷᠣᠯᠴᠠᠭᠰᠠᠳ ᠲᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠠᠴᠠ ᠲᠣᠭᠲᠠᠭᠠᠭᠰᠠᠨ ᠰᠤᠯᠠ ᠣᠷᠣᠯᠴᠠᠭᠰᠠᠳ᠂ ᠤᠯᠤᠰ ᠲᠦᠷᠦ ᠶᠢᠨ ᠵᠥᠪᠯᠡᠯᠭᠡᠨ ᠤ ᠲᠤᠭᠳᠠᠬᠤ ᠰᠢᠶᠠᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠲᠠᠪᠤᠳᠤᠭᠠᠷ ᠤᠳᠠᠭᠠᠨ ᠤ ᠬᠤᠷᠠᠯᠳᠤᠭᠠᠨ ᠳᠤ ᠣᠷᠣᠯᠴᠠᠭᠰᠠᠨ ᠪᠦᠬᠦ ᠭᠡᠰᠢᠭᠦᠳ ᠪᠠ ᠰᠤᠯᠠ ᠣᠷᠣᠯᠴᠠᠭᠰᠠᠳ ᠪᠠᠶᠢᠨ᠎ᠠ
     ᠲᠤᠰ ᠤᠳᠠᠭ᠎ᠠ ᠶᠢᠨ ᠶᠡᠭᠡ ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 186 ᠬᠥᠮᠥᠨ᠂ ᠪᠣᠳᠠᠲᠠᠢ ᠣᠷᠣᠯᠴᠠᠭᠰᠠᠨ ᠲᠥᠯᠥᠭᠡᠯᠡᠭᠴᠢ 171 ᠬᠥᠮᠥᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠨ᠎ᠡ᠃
     ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠰᠢᠶᠦ᠋ᠨ ᠬᠤᠷᠠᠯ ᠢ ᠡᠷᠬᠢᠯᠡᠭᠰᠡᠨ ᠪᠥᠭᠡᠳ ᠶᠡᠭᠡ ᠬᠤᠷᠠᠯ ᠡᠬᠢᠯᠡᠭᠰᠡᠨ ᠢ ᠵᠠᠷᠯᠠᠪᠠ᠃
     ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠰᠢᠶᠠᠨ ᠤ ᠳᠠᠷᠤᠭ᠎ᠠ ᠠᠨᠳᠠ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠤᠨ ᠮᠡᠳᠡᠭᠦᠯᠦᠯᠳᠡ ᠬᠢᠪᠡ᠃      ᠮᠡᠳᠡᠭᠦᠯᠦᠯᠲᠡ ᠶᠢ ᠬᠤᠶᠠᠷ ᠬᠡᠰᠡᠭ ᠲᠤ ᠬᠤᠪᠢᠶᠠᠨ᠎ᠠ᠄ ᠨᠢᠭᠡ ᠳᠤ᠂ 2024 ᠣᠨ ᠤ ᠠᠵᠢᠯ ᠤᠨ ᠳ᠋ᠦᠩᠨᠡᠯᠲᠡ ᠂ ᠬᠤᠶᠠᠷ ᠲᠤ᠂ 2025 ᠣᠨ ᠤ ᠠᠵᠢᠯ ᠤᠨ ᠲᠣᠬᠢᠷᠠᠭᠤᠯᠤᠯᠲᠠ᠃      ᠮᠡᠳᠡᠭᠦᠯᠦᠯᠲᠡ ᠳᠤ  ᠂ 2024 ᠣᠨ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠂ ᠪᠠᠰᠠ ᠴᠤ ᠲᠣᠭᠲᠠᠬᠤ ᠰᠢᠶᠠᠨ ᠤ ᠲᠤᠶᠢᠯ ᠤᠨ ᠶᠡᠭᠡ ᠰᠢᠯᠭᠠᠯᠲᠠ᠂ ᠲᠤᠶᠢᠯ ᠤᠨ ᠶᠡᠷᠦ ᠪᠤᠰᠤ ᠶᠢᠨ ᠨᠢᠭᠡ ᠵᠢᠯ ᠮᠥᠨ᠃ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠬᠤᠷᠸ᠎ᠠ ᠶᠢᠨ ᠪᠠᠶᠢᠳᠠᠯ ᠪᠣᠯᠣᠨ ᠵᠢᠱᠢᠯᠲᠡ ᠠᠴᠠ ᠳᠠᠪᠠᠭᠰᠠᠨ ᠣᠯᠠᠨ ᠳᠠᠪᠬᠤᠷ ᠬᠦᠴᠦᠨ ᠵᠦᠢᠯ ᠤᠨ ᠳᠠᠭᠠᠷᠢᠯᠲᠠ ᠶᠢᠨ ᠡᠮᠦᠨ᠎ᠡ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠱᠤᠭᠤᠮ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ᠬᠤᠳᠠ ᠶᠢᠨ ᠨᠠᠮ ᠤᠨ ᠬᠤᠷᠢᠶ᠎ᠠ ᠶᠢᠨ ︽ᠲᠡᠷᠢᠭᠦᠨ ᠤ ᠣᠷᠣᠨ︾ ᠢ ᠪᠠᠶᠢᠭᠤᠯᠬᠤ ᠠᠵᠢᠯ ᠤᠨ ᠱᠠᠭᠠᠷᠳᠠᠯᠭ᠎ᠠ ᠪᠣᠯᠣᠨ ᠰᠢᠶᠠᠨ ᠤ ᠨᠠᠮ ᠤᠨ ᠬᠤᠷᠢᠶ᠎ᠠ ᠶᠢᠨ ᠳᠤᠷᠠᠳᠤᠭᠰᠠᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ︽ᠪᠦᠬᠦ ᠬᠤᠳᠠ ᠶᠢᠨ ᠡᠮᠦᠨ᠎ᠡ 5᠂ ᠪᠦᠬᠦ ᠣᠷᠣᠨ ᠤ ᠡᠮᠦᠨ᠎ᠡ 20︾ ᠶᠢᠨ ᠬᠥᠭᠵᠢᠯᠲᠡ ᠶᠢᠨ ᠰᠡᠳᠬᠢᠴᠡ ᠳᠤ ᠣᠷᠣᠭᠤᠯᠵᠤ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠣᠨ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠪᠦᠬᠦ ᠺᠠᠳ᠋ᠷ ᠤᠯᠠᠨ ᠲᠦᠮᠡᠨ ᠤ ᠬᠠᠮᠲᠤ ᠶᠢᠨ ᠴᠢᠷᠮᠠᠶᠢᠯᠭ᠎ᠠ ᠪᠠᠷ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠦᠴᠢᠷ ᠢ ᠲᠤᠭᠤᠯᠤᠨ ᠬᠦᠴᠢᠷ ᠢ ᠳᠠᠪᠠᠵᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠯᠠᠪᠳᠠᠭᠤᠨ ᠪᠠᠲᠤᠲᠠᠢ ᠠᠬᠢᠴᠠ ᠲᠠᠢ ᠪᠣᠯᠪᠠ᠃ ᠨᠢᠭᠡ ᠳᠤ᠂ ᠲᠦᠷᠦᠯ ᠵᠦᠢᠯ ᠢ ᠠᠳᠬᠤᠵᠤ᠂ ᠲᠣᠭᠲᠠᠭᠤᠨ ᠢᠶᠠᠷ ᠠᠵᠢᠯᠯᠠᠭᠤᠯᠬᠤ ᠶᠢ ᠪᠠᠷᠢᠮᠲᠠᠯᠠᠵᠤ᠂ ᠠᠵᠤ ᠠᠬᠤᠢ ᠶᠢᠨ ᠠᠵᠢᠯᠯᠠᠭᠠᠨ ᠢ ᠲᠣᠭᠲᠠᠭᠤᠨ ᠤ ᠳᠤᠮᠳᠠ ᠰᠠᠶᠢᠵᠢᠷᠠᠭᠤᠯᠵᠤ᠂ ᠬᠥᠭᠵᠢᠯᠲᠡ ᠶᠢᠨ ᠬᠥᠳᠡᠯᠭᠡᠬᠦ ᠬᠦᠴᠦᠨ ᠢ ᠪᠦᠬᠦ ᠲᠠᠯ᠎ᠠ ᠪᠠᠷ ᠬᠥᠭᠵᠢᠭᠡᠵᠦ᠂ ᠶᠡᠷᠦᠩᠬᠡᠶᠢᠯᠡᠭᠰᠡᠨ ᠪᠣᠳᠠᠲᠤ ᠬᠦᠴᠦᠨ ᠢ ᠲᠠᠰᠤᠷᠠᠯᠲᠠ ᠦᠭᠡᠢ ᠴᠢᠩᠭᠠᠷᠠᠭᠤᠯᠪᠠ︔ ᠬᠤᠶᠠᠷ ᠲᠤ᠂ ᠠᠵᠤ ᠦᠢᠯᠡᠰ ᠢ ᠠᠳᠬᠤᠬᠤ᠂ ᠬᠡᠯᠪᠡᠷᠢ ᠬᠤᠪᠢᠷᠠᠭᠤᠯᠬᠤ ᠶᠢ ᠠᠬᠢᠭᠤᠯᠬᠤ ᠶᠢ ᠪᠠᠷᠢᠮᠲᠠᠯᠠᠵᠤ᠂ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠠᠵᠤ ᠦᠢᠯᠡᠳᠪᠦᠷᠢ ᠶᠢᠨ ᠠᠵᠤ ᠠᠬᠤᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠴᠢᠳᠠᠪᠤᠷᠢ ᠶᠢ ᠥᠷᠭᠡᠳᠬᠡᠬᠦ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠲᠡᠰ ᠳᠡᠪᠰᠢᠬᠦ ᠶᠢ ᠪᠠᠷᠢᠮᠲᠠᠯᠠᠵᠤ᠂ ᠬᠥᠭᠵᠢᠯᠲᠡ ᠶᠢᠨ ᠶᠠᠰᠤ ᠴᠢᠨᠠᠷ ᠢ ᠲᠣᠭᠲᠠᠭᠤᠨ ᠢᠶᠠᠷ ᠲᠡᠭᠡᠭᠰᠢᠯᠡᠭᠦᠯᠪᠡ︔ ᠭᠤᠷᠪᠠ ᠳᠤ᠂ ᠰᠠᠭᠤᠷᠢ ᠶᠢ ᠴᠢᠩᠭᠠᠳᠬᠠᠬᠤ᠂ ᠲᠤᠳᠠᠭᠳᠠᠯ ᠢ ᠨᠥᠬᠦᠪᠦᠷᠢᠯᠡᠬᠦ ᠶᠢ ᠪᠠᠷᠢᠮᠲᠠᠯᠠᠵᠤ᠂ ᠰᠠᠭᠤᠷᠢ ᠲᠥᠬᠦᠭᠡᠷᠦᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠣᠷᠴᠢᠨ ᠲᠣᠭᠤᠷᠢᠨ ᠤ ᠳᠦᠷᠰᠦ ᠪᠠᠶᠢᠳᠠᠯ ᠢ ᠢᠯᠡᠳᠲᠡ ᠰᠠᠶᠢᠵᠢᠷᠠᠭᠤᠯᠵᠤ᠂ ᠬᠤᠲᠠ ᠬᠥᠳᠡᠭᠡ ᠶᠢᠨ ᠠᠭᠤᠰᠤᠯᠴᠠᠯ ᠤᠨ ᠠᠯᠬᠤᠴᠠ ᠶᠢ ᠲᠦᠷᠭᠡᠳᠬᠡᠪᠡ︔ ᠳᠥᠷᠪᠡ ᠳᠤ᠂ ᠬᠤᠷᠢᠭ᠎ᠠ ᠱᠤᠭᠤᠮ ᠢ ᠰᠠᠬᠢᠬᠤ᠂ ᠴᠡᠭᠴᠡᠯᠡᠨ ᠵᠠᠰᠠᠬᠤ ᠶᠢ ᠠᠳᠬᠤᠬᠤ ᠶᠢ ᠪᠠᠷᠢᠮᠲᠠᠯᠠᠵᠤ᠂ ᠠᠮᠢ ᠠᠬᠤᠢ ᠶᠢᠨ ᠬᠠᠯᠬᠠᠪᠴᠢ ᠶᠢ ᠦᠷᠭᠦᠯᠵᠢᠯᠡᠨ ᠪᠠᠬᠢᠵᠢᠭᠦᠯᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠬᠦᠴᠦᠲᠡᠢ ᠠᠬᠢᠭᠤᠯᠵᠤ᠂ ᠠᠮᠢ ᠠᠬᠤᠢ ᠶᠢᠨ ᠰᠠᠭᠤᠷᠢ ᠥᠩᠭᠡ ᠶᠢ ᠨᠡᠩ ᠦᠵᠡᠰᠬᠦᠯᠡᠩᠲᠦ ᠰᠠᠶᠢᠬᠠᠨ ᠪᠣᠯᠭᠠᠪᠠ︔ ᠲᠠᠪᠤ ᠳᠤ᠂ ᠠᠷᠠᠳ ᠤᠨ ᠰᠡᠳᠬᠢᠯ ᠢ ᠳᠤᠯᠠᠭᠠᠴᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠨᠡᠩ ᠬᠦᠴᠦᠲᠡᠢ ᠴᠢᠬᠤᠯᠠᠴᠢᠯᠠᠪᠠ︔ ᠨᠡᠶᠢᠭᠡᠮ ᠤᠨ ᠦᠢᠯᠡᠰ ᠪᠦᠬᠦ ᠲᠠᠯ᠎ᠠ ᠪᠠᠷ ᠳᠠᠪᠰᠢᠵᠤ᠂ ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠩᠭᠤᠢ ᠲᠣᠭᠲᠠᠭᠤᠨ ᠪᠠᠶᠢᠵᠤ᠂ ᠤᠯᠠᠨ ᠲᠦᠮᠡᠨ ᠤ ᠪᠤᠶᠠᠨ ᠵᠢᠷᠭᠠᠯ ᠦᠷᠭᠦᠯᠵᠢᠯᠡᠨ ᠨᠡᠮᠡᠭᠳᠡᠪᠡ︔ ᠵᠢᠷᠭᠤᠭ᠎ᠠ ᠳᠤ᠂ ᠦᠢᠯᠡᠴᠢᠯᠡᠭᠡ ᠶᠢ ᠰᠢᠯᠢᠳᠡᠭᠵᠢᠭᠦᠯᠬᠦ᠂ ᠰᠤᠷᠲᠠᠯ ᠢ ᠬᠤᠪᠢᠷᠠᠭᠤᠯᠬᠤ ᠶᠢ ᠪᠠᠷᠢᠮᠲᠠᠯᠠᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠦᠷᠭᠦᠯᠵᠢᠯᠡᠨ ᠴᠢᠩᠭᠠᠳᠬᠠᠪᠠ᠃ ᠡᠭᠦᠨ ᠠᠴᠠ ᠭᠠᠳᠠᠨ᠎ᠠ᠂ ᠦᠨᠳᠦᠰᠦᠲᠡᠨ ᠱᠠᠰᠢᠨ ᠰᠤᠷᠲᠠᠬᠤᠨ᠂ ᠬᠢᠨᠠᠨ ᠪᠤᠳᠤᠬᠤ ᠲᠤᠭ᠎ᠠ ᠪᠦᠷᠢᠳᠬᠡᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ᠂ ᠲᠠᠩᠰᠠ ᠡᠪᠬᠡᠮᠡᠯ ᠲᠡᠦᠬᠡ ᠲᠡᠮᠳᠡᠭᠯᠡᠯ᠂ ᠬᠠᠮ ᠵᠠᠭᠤᠴᠢᠯᠠᠭᠤᠷ᠂ ᠴᠠᠭ ᠠᠭᠤᠷ᠂ ᠬᠠᠩᠭᠠᠨ ᠪᠣᠷᠣᠯᠠᠭᠤᠯᠬᠤ᠂ ᠰᠢᠤᠳᠠᠨ᠂ ᠨᠢᠭᠤᠴᠠ ᠶᠢ ᠬᠠᠮᠠᠭᠠᠯᠠᠬᠤ ᠵᠡᠷᠭᠡ ᠠᠵᠢᠯ ᠤᠨ ᠬᠢᠷᠢ ᠲᠦᠪᠰᠢᠨ ᠢ ᠰᠢᠨ᠎ᠡ ᠪᠠᠷ ᠳᠡᠭᠡᠭᠰᠢᠯᠡᠭᠦᠯᠵᠦ᠂ ᠠᠵᠢᠯᠴᠢᠨ ᠤ ᠡᠪᠯᠡᠯ᠂ ᠡᠮᠡᠭᠲᠡᠶᠢᠴᠦᠳ ᠬᠡᠦᠬᠡᠳ᠂ ᠵᠠᠯᠠᠭᠤᠴᠤᠳ ᠪᠠᠭᠠᠴᠤᠳ᠂ ᠵᠡᠮᠳᠡᠭᠴᠦᠳ᠂ ᠤᠯᠠᠭᠠᠨ ᠵᠠᠭᠠᠯᠮᠠᠶᠢᠲᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠤᠳᠬ᠎ᠠ ᠤᠷᠠᠯᠢᠭ ᠤᠨ ᠬᠤᠯᠪᠣᠭ᠎ᠠ᠂ ᠨᠠᠰᠤᠲᠠᠶᠢᠴᠤᠳ᠂ ᠨᠢᠭᠦᠯᠡᠰᠦᠩᠭᠦᠢ ᠶᠢᠨ ᠦᠢᠯᠡᠰ ᠪᠠ ᠬᠤᠶᠢᠴᠢ ᠦᠶ᠎ᠡ ᠶᠢᠨ ᠬᠢᠨ ᠢᠶᠠᠨ ᠬᠠᠯᠠᠮᠵᠢᠯᠠᠬᠤ ᠵᠡᠷᠭᠡ ᠡᠯ᠎ᠡ ᠵᠦᠢᠯ ᠤᠨ ᠠᠵᠢᠯ ᠢ ᠰᠢᠨ᠎ᠡ ᠳᠠᠪᠰᠢᠯᠲᠠ ᠲᠠᠢ ᠪᠣᠯᠭᠠᠪᠠ ᠭᠡᠵᠦ ᠵᠢᠭᠠᠨ ᠭᠠᠷᠭᠠᠪᠠ᠃
     ᠮᠡᠳᠡᠭᠦᠯᠦᠯᠲᠡ ᠳᠤ᠂ 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠡᠴᠦᠰ ᠤᠨ ᠵᠢᠯ ᠮᠥᠨ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠦᠯᠬᠢᠨ ᠠᠬᠢᠭᠤᠯᠬᠤ ᠡᠭᠦᠷᠭᠡ ᠬᠠᠲᠠᠭᠤ ᠪᠡᠷᠬᠡ᠂ ᠬᠠᠷᠢᠭᠤᠴᠠᠯᠭ᠎ᠠ ᠬᠦᠨᠳᠦ ᠶᠡᠭᠡ ᠶᠤᠮ᠃      2025 ᠣᠨ ᠤ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂  ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠦᠷᠢᠵᠢᠭᠤᠯᠵᠦ᠂ ᠲᠣᠭᠲᠠᠭᠤᠨ ᠲᠤᠮᠳᠠ ᠤᠷᠤᠭᠰᠢᠯᠠᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠭᠦᠢᠴᠡᠳ ᠣᠨᠣᠪᠴᠢᠲᠠᠶ ᠪᠦᠬᠦ ᠲᠠᠯ᠎ᠠ ᠪᠠᠷ ᠲᠤᠤᠱᠯᠠᠭᠤᠯᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠬᠥᠳᠡᠯᠭᠡᠬᠦ ᠬᠦᠴᠦᠨ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠱᠤᠭᠤᠮ ᠪᠣᠯᠭᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠮᠢᠩᠭᠠᠨ ᠳ᠋ᠦᠩᠰᠢᠭᠤᠷ ᠤᠨ ᠲᠠᠰ ᠤᠨ ᠨᠡᠭᠡᠭᠡᠨ ᠬᠥᠭᠵᠢᠭᠦᠯᠬᠦ ᠣᠷᠣᠨ︾ ᠢ ᠪᠦᠲᠦᠭᠡᠨ ᠪᠠᠶᠢᠭᠤᠯᠬᠤ ᠪᠠᠷ ᠭᠤᠣᠯ ᠭᠠᠷᠳᠠᠴᠠ ᠪᠣᠯᠭᠠᠵᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ︽ᠪᠥᠬᠦ ᠬᠤᠲᠠ ᠶᠢᠨ ᠡᠮᠦᠨ᠎ᠡ 5᠂ ᠪᠥᠬᠦ ᠣᠷᠣᠨ ᠤ ᠡᠮᠦᠨ᠎ᠡ 20︾ ᠳᠤ ᠣᠷᠣᠭᠤᠯᠬᠤ ᠬᠠᠷᠠᠯᠲᠠ ᠶᠢ ᠦᠷᠭᠦᠯᠵᠢᠯᠡᠨ ᠠᠬᠢᠭᠤᠯᠵᠦ᠂ ᠬᠥᠭᠵᠢᠯᠲᠡ ᠶᠢᠨ ᠢᠲᠡᠭᠡᠯ ᠢᠶᠠᠨ ᠪᠠᠲᠤᠳᠬᠠᠨ᠂ ᠠᠵᠢᠯᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠬᠦᠴᠢᠷ ᠢ ᠰᠥᠷᠦᠨ ᠤᠷᠤᠭᠰᠢᠯᠠᠵᠤ᠂ ᠬᠦᠴᠦᠯᠡᠨ ᠴᠢᠷᠮᠠᠶᠢᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠰᠠᠶᠢᠨ ᠡᠬᠢᠯᠡᠯᠲᠡ ᠶᠢ ᠪᠡᠶᠡᠯᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠲᠣᠭᠲᠠᠬᠤ ᠶᠢᠨ ᠦᠢᠯᠡᠳᠦᠯᠭᠡ ᠶᠢ ᠲᠦᠯᠬᠢᠨ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ ᠭᠡᠵᠦ ᠵᠢᠭᠠᠨ ᠭᠠᠷᠭᠠᠪᠠ᠃      2025 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠪᠦᠬᠦ ᠦᠷᠲᠡᠭ ᠢ6.5% ᠣᠷᠴᠢᠮ ᠢᠶᠠᠷ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠢ 10% ᠠᠴᠠ ᠳᠡᠭᠡᠭᠰᠢ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 10% ᠪᠠᠷ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 5% ᠣᠷᠴᠢᠮ ᠢᠶᠠᠷ ᠨᠡᠮᠡᠭᠳᠡᠭᠦᠯᠵᠦ᠂ ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 7% ᠪᠠᠷ ᠨᠡᠮᠡᠭᠳᠡᠭᠦᠯᠵᠦ᠂ ᠬᠤᠳᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ 4.5% ᠣᠷᠴᠢᠮ ᠢᠶᠠᠷ ᠨᠡᠮᠡᠭᠳᠡᠭᠦᠯᠵᠦ᠂ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ 6.5% ᠣᠷᠴᠢᠮ ᠢᠶᠠᠷ ᠨᠡᠮᠡᠭᠳᠡᠭᠦᠯᠦᠨ᠎ᠡ᠃      2025 ᠣᠨ ᠳᠤ ᠳᠣᠣᠷᠠᠬᠢ ᠨᠠᠢᠮᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠢ᠄ ᠨᠢᠭᠡ ᠳᠤ᠂ ᠥᠭᠡᠷᠡᠴᠢᠯᠡᠯᠲᠡ ᠶᠢ ᠠᠳᠬᠤᠬᠤ᠂ ᠪᠡᠯᠡ ᠣᠷᠣᠭᠤᠯᠤᠯᠲᠠ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠩᠭᠢᠯᠠᠭ᠎ᠠ ᠶᠢᠨ ᠬᠦᠷᠢᠶᠡᠨ ᠤ ᠥᠭᠡᠷᠡᠴᠢᠯᠡᠯᠲᠡ ᠶᠢ ᠴᠢᠩᠭ᠎ᠠ ᠠᠳᠬᠤᠨ᠎ᠠ᠃ ᠪᠦᠲᠦᠮᠵᠢᠲᠡᠶ ᠪᠡᠯᠡ ᠣᠷᠣᠭᠤᠯᠤᠯᠲᠠ ᠶᠢ ᠬᠦᠴᠦᠯᠡᠨ ᠥᠷᠭᠡᠳᠬᠡᠨ᠎ᠡ᠃ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠪᠥᠬᠦ ᠠᠵᠤ ᠠᠬᠤᠢ ᠶᠢᠨ ᠨᠡᠮᠡᠭᠳᠡᠯ ᠤᠨ ᠬᠥᠳᠡᠯᠭᠡᠬᠦ ᠬᠦᠴᠦᠨ ᠢ ᠨᠡᠮᠡᠭᠳᠡᠭᠦᠯᠦᠨ᠎ᠡ︔ ᠬᠤᠶᠠᠷ ᠲᠤ᠂ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ᠂ ᠳᠠᠪᠠᠭᠤᠯᠢᠭ ᠢ ᠴᠢᠩᠭᠠᠳᠬᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠭᠡᠭᠡᠨ ᠬᠥᠭᠵᠢᠭᠦᠯᠦᠯᠲᠡ ᠶᠢᠨ ᠣᠷᠣᠨ ᠤ ᠳᠠᠭᠠᠭᠠᠴᠠ ᠶᠢ ᠴᠢᠩᠭᠠᠳᠬᠠᠵᠤ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠦᠨ᠎ᠡ᠃ ᠰᠢᠨ᠎ᠡ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠵᠤ᠂ ᠢᠷᠡᠭᠡᠳᠦᠢ ᠶᠢᠨ ᠠᠵᠤ ᠦᠢᠯᠡᠰ ᠢ ᠪᠦᠬᠦ ᠲᠠᠯ᠎ᠠ ᠪᠠᠷ ᠪᠠᠶᠢᠷᠢᠰᠢᠭᠤᠯᠵᠤ᠂ ᠮᠢᠩᠭᠠᠨ ᠳ᠋ᠦᠩᠰᠢᠭᠤᠷ ᠤᠨ ᠳᠡᠰ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠢ ᠪᠦᠬᠦ ᠬᠦᠴᠦᠨ ᠢᠶᠠᠷ ᠴᠣᠭᠴᠠᠯᠠᠨ᠎ᠠ︔ ᠭᠤᠷᠪᠠ ᠳᠤ᠂ ᠣᠨᠴᠠᠯᠢᠭ ᠢ ᠠᠳᠬᠤᠬᠤ ᠂ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠵᠦ᠂ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠵᠦ᠂ ᠰᠠᠭᠤᠷᠢᠰᠢᠬᠤ ᠳᠤ ᠲᠣᠬᠢᠷᠠᠮᠵᠢᠲᠠᠢ ᠠᠵᠤ ᠦᠢᠯᠡᠰ ᠪᠣᠰᠬᠠᠬᠤ ᠳᠤ ᠲᠣᠬᠢᠷᠠᠮᠵᠢᠲᠠᠢ ᠬᠥᠳᠡᠭᠡ ᠲᠣᠰᠬᠤᠨ ᠢ ᠬᠦᠴᠦᠯᠡᠨ ᠪᠠᠶᠢᠭᠤᠯᠵᠤ᠂ ᠬᠥᠳᠡᠭᠡ ᠲᠣᠰᠬᠤᠨ ᠤ ᠪᠦᠬᠦ ᠲᠠᠯ᠎ᠠ ᠶᠢᠨ ᠬᠥᠭᠵᠢᠯ ᠮᠠᠨᠳᠤᠯ ᠢ ᠪᠦᠬᠦ ᠬᠦᠴᠦᠨ ᠢᠶᠠᠷ ᠠᠬᠢᠭᠤᠯᠤᠨ᠎ᠠ︔ ᠳᠥᠷᠪᠡ ᠳᠤ᠂ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠥᠭᠵᠢᠭᠦᠯᠬᠦ᠂ ᠨᠡᠷᠡᠳᠤ ᠲᠡᠮᠳᠡᠭᠲᠦ ᠶᠢ ᠪᠣᠶᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠳᠤᠨ ᠭᠤᠣᠯ ᠤᠨ ᠰᠣᠶᠣᠯ ᠵᠢᠭᠤᠯᠴᠢᠯᠠᠯ ᠤᠨ ᠪᠦᠰᠡ ᠶᠢ ᠴᠢᠷᠮᠠᠶᠢᠨ ᠪᠤᠢ ᠪᠣᠯᠭᠠᠵᠤ᠂ ᠭᠤᠷᠪᠠᠳᠤᠭᠠᠷ ᠠᠵᠤ ᠦᠢᠯᠡᠰ ᠤᠨ ᠦᠢᠯᠡᠴᠢᠯᠡᠭᠡᠨ ᠤ ᠦᠢᠯᠡᠰ ᠢ ᠬᠦᠴᠦᠯᠡᠨ ᠪᠣᠶᠢᠵᠢᠭᠤᠯᠤᠨ ᠪᠤᠵᠠᠭᠠᠶᠢᠷᠠᠭᠤᠯᠤᠨ᠎ᠠ᠃ ᠤᠯᠤᠰ ᠤᠨ ᠲᠠᠰ ᠤᠨ ᠵᠢᠭᠤᠯᠴᠢᠯᠠᠯ ᠠᠮᠠᠷᠠᠯᠲᠠ ᠶᠢᠨ ᠣᠷᠣᠨ ᠳᠠᠰᠢ ᠪᠥᠬᠦ ᠬᠦᠴᠦᠨ ᠢᠶᠠᠷ ᠢᠶᠠᠨ ᠤᠷᠤᠭᠰᠢᠯᠠᠨ᠎ᠠ︔ ᠲᠠᠪᠤ ᠳᠤ᠂ ᠬᠠᠮᠠᠭᠠᠯᠠᠯᠲᠠ ᠶᠢ ᠠᠳᠬᠤᠬᠤ᠂ ᠵᠠᠰᠠᠬᠤ ᠶᠢ ᠴᠢᠬᠤᠯᠠᠴᠢᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠶᠢ ᠭᠦᠨᠵᠡᠭᠡᠢ ᠠᠬᠢᠭᠤᠯᠵᠤ᠂ ᠦᠵᠡᠰᠬᠦᠯᠡᠩᠲᠦ ᠰᠠᠶᠢᠬᠠᠨ ᠲᠣᠭᠲᠠᠬᠤ ᠶᠢ ᠪᠦᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠤᠨ᠎ᠠ︔ ᠵᠢᠷᠭᠤᠭ᠎ᠠ ᠳᠤ᠂ ᠠᠷᠠᠳ ᠤᠨ ᠠᠮᠢᠳᠤᠷᠠᠯ ᠢ ᠪᠠᠲᠤᠯᠠᠬᠤ᠂ ᠪᠤᠶᠠᠨ ᠵᠢᠷᠭᠠᠯ ᠢ ᠨᠡᠮᠡᠭᠳᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠳᠠ ᠬᠥᠳᠡᠭᠡ ᠶᠢᠨ ᠰᠠᠭᠤᠷᠢ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠦᠨᠳᠦᠰᠦᠨ ᠠᠷᠠᠳ ᠤᠨ ᠠᠮᠢᠳᠤᠷᠠᠯ ᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠵᠣᠯ ᠵᠢᠷᠭᠠᠯᠲᠤ ᠲᠣᠭᠲᠠᠬᠤ ᠶᠢ ᠪᠦᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠤᠨ᠎ᠠ︔ ᠲᠤᠯᠤᠭ᠎ᠠ ᠳᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠢ ᠪᠠᠲᠤᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠤᠷ ᠠᠮᠤᠭᠤᠯᠠᠩ ᠲᠣᠭᠲᠠᠬᠤ ᠶᠢ ᠪᠦᠬᠦ ᠬᠦᠴᠦᠨ ᠢᠶᠠᠷ ᠢᠶᠠᠨ ᠪᠠᠶᠢᠭᠤᠯᠤᠨ᠎ᠠ︔ ᠨᠠᠢᠮᠠ ᠳᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠨᠠᠶᠢᠳᠠᠪᠤᠷᠢᠵᠢᠭᠤᠯᠤᠯᠲᠠ ᠶᠢ ᠠᠳᠬᠤᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠲᠤ ᠴᠢᠩᠭ᠎ᠠ ᠤᠯᠤᠰ ᠲᠦᠷᠦ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠲᠦᠪᠰᠢᠨ ᠢ ᠳᠡᠭᠡᠭᠰᠢᠯᠡᠭᠦᠯᠵᠦ᠂ ᠪᠣᠳᠠᠲᠠᠢ ᠶᠢ ᠡᠷᠬᠢᠮᠯᠡᠭᠰᠡᠨ ᠥᠨᠳᠥᠷ ᠪᠦᠲᠦᠮᠵᠢᠲᠡᠢ ᠰᠤᠷᠲᠠᠯ ᠢ ᠪᠠᠳᠠᠷᠠᠭᠤᠯᠵᠤ᠂ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠬᠢᠴᠢᠶᠡᠩᠭᠦᠶᠢᠯᠡᠨ ᠰᠠᠬᠢᠵᠤ᠂ ᠠᠷᠢᠭᠤᠨ ᠴᠢᠬᠡᠴᠢ ᠪᠠᠷ ᠨᠡᠶᠢᠲᠡ ᠶᠢᠨ ᠲᠥᠯᠥᠭᠡ ᠵᠢᠳᠬᠦᠬᠦ ᠣᠣᠷ ᠴᠢᠨᠠᠷ ᠢᠶᠠᠨ ᠡᠭᠦᠷᠢᠳᠡ ᠬᠠᠳᠠᠭᠠᠯᠠᠵᠤ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠎ᠠ᠃
     ᠶᠡᠭᠡ ᠬᠤᠷᠠᠯ ᠤᠨ ᠵᠥᠪᠯᠡᠬᠦ ᠵᠦᠢᠯ ᠢ ᠦᠨᠳᠦᠰᠦᠯᠡᠨ᠂ ᠶᠡᠭᠡ ᠬᠤᠷᠠᠯ ᠠᠴᠠ ︽ᠲᠣᠭᠲᠠᠬᠤ ᠰᠢᠶᠠᠨ ᠤ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ ᠬᠢᠭᠡᠳ 2025 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠥᠯ ᠤᠨ ᠮᠡᠳᠡᠭᠦᠯᠦᠯᠲᠡ︾᠂ ︽ᠲᠣᠭᠲᠠᠬᠤ ᠰᠢᠶᠠᠨ ᠤ 2024 ᠣᠨ ᠤ ᠡᠳ᠋ ᠤᠨ ᠵᠠᠰᠠᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠪᠠ 2025 ᠣᠨ ᠤ ᠡᠳ᠋ ᠤᠨ ᠵᠠᠰᠠᠭ ᠤᠨ ᠲᠥᠰᠥᠪ ᠤᠨ ᠲᠥᠰᠥᠯ ᠤᠨ ᠮᠡᠳᠡᠭᠦᠯᠦᠯᠲᠡ︾ ᠶᠢ ᠬᠢᠨᠠᠨ ᠪᠠᠶᠢᠴᠠᠭᠠᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠵᠢᠶᠣᠣ ᠴᠢᠶᠠᠨ ︽2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠦᠢᠯᠡᠰ ᠢ ᠪᠡᠶᠡᠯᠡᠭᠦᠯᠦᠭᠰᠡᠨ ᠪᠠᠶᠢᠳᠠᠯ ᠪᠠ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠴᠢ ᠵᠦᠢᠯᠡᠰ ᠤᠨ ᠪᠦᠷᠢᠯᠳᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ︾ ᠬᠢᠪᠡ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1