﹇ᠬᠤᠶᠠᠷ ᠬᠤᠷᠠᠯ﹈ ᠤᠯᠤᠰ ᠲᠦᠷᠦ ᠶᠢᠨ ᠵᠥᠪᠯᠡᠯᠭᠡᠨ ᠤ ᠲᠣᠭᠲᠠᠬᠤ ᠰᠢᠶᠠᠨ ᠤ ᠠᠷᠪᠠᠳᠤᠭᠠᠷ ᠬᠤᠭᠤᠴᠠᠭᠠᠨ ᠤ ᠲᠠᠪᠤᠳᠤᠭᠠᠷ ᠤᠳᠠᠭᠠᠨ ᠤ ᠬᠤᠷᠠᠯᠳᠤᠭᠠᠨ ᠢᠯᠠᠯᠲᠠ ᠲᠠᠢ ᠪᠠᠷ ᠲᠡᠭᠦᠰᠪᠡ
ᠨᠡᠶᠢᠲᠡᠯᠡᠭᠰᠡᠨ ᠴᠠᠭ᠄
2024/12/30
      12 ᠳ᠋ᠤᠭᠠᠷ ᠰᠠᠷ᠎ᠠ ᠶᠢᠨ 27 ᠤ ᠡᠳᠦᠷ ᠤᠨ ᠦᠳᠡ ᠶᠢᠨ ᠡᠮᠦᠨ᠎ᠡ᠂ ᠤᠯᠤᠰ ᠲᠥᠷᠥ ᠶᠢᠨ ᠵᠥᠪᠯᠡᠯᠭᠡᠨ ᠤ ᠲᠣᠭᠲᠠᠬᠤ ᠰᠢᠶᠠᠨ ᠤ ᠠᠷᠪᠠᠳᠤᠭᠠᠷ ᠬᠤᠭᠤᠴᠠᠭᠠᠨ ᠤ ᠲᠠᠪᠤᠳᠤᠭᠠᠷ ᠤᠳᠠᠭᠠᠨ ᠤ ᠬᠤᠷᠠᠯᠳᠤᠭᠠᠨ ᠡᠯ᠎ᠡ ᠵᠥᠪᠯᠡᠬᠦ ᠵᠦᠢᠯᠡᠰ ᠢᠶᠠᠨ ᠲᠡᠭᠦᠰ ᠠᠮᠵᠢᠯᠲᠠ ᠲᠠᠢ ᠳᠠᠭᠤᠰᠬᠠᠵᠤ᠂ ᠶᠦᠨ ᠵᠦᠩ ᠰᠣᠶᠣᠯ ᠤᠨ ᠣᠷᠳᠣᠨ ᠳᠤ ᠢᠯᠠᠯᠲᠠ ᠲᠠᠢ ᠪᠠᠷ ᠲᠡᠭᠦᠰᠪᠡ᠃      ᠲᠣᠰ ᠤᠳᠠᠭᠠᠨ ᠤ ᠬᠤᠷᠠᠯᠳᠤᠭᠠᠨ ᠳᠤ ᠣᠷᠣᠯᠴᠠᠬᠤ ᠶᠣᠰᠣᠲᠠᠢ ᠭᠡᠰᠢᠭᠦᠨ 158 ᠬᠥᠮᠥᠨ᠂ ᠪᠣᠳᠠᠲᠠᠢ ᠣᠷᠣᠯᠴᠠᠭᠰᠠᠨ ᠭᠡᠰᠢᠭᠦᠨ 139 ᠬᠥᠮᠥᠨ ᠪᠠᠶᠢᠵᠤ᠂ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠵᠦ ᠪᠠᠶᠢᠨ᠎ᠠ᠃
     ᠶᠡᠭᠡ ᠬᠤᠷᠠᠯ ᠢ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠦ ᠹᠧᠢ ᠡᠷᠭᠢᠯᠡᠪᠡ᠃      ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠳ᠋ᠦᠩ ᠱᠧᠩ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠰᠢᠶᠦ᠋ᠨ ᠤᠷᠢᠯᠭ᠎ᠠ ᠪᠠᠷ ᠬᠤᠷᠠᠯ ᠳᠤ ᠣᠷᠣᠯᠴᠠᠭᠰᠠᠨ ᠪᠥᠭᠡᠳ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃      ᠰᠢᠶᠠᠨ ᠭᠠᠵᠠᠷ ᠤᠨ ᠲᠡᠰ ᠤᠨ ᠪᠤᠰᠤᠳ ᠤᠳᠤᠷᠢᠳᠤᠯᠭ᠎ᠠ ᠬᠤᠷᠠᠯ ᠳᠤ ᠣᠷᠣᠯᠴᠠᠭᠰᠠᠨ ᠪᠥᠭᠡᠳ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃
     ᠰᠢᠶᠠᠨ ᠤ ᠬᠡᠰᠡᠭ ᠬᠡᠯᠳᠡᠰ᠂ ᠵᠥᠪᠯᠡᠯ᠂ ᠠᠯᠪᠠᠨ ᠭᠡᠷ᠂ ᠲᠣᠪᠴᠢᠶ᠎ᠠ᠂ ᠲᠣᠭᠲᠠᠬᠤ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ᠂ ᠠᠷᠠᠳ ᠤᠨ ᠪᠦᠯᠬᠦᠮ᠂ ᠲᠣᠭᠲᠠᠬᠤ ᠨᠢᠭᠡᠴᠡ ᠶᠢᠨ ᠬᠠᠷᠢᠭᠤᠴᠠᠯᠭᠠᠲᠠᠨ᠂ ᠬᠡᠰᠡᠭ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃      ᠶᠡᠭᠡ ᠬᠤᠷᠠᠯ ᠠᠴᠠ ᠤᠯᠤᠰ ᠲᠦᠷᠦ ᠶᠢᠨ ᠵᠥᠪᠯᠡᠯᠭᠡᠨ ᠤ ᠲᠣᠭᠲᠠᠬᠤ ᠰᠢᠶᠠᠨ ᠤ ᠠᠷᠪᠠᠳᠤᠭᠠᠷ ᠬᠤᠭᠤᠴᠠᠭᠠᠨ ᠤ ᠲᠠᠪᠤᠳᠤᠭᠠᠷ ᠤᠳᠠᠭᠠᠨ ᠤ ᠬᠤᠷᠠᠯᠳᠤᠭᠠᠨ ᠤ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠪᠠᠲᠤᠯᠠᠵᠤ᠂ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠤᠨ ᠲᠤᠬᠠᠢ ᠰᠢᠢᠳᠪᠦᠷᠢ᠂ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ ᠰᠠᠨᠠᠯ ᠵᠥᠪᠯᠡᠯᠭᠡ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠶᠢᠨ ᠰᠢᠢᠳᠪᠦᠷᠢ᠂ ᠤᠯᠤᠰ ᠲᠦᠷᠦ ᠶᠢᠨ ᠵᠥᠪᠯᠡᠯᠭᠡᠨ ᠤ ᠲᠣᠭᠲᠠᠬᠤ ᠰᠢᠶᠠᠨ ᠤ ᠠᠷᠪᠠᠳᠤᠭᠠᠷ ᠬᠤᠭᠤᠴᠠᠭᠠᠨ ᠤ ᠲᠠᠪᠤᠳᠤᠭᠠᠷ ᠤᠳᠠᠭᠠᠨ ᠤ ᠬᠤᠷᠠᠯᠳᠤᠭᠠᠨ ᠤ ᠤᠯᠤᠰ ᠲᠦᠷᠦ ᠶᠢᠨ ᠰᠢᠢᠳᠪᠦᠷᠢ ᠶᠢ ᠪᠠᠲᠤᠯᠠᠪᠠ᠃
     ᠶᠡᠭᠡ ᠬᠤᠷᠠᠯ ᠤᠨ ᠡᠴᠦᠰ ᠲᠤ᠂ ᠸᠠᠩ ᠮᠢᠩ ᠲᠡᠭᠦᠰᠬᠦ ᠶᠠᠷᠢᠶ᠎ᠠ ᠲᠠᠯᠪᠢᠪᠠ᠃ ᠸᠠᠩ ᠮᠢᠩ᠂ ᠡᠨᠡ ᠤᠳᠠᠭ᠎ᠠ ᠶᠢᠨ ᠬᠤᠷᠠᠯ ᠪᠣᠯ ᠪᠦᠬᠦ ᠰᠢᠶᠠᠨ ᠤ ᠳᠡᠭᠡᠳᠦ ᠳᠣᠣᠷᠠᠳᠤ ᠱᠠᠲᠤ ᠪᠠᠷ ᠢᠶᠠᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠮᠠᠨ ᠤ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠲᠠᠰᠢᠷᠠᠮ ᠳᠤ ᠬᠤᠷᠠᠯᠳᠤᠭᠰᠠᠨ ᠨᠢᠭᠡ ᠤᠳᠠᠭ᠎ᠠ ᠶᠢᠨ ᠬᠤᠷᠠᠯ ᠪᠣᠯᠣᠨ᠎ᠠ᠃ ᠬᠤᠷᠠᠯ ᠤᠨ ᠬᠤᠭᠤᠴᠠᠭᠠᠨ ᠳᠤ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠾᠧ ᠶᠠᠩ ᠨᠥᠬᠦᠷ ᠰᠢᠶᠠᠨ ᠤ ᠨᠠᠮ ᠤᠨ ᠬᠤᠷᠢᠶ᠎ᠠ ᠶᠢ ᠲᠥᠯᠥᠭᠡᠯᠡᠨ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠲᠤ ᠠᠵᠢᠯ ᠤᠨ ᠱᠠᠭᠠᠷᠳᠠᠯᠭ᠎ᠠ ᠳᠤᠷᠠᠳᠴᠤ᠂ ᠬᠤᠷᠠᠯ ᠠᠴᠠ 2024 ᠣᠨ ᠤ ᠠᠵᠢᠯ ᠢ ᠳ᠋ᠦᠩᠨᠡᠵᠦ᠂ 2025 ᠣᠨ ᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠰᠣᠩᠭᠤᠭᠤᠯᠢ ᠶᠢ ᠤᠷᠤᠭᠰᠢᠲᠠᠢ ᠪᠡᠶᠡᠯᠡᠭᠦᠯᠵᠦ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠪᠠᠭ ᠢ ᠲᠡᠭᠦᠯᠳᠡᠷᠵᠢᠭᠦᠯᠵᠦ᠂ ᠪᠦᠬᠦ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠡᠯ᠎ᠡ ᠵᠦᠢᠯ ᠤᠨ ᠮᠡᠳᠡᠭᠦᠯᠦᠯᠲᠡ ᠶᠢ ᠨᠠᠷᠢᠨ ᠬᠢᠨᠠᠮᠠᠭᠠᠢ ᠬᠢᠨᠠᠨ ᠵᠥᠪᠯᠡᠵᠦ ᠶᠠᠷᠢᠯᠴᠠᠨ᠂ ᠰᠠᠨᠠᠯ ᠳᠤᠷᠠᠳᠤᠯᠭ᠎ᠠ ᠪᠢᠴᠢᠬᠦ᠂ ᠳᠤᠭᠤᠶᠢᠯᠠᠩ ᠬᠤᠪᠢᠶᠠᠨ ᠶᠠᠷᠢᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠭᠦᠨᠵᠡᠭᠡᠢ ᠵᠥᠪᠳᠡᠯᠴᠡᠨ ᠵᠠᠰᠠᠭ ᠤᠨ ᠶᠠᠪᠤᠳᠠᠯ ᠢ ᠵᠥᠪᠯᠡᠵᠦ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠬᠥᠭᠵᠢᠯᠲᠡ ᠶᠢ ᠪᠤᠳᠤᠬᠤ᠂ ᠠᠷᠠᠳ ᠤᠨ ᠠᠮᠢᠳᠤᠷᠠᠯ ᠳᠤ ᠰᠡᠳᠬᠢᠯ ᠲᠠᠯᠪᠢᠬᠤ ᠴᠢᠩ ᠦᠨᠡᠨᠴᠢ ᠬᠠᠶᠢᠷ᠎ᠠ ᠰᠡᠳᠬᠢᠯᠭᠡ ᠪᠠ ᠴᠤᠭ ᠪᠠᠳᠠᠷᠠᠩᠭᠤᠢ ᠥᠭᠡᠳᠡᠯᠡᠨ ᠲᠠᠪᠰᠢᠬᠤ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠤᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠪᠡ᠃
     ᠸᠠᠩ ᠮᠢᠩ᠂ 2024 ᠣᠨ ᠢ ᠡᠷᠭᠢᠴᠡᠭᠦᠯᠬᠦ ᠳᠤ᠂ ᠪᠢᠳᠡᠨ ᠤ ᠠᠯᠬᠤᠭ᠎ᠠ ᠪᠦᠷᠢᠨ ᠭᠦᠢᠴᠡᠳ ᠤᠯᠠᠨ ᠲᠦᠮᠡᠨ ᠲᠠᠢ ᠣᠶᠢᠷᠠᠲᠤᠵᠤ᠂ ᠯᠠᠪᠳᠠᠭᠤᠨ ᠪᠠᠲᠤᠲᠠᠢ ᠪᠥᠭᠡᠳ ᠬᠦᠴᠦᠨ ᠲᠠᠢ ᠪᠣᠯᠵᠠᠢ᠃ 2025 ᠣᠨ ᠢ ᠪᠠᠷᠠᠯᠠᠬᠤᠶ᠎ᠠ᠂ ᠪᠢᠳᠠ ᠦᠷᠭᠦᠯᠵᠢᠯᠡᠨ ᠤᠭ ᠰᠠᠨᠠᠭ᠎ᠠ ᠪᠠᠨ ᠪᠠᠷᠢᠮᠲᠠᠯᠠᠵᠤ᠂ ᠰᠢᠶᠠᠨ ᠤ ᠨᠠᠮ ᠤᠨ ᠬᠤᠷᠢᠶ᠎ᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠨᠠᠢᠮᠠᠳᠤᠭᠠᠷ ᠪᠦᠬᠦᠳᠠ ᠬᠤᠷᠠᠯ ᠤᠨ ᠲᠣᠭᠲᠠᠭᠠᠭᠰᠠᠨ ᠬᠠᠷᠠᠯᠲᠠ ᠡᠭᠦᠷᠭᠡ ᠶᠢᠨ ᠲᠣᠭᠤᠷᠢᠨ ᠳᠤ᠂ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠪᠦᠬᠦ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ᠃ ᠨᠢᠭᠡ ᠳᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠢᠳᠡᠪᠬᠢ ᠬᠦᠴᠦᠨ ᠢ ᠨᠢᠭᠳᠠᠷᠠᠭᠤᠯᠤᠨ᠎ᠠ︔ ᠬᠤᠶᠠᠷ ᠲᠤ᠂ ᠶᠡᠭᠡ ᠲᠠᠯ᠎ᠠ ᠳᠤ ᠦᠢᠯᠡᠴᠢᠯᠡᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠠᠭ ᠦᠶ᠎ᠡ ᠶᠢᠨ ᠬᠠᠷᠢᠭᠤᠴᠠᠯᠭ᠎ᠠ ᠶᠢ ᠢᠯᠡᠷᠡᠭᠦᠯᠦᠨ᠎ᠡ︔ ᠭᠤᠷᠪᠠ ᠳᠤ᠂ ᠠᠷᠠᠳ ᠤᠨ ᠲᠥᠯᠥᠭᠡ ᠭᠡᠬᠦ ᠬᠠᠶᠢᠷ᠎ᠠ ᠰᠡᠳᠬᠢᠯᠭᠡ ᠶᠢ ᠵᠤᠵᠠᠭᠠᠳᠬᠠᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠰᠠᠶᠢᠵᠢᠷᠠᠭᠤᠯᠬᠤ ᠳᠤ ᠦᠷᠭᠦᠯᠵᠢᠯᠡᠨ ᠬᠦᠴᠦ ᠨᠡᠮᠡᠷᠢᠯᠡᠨ᠎ᠡ︔ ᠳᠥᠷᠪᠡ ᠳᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠪᠣᠳᠠᠲᠠᠢ ᠶᠢ ᠡᠷᠬᠢᠮᠯᠡᠨ ᠦᠨᠡᠨᠴᠢ ᠰᠢᠳᠤᠷᠭᠤ ᠪᠠᠷ ᠠᠵᠢᠯᠯᠠᠬᠤ ᠰᠠᠶᠢᠨ ᠰᠠᠶᠢᠬᠠᠨ ᠳᠦᠷᠢ ᠲᠥᠷᠬᠦ ᠶᠢ  ᠢᠯᠡᠷᠡᠭᠦᠯᠦᠨ᠎ᠡ᠃
     ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠦᠨᠳᠦᠷᠯᠡᠪᠡ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1